ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠦᠨᠡᠨ ᠦᠨᠡᠨᠬᠦ ᠥᠷᠨᠢᠭᠦᠯᠵᠦ᠂ | ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠬᠦᠴᠦᠲᠡᠢ ᠲᠦᠯᠬᠢᠨ ᠠᠬᠢᠭᠤᠯᠬᠤ ᠶᠢᠨ ᠲᠥᠯᠥᠭᠡ᠂ | ᠴᠢᠩᠱᠠᠨ ᠲᠣᠭᠤᠷᠢᠭ ᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠥᠬᠦ ᠺᠠᠳ᠋ᠷ ᠠᠵᠢᠯᠲᠠᠨ ᠠᠵᠢᠯᠴᠢᠨ | ᠵᠠᠰᠠᠭ ᠤᠨ ᠣᠷᠳᠣᠨ ᠤ ᠤᠷᠢᠶᠠᠯᠠᠭ᠎ᠠ ᠶᠢ ᠢᠳᠡᠪᠬᠢᠲᠡᠢ ᠳᠠᠭᠠᠵᠤ᠂ ᠴᠦᠨ ᠭᠤᠸᠠᠩ ᠨᠡᠶᠢᠭᠡᠮ ᠲᠣᠭᠤᠷᠢᠭ ᠲᠤ | ᠭᠦᠨᠵᠡᠭᠡᠶᠢᠷᠡᠨ᠂ ᠨᠡᠶᠢᠭᠡᠮ ᠲᠣᠭᠤᠷᠢᠭ ᠤᠨ ᠠᠵᠢᠯᠲᠠᠳ ᠲᠠᠢ ᠬᠠᠮᠵᠢᠯᠴᠠᠨ ᠠᠵᠢᠯᠯᠠᠵᠤ᠂ ᠪᠣᠯᠪᠠᠰᠤᠨ ᠬᠤᠲᠠ ᠶᠢ | ᠡᠭᠦᠳᠦᠨ ᠪᠠᠶᠢᠭᠤᠯᠬᠤ ᠠᠵᠢᠯ ᠳᠤ ᠬᠦᠴᠦᠨ ᠨᠡᠮᠡᠷᠢᠯᠡᠪᠡ᠃ ᠠᠵᠢᠯᠯᠠᠭ᠎ᠠ ᠶᠢᠨ ᠳᠤᠮᠳᠠ ᠺᠠᠳ᠋ᠷ ᠠᠵᠢᠯᠲᠠᠨ ᠠᠵᠢᠯᠴᠢᠨ ᠢ | ᠣᠯᠠᠨ ᠳᠤᠭᠤᠶᠢᠯᠠᠩ ᠬᠤᠪᠢᠶᠠᠵᠤ᠂ ᠴᠦᠨ ᠭᠤᠸᠠᠩ ᠬᠤᠶᠠᠳᠤᠭᠠᠷ ᠲᠣᠭᠤᠷᠢᠭ ᠲᠤ ᠠᠰᠠᠷ ᠤᠨ ᠭᠤᠳᠤᠮᠵᠢ ᠢ | ᠴᠡᠪᠡᠷᠯᠡᠵᠦ᠂ ᠲᠣᠭᠤᠷᠢᠭ ᠤᠨ ᠠᠰᠠᠷ ᠤᠨ ᠱᠠᠲᠤᠨ ᠤ ᠲᠦᠰᠢᠭᠦᠷ ᠢ ᠠᠷᠴᠢᠵᠤ᠂ ᠳᠤᠭᠤᠢ ᠲᠡᠷᠭᠡ ᠵᠤᠭᠰᠤᠭᠠᠬᠤ ᠶᠢ | ᠵᠢᠷᠤᠮᠵᠢᠭᠤᠯᠤᠨ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠳᠤ ᠢᠳᠡᠪᠬᠢᠲᠡᠢ ᠬᠠᠮᠵᠢᠯᠴᠠᠵᠤ᠂ | ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠬᠥᠮᠥᠨ ᠪᠦᠬᠦᠨ ᠣᠷᠣᠯᠴᠠᠵᠤ᠂ ᠨᠢᠭᠡ | ᠨᠢᠭᠡ ᠪᠠᠷ ᠢᠶᠠᠨ ᠲᠡᠷᠢᠭᠦᠨ ᠳᠤ ᠣᠷᠣᠬᠤ ᠪᠠᠷ ᠴᠢᠷᠮᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠣᠯᠭᠠᠵᠠᠢ᠃ |