ᠴᠢᠩᠱᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠵᠦᠪᠯᠡᠯ ᠤᠨ ︽ᠫᠠᠶᠢᠰᠠ ᠡᠯᠭᠦᠭᠦ ᠶᠣᠰᠣᠯᠠᠯ︾ ᠡᠷᠭᠢᠯᠡᠪᠡ
ᠨᠡᠶᠢᠲᠡᠯᠡᠭᠰᠡᠨ ᠴᠠᠭ᠄
2022/8/16
     8 ᠰᠠᠷ᠎ᠠ ᠶᠢᠨ 12 ᠤ ᠡᠳᠦᠷ ᠤᠨ ᠦᠳᠡ ᠶᠢᠨ ᠡᠮᠦᠨ᠎ᠡ᠂ ᠴᠢᠩᠱᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠵᠦᠪᠯᠡᠯ ᠤᠨ ᠫᠠᠶᠢᠰᠠ ᠡᠯᠭᠦᠭᠦ ᠶᠣᠰᠣᠯᠠᠯ ᠨᠢ ᠬᠤᠰᠢᠭᠤᠴᠢ ᠵᠠᠮ ᠤᠨ ᠵᠡᠭᠡᠯᠢ ᠭᠤᠳᠤᠮᠵᠢ ᠳᠤ ᠶᠠᠪᠤᠭᠳᠠᠪᠠ᠃ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠮᠠ ᠴᠢᠤᠸᠠᠨ ᠸᠠᠩ᠂ ᠳᠡᠳ᠋ ᠲᠡᠷᠢᠭᠦᠯᠡᠭᠴᠢ ᠯᠢ ᠾᠧᠩ᠂ ᠬᠤᠶᠠᠭ᠂ ᠵᠠᠩ ᠯᠢ ᠬᠤᠩ᠂ ᠬᠤᠰᠢᠭᠤᠴᠢ ᠵᠠᠮ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠵᠦᠪᠯᠡᠯ ᠤᠨ ᠪᠦᠷᠢᠯᠳᠦᠭᠦᠨ᠂ ᠬᠤᠰᠢᠭᠤᠴᠢ ᠵᠠᠮ ᠤᠨ ︽ᠭᠡᠰᠢᠭᠦᠨ ᠨᠡᠶᠢᠭᠡᠮ ᠲᠣᠭᠤᠷᠢᠭ ᠲᠤ ᠣᠷᠣᠬᠤ︾ ᠠᠵᠢᠯᠯᠠᠭ᠎ᠠ ᠶᠢᠨ ᠳᠤᠭᠤᠶᠢᠯᠠᠩ ᠤᠨ ᠪᠦᠷᠢᠯᠳᠦᠭᠦᠨ ᠪᠠ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠡᠯ᠎ᠡ ᠵᠥᠪᠯᠡᠯ ᠤᠨ ᠠᠯᠪᠠᠨ ᠭᠡᠷ ᠤᠨ ᠡᠷᠬᠢᠯᠡᠭᠴᠢ ᠫᠠᠶᠢᠰᠠ ᠡᠯᠭᠦᠭᠦ ᠶᠣᠰᠣᠯᠠᠯ ᠳᠤ ᠣᠷᠣᠯᠴᠠᠪᠠ᠃      ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠮᠠ ᠴᠢᠤᠸᠠᠨ ᠸᠠᠩ᠂ ᠬᠤᠰᠢᠭᠤᠴᠢ ᠵᠠᠮ  ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠵᠦᠪᠯᠡᠯ ᠤᠨ ᠳᠡᠳ᠋ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠵᠦᠪᠯᠡᠯ ᠤᠨ ᠡᠷᠬᠢᠯᠡᠭᠴᠢ ᠸᠠᠩ ᠳ᠋ᠦᠩ ᠪᠥᠸᠧ ᠬᠠᠮᠲᠤᠪᠠᠷ ᠬᠤᠰᠢᠭᠤᠴᠢ ᠵᠠᠮ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠵᠥᠪᠯᠡᠯ ᠤᠨ ᠫᠠᠶᠢᠰᠠ ᠶᠢ ᠡᠯᠭᠦᠪᠡ᠃      ᠴᠢᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠨᠡᠶᠢᠲᠡᠯᠡᠭᠰᠡᠨ ︽︿ᠠᠷᠠᠳ ᠤᠨ ᠲᠥᠯᠥᠭᠡ ᠵᠥᠪᠯᠡᠬᠦ﹀ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠲᠥᠷᠥ ᠶᠢᠨ ᠵᠥᠪᠯᠡᠯᠭᠡᠨ ᠤ ᠵᠥᠪᠯᠡᠯᠭᠡ ᠪᠠ ᠦᠨᠳᠦᠰᠦᠨ ᠱᠠᠲᠤᠨ ᠤ ᠵᠥᠪᠯᠡᠯᠭᠡᠨ ᠤ ᠪᠦᠲᠦᠮᠵᠢᠲᠡᠶ ᠵᠣᠯᠭᠠᠯᠳᠤᠯ ᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠡᠯ᠎ᠡ ᠵᠡᠭᠡᠯᠢ ᠪᠠᠯᠭᠠᠰᠤᠨ ᠳᠤ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠵᠥᠪᠯᠡᠯ ᠢ ᠪᠠᠶᠢᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠵᠥᠪᠯᠡᠯ ᠤᠨ ᠡᠷᠬᠢᠯᠡᠭᠴᠢ ᠶᠢᠨ ᠲᠤᠰᠢᠶᠠᠯ ᠢ ᠵᠡᠭᠡᠯᠢ ᠪᠠᠯᠭᠠᠰᠤᠨ ᠤ ᠲᠤᠰᠬᠠᠢ ᠲᠤᠰᠢᠶᠠᠯᠲᠤ ᠳᠡᠳ᠋ ᠱᠦᠵᠢ ᠬᠠᠪᠰᠤᠷᠭᠠᠨ ᠬᠠᠷᠢᠭᠤᠴᠠᠪᠠ᠃ ᠴᠢᠩᠱᠠᠨ ᠲᠣᠭᠤᠷᠢᠭ ᠤᠨ 10 ᠵᠡᠭᠡᠯᠢ ᠪᠠᠯᠭᠠᠰᠤᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠵᠦᠪᠯᠡᠯ ᠪᠦᠬᠦᠨ ᠢᠶᠠᠷ ᠢᠶᠠᠨ ᠫᠠᠶᠢᠰᠠ ᠡᠯᠭᠦᠭᠰᠡᠨ ᠪᠠᠶᠢᠨ᠎ᠠ᠃      ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠵᠦᠪᠯᠡᠯ ᠤᠨ ᠪᠠᠶᠢᠭᠤᠯᠤᠭᠳᠠᠭᠰᠠᠨ ᠨᠢ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠦᠨᠳᠦᠰᠦᠨ ᠱᠠᠲᠤᠨ ᠳᠤ ᠬᠦᠷᠴᠦ᠂ ᠤᠯᠠᠨ ᠲᠦᠮᠡᠨ ᠤ ᠳᠤᠮᠳᠠ ᠬᠦᠷᠴᠦ ᠪᠠᠶᠢᠴᠠᠭᠠᠨ ᠰᠤᠳᠤᠯᠤᠯᠲᠠ ᠬᠢᠬᠦ ᠶᠢ ᠨᠡᠩ ᠰᠠᠶᠢᠨ ᠠᠬᠢᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠦᠨᠳᠦᠰᠦᠨ ᠱᠠᠲᠤᠨ ᠳᠤ ᠥᠷᠨᠢᠭᠦᠯᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠪᠠᠶᠢᠳᠠᠯ ᠢ ᠣᠶᠢᠯᠠᠭᠠᠵᠤ ᠵᠠᠰᠠᠭ ᠤᠨ ᠶᠠᠪᠤᠳᠠᠯ ᠳᠤ ᠣᠷᠤᠯᠴᠠᠬᠤ ᠠᠷᠭ᠎ᠠ ᠵᠠᠮ ᠢ ᠨᠡᠩ ᠰᠠᠶᠢᠨ ᠰᠢᠯᠤᠭᠤᠳᠬᠠᠵᠤ᠂ ᠵᠥᠷᠢᠴᠡᠯ ᠢ ᠠᠷᠢᠯᠭᠠᠬᠤ᠂ ᠪᠦᠯᠬᠦᠮᠳᠡᠯ ᠢ ᠴᠢᠩᠭᠠᠳᠬᠠᠬᠤ᠂ ᠬᠥᠮᠥᠰ ᠤᠨ ᠰᠡᠳᠬᠢᠯ ᠢ ᠨᠢᠭᠲᠠᠷᠠᠭᠤᠯᠬᠤ ᠠᠵᠢᠯ ᠢ ᠰᠠᠶᠢᠲᠤᠷ ᠬᠢᠭᠰᠡᠨ ᠪᠠᠶᠢᠨ᠎ᠠ᠃ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠦᠢᠯᠡᠳᠦᠯ ᠢ ᠪᠠᠳᠠᠷᠠᠭᠤᠯᠬᠤ ᠶᠢᠨ ᠵᠡᠷᠭᠡᠪᠡᠷ ᠦᠨᠳᠦᠰᠦᠨ ᠱᠠᠲᠤᠨ ᠳᠤ ᠤᠯᠠᠨ ᠲᠦᠮᠡᠨ ᠳᠤ ᠦᠢᠯᠡᠴᠢᠯᠡᠬᠦ ᠰᠢᠨ᠎ᠡ ᠠᠴᠢᠶᠠᠯᠠᠪᠤᠷᠢ ᠶᠢ ᠪᠤᠢ ᠪᠣᠯᠭᠠᠪᠠ᠃      ᠮᠠ ᠴᠢᠤᠸᠠᠨ ᠸᠠᠩ᠂ ᠭᠡᠰᠢᠭᠦᠳ ᠢ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠵᠦᠪᠯᠡᠯ ᠤᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ ᠠᠷᠠᠳ ᠤᠨ ᠪᠠᠶᠢᠳᠠᠯ ᠢ ᠣᠶᠢᠯᠠᠭᠠᠵᠤ᠂ ᠠᠷᠠᠳ ᠤᠨ ᠰᠠᠨᠠᠭ᠎ᠠ ᠶᠢ ᠰᠣᠨᠣᠰᠴᠤ᠂ ᠤᠯᠠᠨ ᠲᠦᠮᠡᠨ ᠤ ᠪᠤᠳᠤᠵᠤ ᠪᠠᠶᠢᠭ᠎ᠠ᠂ ᠬᠡᠷᠡᠭᠴᠡᠭᠡ᠂ ᠱᠠᠭᠠᠷᠳᠠᠯᠭ᠎ᠠ ᠶᠢ ᠦᠨᠡᠨᠬᠦ ᠡᠵᠡᠮᠰᠢᠵᠦ᠂ ᠦᠨ᠎ᠡ ᠦᠷᠳᠡᠭ ᠲᠠᠢ ᠰᠠᠨᠠᠯ ᠵᠥᠪᠯᠡᠯᠭᠡ ᠶᠢ ᠪᠤᠢ ᠪᠣᠯᠭᠠᠬᠤ ᠶᠢ ᠬᠦᠰᠡᠪᠡ᠃ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠵᠦᠪᠯᠡᠯ ᠪᠠᠶᠢᠭᠤᠯᠤᠭᠳᠠᠬᠤ ᠪᠠᠷ ᠠᠵᠠ ᠲᠣᠬᠢᠶᠠᠯ ᠪᠣᠯᠭᠠᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠪᠠ ᠬᠦᠰᠡᠯ ᠱᠠᠭᠠᠷᠳᠠᠯᠭ᠎ᠠ ᠶᠢ ᠰᠣᠨᠣᠰᠬᠤ ᠶᠢᠨ ᠬᠠᠮᠲᠤ ᠰᠠᠨᠠᠯ ᠳᠤᠷᠠᠳᠤᠯᠭ᠎ᠠ ᠪᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠵᠡᠷᠭᠡ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠷᠭ᠎ᠠ ᠮᠠᠶ᠋ᠢᠭ ᠢ ᠰᠠᠶᠢᠲᠤᠷ ᠠᠰᠢᠭᠯᠠᠨ᠂ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠡᠯᠪᠡᠭ ᠪᠠᠶᠠᠯᠢᠭ ᠦᠷ᠎ᠡ ᠪᠦᠲᠦᠭᠡᠯ ᠢᠶᠠᠷ ᠪᠥᠬᠦ ᠲᠤᠭᠤᠷᠢᠭ ‍ᠤᠨ‌ᠠᠵᠤ ᠠᠬᠤᠢ ᠨᠡᠶᠢᠭᠡᠮ ᠤᠨ ᠬᠥᠭᠵᠢᠯᠲᠡ ᠬᠢᠭᠡᠳ ᠡᠶ᠎ᠡ ᠵᠣᠬᠢᠴᠠᠯ ᠲᠠᠢ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠤᠨ᠎ᠠ ᠭᠡᠵᠦ ᠢᠯᠡᠷᠬᠡᠶᠢᠯᠡᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号