ᠦᠶᠡᠷ ᠤᠨ ᠬᠤᠭᠤᠴᠠᠭᠠᠨ ᠤ ᠰᠢᠷᠦᠭᠦᠨ ᠪᠣᠷᠣᠭᠠᠨ ᠤ ᠴᠠᠭ ᠠᠭᠤᠷ ᠢ ᠪᠦᠲᠦᠮᠵᠢᠲᠡᠶ ᠠᠷᠭᠠᠴᠠᠵᠤ᠂ ᠬᠠᠷᠢᠶᠠᠲᠤ | ᠣᠷᠣᠨ ᠤ ᠰᠠᠭᠤᠭᠠᠯᠢ ᠠᠷᠠᠳ ᠤᠨ ᠠᠮᠢ ᠨᠠᠰᠤᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠶᠢᠨ | ᠲᠥᠯᠥᠭᠡ᠂ ᠸᠠᠨ ᠵᠢᠶᠦ᠋ᠨ ᠨᠡᠶᠢᠭᠡᠮ ᠲᠣᠭᠤᠷᠢᠭ ᠤᠨ ᠬᠢᠨ ᠬᠠᠷᠢᠶᠠᠲᠤ ᠣᠷᠣᠨ ᠤ ᠠᠳᠠᠯ ᠠᠬᠤᠢ ᠲᠠᠢ ᠬᠤᠯᠪᠤᠭᠠᠯᠠᠨ | ᠦᠶᠡᠷ ᠤᠨ ᠬᠤᠭᠤᠴᠠᠭᠠᠨ ᠤ ᠠᠮᠤᠷ ᠲᠦᠪᠰᠢᠨ ᠤ ᠳᠠᠯᠳᠠ ᠬᠡᠮ ᠢ ᠪᠠᠶᠢᠴᠠᠭᠠᠬᠤ ᠬᠡᠪ ᠦᠨᠠᠵᠢᠯ ᠢ ᠦᠷᠨᠢᠭᠦᠯᠪᠡ᠃ | ᠨᠡᠶᠢᠭᠡᠮ ᠲᠣᠭᠤᠷᠢᠭ ᠨᠢ ᠲᠣᠥᠷᠵᠢᠭᠤᠯᠤᠭᠰᠠᠨ ᠬᠠᠮᠢᠶᠠᠷᠤᠯᠲᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ | ᠡᠷᠦᠬᠡ ᠳᠤ ᠬᠦᠷᠴᠦ ᠰᠤᠷᠪᠤᠯᠵᠢᠯᠠᠨ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠬᠠᠷᠢᠶᠠᠲᠤ ᠣᠷᠣᠨ ᠤ | ᠳᠣᠲᠣᠷᠠᠬᠢ ᠬᠠᠭᠤᠴᠢᠨ ᠲᠣᠭᠤᠷᠢᠭ᠂ ᠬᠤᠲᠣᠭᠤᠷ ᠭᠠᠵᠠᠷ᠂ ᠠᠮᠠᠷᠬᠠᠨ ᠲᠦᠭᠵᠢᠷᠡᠵᠦ ᠤᠰᠤᠲᠤᠬᠤ ᠭᠠᠵᠠᠷ ᠲᠤ | ᠭᠤᠣᠯᠳᠠᠯᠭ᠎ᠠ ᠲᠠᠢ ᠪᠠᠷ ᠵᠢᠭᠰᠠᠭᠠᠨ ᠪᠠᠶᠢᠴᠠᠭᠠᠯᠲᠠ ᠪᠠ ᠲᠡᠮᠲᠡᠭᠯᠡᠯ ᠬᠢᠪᠡ᠃ ᠣᠯᠠᠨ ᠲᠦᠮᠡᠨ ᠤ ᠦᠶᠡᠷ ᠤᠨ | ᠬᠤᠭᠤᠴᠠᠭᠠᠨ ᠤ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ | ᠰᠦᠯᠵᠢᠶᠡᠨ ᠤ ᠠᠵᠢᠯᠲᠠᠨ ᠪᠠᠰᠠ ᠰᠠᠭᠤᠭᠠᠯᠢ ᠠᠷᠠᠳ ᠤᠨ ᠸᠢᠴᠠᠲ ᠤᠨ ᠪᠦᠯᠦᠭ ᠢ ᠠᠰᠢᠭᠯᠠᠨ ᠦᠶᠡᠷ ᠢ ᠰᠡᠷᠭᠡᠶᠢᠯᠡᠬᠦ | ᠠᠮᠤᠷ ᠲᠦᠪᠰᠢᠨ ᠪᠠ ᠴᠠᠬᠢᠯᠭᠠᠨ ᠬᠡᠷᠡᠭᠯᠡᠬᠦ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠠᠵᠢᠯ ᠢ ᠬᠢᠵᠦ | ᠪᠠᠶᠢᠨ᠎ᠠ᠃ ᠡᠭᠦᠨ ᠤ ᠬᠠᠮᠲᠤ᠂ ᠨᠡᠶᠢᠭᠡᠮ ᠲᠣᠭᠤᠷᠢᠭ ᠤᠨ ᠬᠢᠨ ᠦᠶᠡᠷ ᠢ ᠰᠡᠷᠭᠡᠶᠢᠯᠡᠬᠦ ᠠᠷᠭ᠎ᠠ ᠬᠡᠮᠵᠢᠶ᠎ᠡ ᠪᠠ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠵᠤ᠂ ᠦᠶᠡᠷ ᠤᠨ ᠬᠤᠭᠤᠴᠠᠭᠠᠨ ᠳᠤ 24 | ᠴᠠᠭ ᠢᠶᠠᠷ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠴᠢᠮᠡᠭᠡ ᠬᠤᠯᠪᠣᠭ᠎ᠠ ᠶᠢᠨ ᠰᠠᠭᠠᠳ | ᠦᠭᠡᠢ ᠨᠡᠪᠲᠡᠷᠡᠬᠦ ᠶᠢ ᠪᠠᠲᠤᠯᠠᠵᠤ᠂ ᠭᠡᠨᠡᠳᠲᠡ ᠶᠢᠨ ᠬᠡᠷᠡᠭ ᠡᠭᠦᠰᠪᠡᠯ᠂ ᠲᠡᠷᠡ ᠳᠠᠷᠤᠢ ᠳᠤᠨᠢ ᠬᠦᠴᠦᠨ ᠢᠶᠠᠨ ᠵᠣᠬᠢᠶᠠᠨ | ᠪᠠᠶᠢᠭᠤᠯᠵᠤ᠂ ᠲᠣᠬᠢᠲᠠᠢ ᠰᠢᠢᠳᠪᠦᠷᠢᠯᠡᠨ᠂ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠬᠤᠬᠢᠷᠠᠯ ᠢ | ᠪᠠᠭᠠᠰᠬᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ |