ᠲᠦᠷᠦᠭᠦᠬᠡᠨ᠂ ᠴᠢᠩᠱᠠᠨ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ | ᠲᠥᠪ ᠨᠢ ᠪᠤᠭᠤᠲᠤ ᠬᠤᠲᠠ ᠶᠢᠨ ᠰᠢᠷᠭᠤᠯᠵᠢ ᠶᠢᠨ ᠬᠦᠴᠦᠨ ᠤ ᠨᠡᠶᠢᠲᠡ ᠶᠢᠨ ᠠᠰᠠᠷᠠᠮᠵᠢ ᠶᠢᠨ ᠨᠡᠶᠢᠭᠡᠮᠯᠢᠭ ᠲᠠᠢ | ᠬᠠᠮᠲᠤᠷᠠᠨ ︽ᠰᠡᠷᠢᠭᠦᠨ ᠤᠮᠳᠠᠭᠠᠨ ᠢᠶᠠᠨ᠂ ᠬᠠᠶᠢᠷᠠᠯᠠᠯᠲᠦ ᠬᠥᠮᠥᠰ ᠲᠤ ᠬᠦᠨᠳᠦᠳᠬᠡᠯ ᠳᠡᠪᠰᠢᠭᠦᠯᠦᠶ᠎ᠡ︾ ᠭᠡᠬᠦ ᠰᠠᠶᠢᠨ | ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠲᠡᠳᠡᠨᠤᠰ ᠲᠤ ᠤᠰᠤ ᠬᠦᠷᠭᠡᠨ ᠥᠭᠴᠦ᠂ ᠨᠢᠭᠡᠳᠦᠭᠡᠷ | ᠹᠷᠣᠨᠲ ᠤᠨ ᠠᠵᠢᠯᠲᠠᠳ ᠤᠨ ᠬᠦᠴᠦ ᠬᠥᠯᠥᠰᠦ ᠪᠠᠷ ᠢᠶᠠᠨ ᠪᠢᠴᠢᠭᠯᠡᠭᠰᠡᠨ ᠡᠭᠦᠷᠭᠡ ᠬᠠᠷᠢᠭᠤᠴᠠᠯᠭ᠎ᠠ ᠶᠢ | ᠣᠶᠢᠯᠠᠭᠠᠭᠤᠯᠵᠤ᠂ ᠠᠵᠢᠯ ᠦᠢᠯᠡᠰ ᠢᠶᠠᠨ ᠳᠡᠭᠡᠳᠦᠯᠡᠬᠦ ᠪᠠ ᠪᠣᠳᠠᠲᠠᠢ ᠠᠵᠢᠯᠯᠠᠭ᠎ᠠ ᠪᠠᠷ ᠢᠶᠠᠨ ᠬᠠᠯᠠᠭᠤᠨ ᠨᠡᠷᠡᠨ ᠳᠤ | ᠠᠵᠢᠯᠯᠠᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠤᠶᠢᠯᠭᠠᠪᠠ᠃ | ᠲᠣᠰ ᠤᠳᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠭᠤᠣᠯᠳᠠᠭᠤ ᠳᠡᠭᠡᠳᠦ | ᠰᠤᠷᠭᠠᠭᠤᠯᠢ ᠶᠢᠨ 24 ᠰᠣᠷᠣᠭᠴᠢ ᠪᠠ 20 ᠳᠤᠭᠤᠶᠢᠯᠠᠩ ᠭᠡᠷ ᠪᠦᠯᠢ ᠶᠢᠨ ᠰᠠᠶᠢᠨ ᠳᠤᠷᠠᠴᠤᠤᠯ ᠢ ᠡᠯᠰᠡᠵᠦ | ᠨᠢᠭᠡᠳᠦᠭᠡᠷ ᠹᠷᠣᠨᠲ ᠲᠤ ᠭᠦᠨᠵᠡᠭᠡᠶᠢᠷᠡᠭᠦᠯᠦᠨ ᠦᠢᠯᠡᠴᠢᠯᠡᠭᠡ ᠦᠷᠨᠢᠭᠦᠯᠪᠡ᠃ ᠦᠢᠯᠡᠴᠢᠯᠡᠭᠡᠨ ᠤ ᠲᠤᠰᠬᠠᠢ | ᠮᠡᠷᠭᠡᠵᠢᠯ ᠤᠨ ᠴᠢᠨᠠᠷ ᠪᠠ ᠬᠠᠨᠳᠤᠯᠭᠠᠲᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠰᠠᠶᠢᠨ ᠳᠤᠷ᠎ᠠ ᠶᠢᠨ | ᠦᠢᠯᠡᠴᠢᠯᠡᠭᠡᠨ ᠤ ᠵᠢᠯᠣᠭᠤᠳᠤᠭᠴᠢ ᠪᠠᠭᠰᠢ ᠠᠴᠠ ᠤᠷᠢᠳ ᠢᠶᠠᠷ ᠰᠠᠶᠢᠨ ᠳᠤᠷᠠᠴᠤᠤᠯ ᠲᠤ ᠲᠠᠶᠢᠯᠪᠤᠷᠢᠯᠠᠬᠤ ᠬᠤᠷᠠᠯ | ᠬᠢᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠴᠢ ᠬᠤᠯᠪᠣᠭᠳᠠᠯ᠂ ᠦᠢᠯᠡᠴᠢᠯᠡᠭᠡᠨ ᠤ ᠠᠭᠤᠯᠭ᠎ᠠ ᠵᠢᠴᠢ ᠠᠩᠬᠠᠷᠬᠤ | ᠵᠦᠢᠯᠡᠰ ᠵᠡᠷᠭᠡ ᠶᠢ ᠲᠣᠳᠣᠷᠬᠠᠶᠢᠯᠠᠭᠰᠠᠨ ᠪᠠᠶᠢᠨ᠎ᠠ᠃ ᠳᠠᠷᠠᠭ᠎ᠠ ᠪᠠᠷ ᠨᠢ ᠰᠠᠯᠪᠤᠷᠢ ᠪᠠᠭ᠎ᠠ ᠠᠩᠭᠢ ᠶᠢ ᠵᠣᠬᠢᠶᠠᠨ | ᠪᠠᠶᠢᠭᠤᠯᠵᠤ᠂ ᠰᠣᠶᠣᠯ ᠵᠠᠮ᠂ ᠵᠣᠯ ᠵᠢᠷᠭᠠᠯ ᠵᠠᠮ᠂ ᠬᠥᠭᠵᠢᠯ ᠴᠡᠴᠡᠭᠯᠡᠯ ᠵᠠᠮ᠂ ᠲᠠᠯ᠎ᠠ ᠨᠤᠲᠤᠭ ᠵᠠᠮ ᠵᠡᠷᠭᠡ ᠨᠡᠶᠢᠭᠡᠮ | ᠲᠣᠭᠤᠷᠢᠭ ᠤᠨ ᠵᠡᠭᠡᠯᠢ ᠭᠤᠳᠤᠮᠵᠢ ᠪᠠᠷ ᠠᠵᠢᠯ ᠤᠨ ᠪᠠᠶᠢᠷᠢ ᠳᠡᠭᠡᠷ᠎ᠡ ᠪᠠᠨ ᠪᠠᠶᠢᠭ᠎ᠠ ᠣᠷᠴᠢᠨ ᠲᠣᠭᠤᠷᠢᠨ ᠤ ᠠᠷᠢᠭᠤᠨ | ᠴᠡᠪᠡᠷ ᠤᠨ ᠠᠵᠢᠯᠴᠢᠨ᠂ ᠵᠠᠮ ᠬᠠᠷᠢᠯᠴᠠᠭᠠᠨ ᠤ ᠴᠠᠭᠳᠠᠭ᠎ᠠ᠂ ᠪᠠᠷᠢᠯᠭ᠎ᠠ ᠶᠢᠨ ᠠᠵᠢᠯᠴᠢᠨ᠂ ᠨᠡᠶᠢᠭᠡᠮ ᠲᠣᠭᠤᠷᠢᠭ ᠤᠨ | ᠠᠵᠢᠯᠲᠠᠨ᠂ ᠵᠠᠬᠢᠶᠠᠯᠠᠭ᠎ᠠ ᠶᠢᠨ ᠬᠤᠭᠤᠯᠠᠨ ᠤ ᠪᠢᠴᠢᠬᠠᠨ ᠠᠬ᠎ᠠ ᠨᠠᠷ ᠲᠤ 68 ᠯᠣᠩᠬᠤ ᠤᠰᠤ ᠬᠦᠷᠭᠡᠵᠡᠢ᠃ ᠰᠠᠶᠢᠨ | ᠳᠤᠷᠠᠴᠤᠤᠯ ᠤᠰᠤ ᠬᠦᠷᠭᠡᠬᠦ ᠶᠠᠪᠤᠴᠠ ᠳᠠᠭᠠᠨ ᠠᠵᠢᠯᠲᠠᠳ ᠤᠨ ᠡᠳᠦᠷ ᠲᠤᠲᠤᠮ ᠤᠨ ᠪᠠᠶᠢᠳᠠᠯ ᠢ ᠣᠶᠢᠯᠠᠭᠠᠵᠤ᠂ | ᠠᠵᠢᠯᠲᠠᠳ ᠤᠨ ᠠᠵᠢᠯᠴᠢ ᠬᠥᠳᠡᠯᠮᠦᠷᠢᠴᠢ ᠵᠣᠪᠠᠭᠤᠷᠢ ᠵᠦᠳᠡᠭᠦᠷᠢ ᠶᠢ ᠪᠡᠶ᠎ᠡ ᠪᠠᠷ ᠢᠶᠠᠨ ᠣᠶᠢᠯᠠᠭᠠᠵᠤ᠂ ᠬᠠᠯᠠᠭᠤᠨ | ᠪᠦᠯᠢᠶᠡᠨ ᠢᠶᠠᠷ ᠲᠡᠪᠡᠷᠢᠯᠴᠡᠵᠦ᠂ ᠬᠠᠯᠠᠭᠤᠨ ᠳᠣᠲᠣᠨᠣ ᠵᠦᠩᠨᠡᠯ ᠳᠡᠪᠰᠢᠭᠦᠯᠪᠡ᠃ | ᠴᠢᠩᠱᠠᠨ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠰᠠᠶᠢᠨ | ᠳᠤᠷᠠᠴᠤᠤᠯ ᠢ ᠵᠥᠪ ᠦᠷᠳᠡᠭ ᠤᠨ ᠦᠵᠡᠯᠲᠡ ᠲᠠᠢ ᠪᠣᠯᠭᠠᠵᠤ᠂ ᠨᠡᠶᠢᠭᠡᠮ ᠤᠨ ᠠᠳᠠᠯᠢ ᠪᠤᠰᠤ ᠠᠵᠢᠯ ᠤᠨ ᠪᠠᠶᠢᠷᠢ ᠶᠢᠨ | ᠬᠠᠷᠢᠭᠤᠴᠠᠯᠭ᠎ᠠ ᠪᠣᠯᠣᠨ ᠡᠭᠦᠷᠭᠡ ᠶᠢ ᠭᠦᠨᠵᠡᠭᠡᠢ ᠣᠶᠢᠯᠠᠭᠠᠵᠤ᠂ ᠬᠥᠳᠡᠯᠮᠦᠷᠢᠴᠢᠳ ᠤᠨ ᠵᠣᠪᠠᠭᠤᠷᠢ ᠵᠦᠳᠡᠭᠦᠷᠢ ᠪᠣᠯᠣᠨ | ᠬᠢᠯᠪᠡᠷ ᠪᠤᠰᠤ ᠪᠠᠶᠢᠳᠠᠯ ᠢ ᠣᠶᠢᠷ᠎ᠠ ᠠᠴᠠ ᠠᠵᠢᠭᠯᠠᠵᠤ᠂ ᠵᠠᠯᠠᠭᠤ ᠰᠠᠶᠢᠨ ᠳᠤᠷᠠᠴᠤᠤᠯ ᠲᠤ ᠠᠴᠢ ᠬᠠᠷᠢᠭᠤᠯᠠᠬᠤ | ᠰᠡᠳᠬᠢᠯ ᠲᠠᠢ ᠪᠣᠯᠭᠠᠵᠤ᠂ ᠬᠥᠳᠡᠯᠮᠦᠷᠢᠴᠢᠳ ᠤᠨ ᠦᠷ᠎ᠡ ᠪᠦᠲᠦᠭᠡᠯ ᠢ ᠬᠦᠨᠳᠦᠳᠬᠡᠵᠦ᠂ ᠪᠢᠳᠡᠨ ᠤ ᠤᠳᠤ ᠶᠢᠨ | ᠡᠳ᠋ᠯᠡᠵᠦ ᠪᠠᠶᠢᠭ᠎ᠠ ᠵᠣᠯ ᠵᠢᠷᠭᠠᠯᠲᠤ ᠠᠮᠢᠳᠤᠷᠠᠯ ᠢᠶᠠᠨ ᠬᠤᠪᠢ ᠲᠠᠬᠢᠨ ᠨᠠᠨᠳᠢᠩᠨᠠᠬᠤ ᠶᠢ ᠬᠥᠲᠥᠯᠥᠨ ᠵᠢᠯᠤᠭᠤᠳᠪᠠ᠃ | | |