ᠵᠤᠯ ᠵᠢᠷᠭᠠᠯ ᠵᠠᠮ ᠤᠨ ᠵᠡᠭᠡᠯᠢ ᠭᠤᠳᠤᠮᠵᠢ ᠶᠢᠨ ᠭᠡᠷᠡᠯ ᠭᠡᠭᠡ ᠨᠡᠶᠢᠭᠡᠮ ᠲᠣᠭᠤᠷᠢᠭ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/8/17
     8 ᠰᠠᠷ᠎ᠠ ᠶᠢᠨ 16 ᠤ ᠡᠳᠦᠷ᠂ ᠵᠤᠯ ᠵᠢᠷᠭᠠᠯ ᠵᠠᠮ ᠤᠨ ᠵᠡᠭᠡᠯᠢ ᠭᠤᠳᠤᠮᠵᠢ ᠶᠢᠨ ᠭᠡᠷᠡᠯ ᠭᠡᠭᠡ ᠨᠡᠶᠢᠭᠡᠮ ᠲᠣᠭᠤᠷᠢᠭ ᠤᠨ ᠬᠢᠨ ᠬᠠᠷᠢᠶ᠎ᠠ ᠲᠣᠭᠤᠷᠢᠭ ᠤᠨ ᠠᠬᠠᠮᠠᠳ ᠨᠠᠮ ᠤᠨ ᠭᠡᠰᠢᠭᠦᠨ ᠵᠢᠴᠢ ᠪᠢᠴᠢᠬᠠᠨ ᠰᠠᠶᠢᠨ ᠳᠤᠷᠠᠴᠤᠤᠯ ᠢ ᠵᠣᠬᠢᠶᠠᠨ ᠪᠠᠶᠢᠭᠤᠯᠵᠤ ᠬᠠᠮᠲᠤ ᠪᠠᠷ ︽ᠬᠥᠭᠰᠢᠨ ᠵᠠᠯᠠᠭᠤ ᠭᠠᠷ ᠬᠤᠯᠪᠣᠨ ᠬᠠᠮᠲᠤᠪᠠᠷ ᠤᠷᠤᠭᠰᠢᠯᠠᠵᠤ᠂ ᠪᠦᠬᠦ ᠠᠷᠠᠳ ᠢᠶᠠᠷ ᠢᠶᠠᠨ ᠪᠣᠯᠪᠠᠰᠤᠨ ᠬᠤᠳᠠ ᠶᠢ ᠬᠠᠮᠲᠤᠪᠠᠷ ᠴᠣᠭᠴᠠᠯᠠᠶ᠎ᠠ︾ ᠭᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠡᠢ᠃ ᠠᠵᠢᠯᠯᠠᠭ᠎ᠠ ᠶᠢᠨ ᠳᠤᠮᠳᠠ᠂ ᠠᠬᠠᠮᠠᠳ ᠨᠠᠮ ᠤᠨ ᠭᠡᠰᠢᠭᠦᠨ ᠪᠠ ᠪᠢᠴᠢᠬᠠᠨ ᠰᠠᠶᠢᠨ ᠳᠤᠷᠠᠴᠤᠤᠯ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠬᠦᠷᠴᠦ᠂ ᠳᠤᠭᠤᠶᠢᠯᠠᠩ ᠣᠷᠣᠨ ᠲᠣᠭᠤᠷᠢᠭ ᠬᠤᠪᠢᠶᠠᠵᠦ ᠵᠡᠭᠡᠯᠢ ᠭᠤᠳᠤᠮᠵᠢ ᠪᠠᠷ ᠭᠦᠨᠵᠡᠭᠡᠶᠢᠷᠡᠵᠦ᠂ ᠵᠢᠵᠢᠭ ᠵᠠᠷ᠂ ᠲᠠᠮᠠᠬᠢᠨ ᠶᠣᠵᠣᠭᠤᠷ ᠵᠢᠴᠢ ᠵᠠᠮ ᠳᠡᠭᠡᠷᠡᠬᠢ ᠬᠤᠭ ᠨᠣᠪᠰᠢ᠂ ᠨᠣᠭᠤᠭᠠᠷᠠᠭᠤᠯᠤᠯᠲᠠ ᠶᠢᠨ ᠪᠦᠰᠡᠨ ᠳᠠᠬᠢ ᠪᠤᠵᠠᠷ ᠡᠪᠡᠰᠦ ᠪᠠ ᠴᠠᠭᠠᠰᠤᠨ ᠦᠷᠦᠪᠳᠡᠰᠦ ᠵᠡᠷᠭᠡ ᠶᠢ ᠴᠡᠪᠡᠷᠯᠡᠪᠡ᠃ ᠡᠭᠦᠨ ᠤ ᠵᠡᠷᠭᠡᠪᠡᠷ ᠪᠠᠰᠠ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠣᠷᠴᠢᠨ ᠠᠬᠤᠢ ᠶᠢ ᠬᠠᠮᠠᠭᠠᠯᠠᠬᠤ ᠤᠬᠠᠮᠰᠠᠷ ᠢ ᠨᠢ ᠴᠢᠩᠭᠠᠷᠠᠭᠤᠯᠵᠤ᠂ ᠣᠷᠴᠢᠨ ᠠᠬᠤᠢ ᠶᠢᠨ ᠡᠷᠡᠭᠦᠯ ᠬᠠᠮᠠᠭᠠᠯᠠᠯ ᠢ ᠤᠬᠠᠮᠰᠠᠷ ᠠᠴᠠ ᠪᠠᠨ ᠬᠠᠮᠠᠭᠠᠯᠠᠵᠤ᠂ ᠬᠥᠳᠡᠯᠮᠦᠷᠢ ᠶᠢᠨ ᠦᠷ᠎ᠡ ᠪᠦᠲᠦᠭᠡᠯ ᠢ ᠨᠢ ᠪᠠᠬᠢᠵᠢᠭᠦᠯᠵᠦ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠨᠡᠮᠡᠷᠢᠯᠡᠨ᠎ᠡ᠃ ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠰᠠᠶᠢᠨ ᠳᠤᠷᠠᠴᠤᠤᠯ ᠤᠨ ᠲᠦᠷᠦᠭᠦᠨ ᠳᠤ ᠭᠠᠪᠰᠢᠭᠠᠶᠢᠯᠠᠨ ᠣᠷᠣᠬᠤ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠩ ᠣᠯᠠᠨ ᠬᠠᠷᠢᠶᠠᠲᠤ ᠣᠷᠣᠨ ᠤ ᠰᠠᠭᠤᠭᠠᠯᠢ ᠠᠷᠠᠳ ᠢ ᠳᠠᠶᠢᠴᠢᠯᠠᠨ ᠬᠠᠮᠲᠤ ᠪᠠᠷ ᠪᠣᠯᠪᠠᠰᠤᠨ ᠤ ᠣᠷᠣᠯᠴᠠᠭᠴᠢ᠂ ᠰᠠᠨᠠᠭᠠᠴᠢᠯᠠᠭᠴᠢ᠂ ᠤᠯᠠᠮᠵᠢᠯᠠᠭᠴᠢ ᠪᠣᠯᠭᠠᠵᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠤᠯᠠᠮ ᠨᠢᠭᠡ ᠠᠯᠬᠤᠮ ᠠᠬᠢᠭᠤᠯᠤᠭᠰᠠᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号