ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ︽ᠴᠢᠩᠱᠠᠨ ᠲᠣᠭᠤᠷᠢᠭ ᠤᠨ ᠨᠡᠶᠢᠭᠡᠮ ᠲᠣᠭᠤᠷᠢᠭ ᠤᠨ ᠠᠵᠢᠯᠲᠠᠨ ᠢ ᠰᠢᠯᠭᠠᠨ ᠦᠨᠡᠯᠡᠵᠦ ᠤᠷᠮᠠᠰᠢᠭᠤᠯᠬᠤ ᠠᠷᠭ᠎ᠠ ︵ᠲᠤᠷᠰᠢᠨ ᠬᠡᠷᠡᠭᠵᠢᠭᠦᠯᠬᠦ︶︾ ᠎ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/8/18
     ᠴᠢᠩᠱᠠᠨ ᠵᠠᠰᠠᠭ ᠲᠠᠷᠬᠠᠭᠠᠭᠰᠠᠨ〔2022〕7 ᠳ᠋ᠤᠭᠠᠷ ᠲᠣᠭᠠᠲᠤ      ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ︽ᠴᠢᠩᠱᠠᠨ ᠲᠣᠭᠤᠷᠢᠭ ᠤᠨ ᠨᠡᠶᠢᠭᠡᠮ ᠲᠣᠭᠤᠷᠢᠭ ᠤᠨ ᠠᠵᠢᠯᠲᠠᠨ ᠢ ᠰᠢᠯᠭᠠᠨ ᠦᠨᠡᠯᠡᠵᠦ ᠤᠷᠮᠠᠰᠢᠭᠤᠯᠬᠤ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ      ᠡᠯ᠎ᠡ ᠬᠠᠮᠢᠶ᠎ᠠ ᠪᠦᠬᠦᠢ ᠨᠢᠭᠡᠴᠡ᠂ ᠵᠡᠭᠡᠯᠢ ᠪᠠᠯᠭᠠᠰᠤ᠄      ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠰᠤᠳᠤᠯᠤᠨ ᠵᠥᠪᠰᠢᠶᠡᠷᠡᠭᠦᠯᠦᠭᠡᠳ᠂ ᠡᠳᠦᠭᠡ ︽ᠴᠢᠩᠱᠠᠨ ᠲᠣᠭᠤᠷᠢᠭ ᠤᠨ ᠨᠡᠶᠢᠭᠡᠮ ᠲᠣᠭᠤᠷᠢᠭ ᠤᠨ ᠠᠵᠢᠯᠲᠠᠨ ᠢ ᠰᠢᠯᠭᠠᠨ ᠦᠨᠡᠯᠡᠵᠦ ᠤᠷᠮᠠᠰᠢᠭᠤᠯᠬᠤ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃      ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ      2022 ᠣᠨ ᠤ 6 ᠰᠠᠷ᠎ᠠ ᠶᠢᠨ 7᠎ ᠤ ᠡᠳᠦᠷ      ᠴᠢᠩᠱᠠᠨ ᠲᠣᠭᠤᠷᠢᠭ ᠤᠨ ᠨᠡᠶᠢᠭᠡᠮ ᠲᠣᠭᠤᠷᠢᠭ ᠤᠨ ᠠᠵᠢᠯᠲᠠᠨ ᠢ ᠰᠢᠯᠭᠠᠨ ᠦᠨᠡᠯᠡᠵᠦ ᠤᠷᠮᠠᠰᠢᠭᠤᠯᠬᠤ ᠠᠷᠭ᠎ᠠ ︵ᠲᠤᠷᠰᠢᠨ ᠬᠡᠷᠡᠭᠵᠢᠭᠦᠯᠬᠦ︶      ᠨᠢᠭᠡᠳᠦᠭᠡᠷ ᠪᠦᠯᠦᠭ    ᠶᠡᠷᠦᠩᠬᠡᠢ ᠳᠦᠷᠢᠮ      ᠨᠢᠭᠡᠳᠦᠭᠡᠷ ᠵᠦᠢᠯ       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠨᠡᠶᠢᠭᠡᠮ ᠲᠣᠭᠤᠷᠢᠭ ᠤᠨ ᠲᠤᠰᠬᠠᠢ ᠲᠤᠰᠢᠶᠠᠯᠲᠤ ᠠᠵᠢᠯᠲᠠᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠥᠪᠥᠷ ᠵᠠᠰᠠᠭ ᠠᠯᠪᠠᠨ ᠥᠰᠥᠭ ﹇2012﹈ 263 ᠳ᠋ᠤᠭᠠᠷ ᠲᠣᠭᠠᠲᠤ︶ ︽ᠪᠤᠭᠤᠲᠤ ᠬᠤᠲᠠ ᠶᠢᠨ ᠨᠡᠶᠢᠭᠡᠮ ᠲᠣᠭᠤᠷᠢᠭ ᠤᠨ ᠠᠵᠢᠯᠲᠠᠨ ᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠪᠤᠭᠤᠲᠦ ᠵᠠᠰᠠᠭ ᠠᠯᠪᠠᠨ ᠲᠠᠷᠬᠠᠭᠠᠭᠰᠠᠨ ﹇2020﹈ 40  ᠳ᠋ᠤᠭᠡᠷ ᠲᠣᠭᠠᠲᠤ︶ ︽ᠴᠢᠩᠱᠠᠨ ᠲᠣᠭᠤᠷᠢᠭ ᠤᠨ ᠨᠡᠶᠢᠭᠡᠮ ᠲᠣᠭᠤᠷᠢᠭ ᠤᠨ ᠠᠵᠢᠯᠲᠠᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ︵ᠴᠢᠩᠱᠠᠨ ᠵᠠᠰᠠᠭ ᠠᠯᠪᠠᠨ ᠲᠠᠷᠬᠠᠭᠠᠭᠰᠠᠨ ﹇2020﹈ 19  ᠳ᠋ᠤᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠲᠤᠭᠤᠷᠢᠭ ᠤᠨ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ       ᠲᠤᠰ ᠠᠷᠭ᠎ᠠ ᠲᠤ ᠬᠡᠯᠡᠵᠦ ᠪᠠᠶᠢᠭ᠎ᠠ ᠨᠡᠶᠢᠭᠡᠮ ᠲᠣᠭᠤᠷᠢᠭ ᠤᠨ ᠠᠵᠢᠯᠲᠠᠨ ᠭᠡᠳᠡᠭ ᠨᠢ ᠵᠡᠭᠡᠯᠢ ᠭᠤᠳᠤᠮᠵᠢ ︵ᠪᠠᠯᠭᠠᠰᠤ︶᠎ ᠶᠢᠨ ᠨᠡᠶᠢᠭᠡᠮ ᠲᠣᠭᠤᠷᠢᠭ ᠲᠤ ᠨᠡᠶᠢᠭᠡᠮ ᠤᠨ ᠬᠠᠮᠢᠶᠠᠷᠤᠯᠲᠠ ᠪᠠ ᠤᠯᠠᠨ ᠨᠡᠶᠢᠳᠡ ᠶᠢᠨ ᠬᠡᠷᠡᠭ ᠶᠠᠪᠤᠳᠠᠯ ᠤᠨ ᠦᠢᠯᠡᠴᠢᠯᠡᠭᠡᠨ ᠢ ᠲᠤᠰᠬᠠᠢ ᠡᠷᠬᠢᠯᠡᠵᠤ ᠬᠤᠳᠠ᠂ ᠲᠣᠭᠤᠷᠢᠭ ᠬᠤᠶᠠᠷ ᠱᠠᠲᠤᠨ ᠤ ᠡᠳ᠋ ᠤᠨ ᠵᠠᠰᠠᠭ ᠠᠴᠠ ᠨᠥᠬᠦᠪᠦᠷᠢ ᠥᠭᠴᠦ ᠪᠠᠶᠢᠭ᠎ᠠ ᠪᠦᠬᠦᠯᠢ ᠡᠳᠦᠷ ᠤᠨ ᠳᠦᠷᠢᠮᠲᠦ ᠠᠵᠢᠯᠲᠠᠨ ᠢ ᠵᠢᠭᠠᠵᠤ ᠪᠣᠢ᠃ ᠡᠭᠦᠨ ᠳᠤ ᠭᠤᠣᠯᠳᠠᠭᠤ ︽ᠭᠤᠷᠪᠠᠨ ᠠᠵᠢᠯ ᠤᠨ ᠪᠠᠶᠢᠷᠢ ᠠᠷᠪᠠᠨ ᠨᠠᠢᠮᠠᠨ ᠳᠡᠰ︾᠎ ᠤᠨ ᠠᠵᠢᠯ ᠮᠡᠷᠭᠡᠵᠢᠭᠰᠡᠨ ᠴᠠᠯᠢᠩ ᠬᠥᠯᠥᠰᠦ ᠶᠢᠨ ᠢᠵᠢ ᠪᠦᠷᠢᠳᠦᠭᠦᠯᠦᠨ ᠥᠭᠡᠷᠡᠴᠢᠯᠡᠬᠦ ᠰᠢᠰᠲ᠋ᠧᠮ ᠳᠤ ᠣᠷᠣᠭᠰᠠᠨ᠂ ᠬᠠᠤᠯᠢ ᠶᠣᠰᠣᠭᠠᠷ ᠰᠣᠩᠭᠤᠵᠤ ᠭᠠᠷᠭᠠᠭᠰᠠᠨ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾᠎ ᠤᠨ ᠪᠦᠷᠢᠯᠳᠦᠭᠦᠨ ᠪᠠ ᠨᠡᠶᠢᠭᠡᠮ ᠠᠴᠠ ᠢᠯᠡ ᠪᠠᠷ ᠤᠷᠢᠵᠤ ᠬᠡᠷᠡᠭᠯᠡᠭᠰᠡᠨ ᠨᠡᠶᠢᠭᠡᠮ ᠲᠣᠭᠤᠷᠢᠭ ᠤᠨ ᠠᠵᠢᠯᠲᠠᠨ ᠵᠢᠴᠢ ᠨᠡᠶᠢᠭᠡᠮ ᠲᠣᠭᠤᠷᠢᠭ ᠲᠤ ᠳᠣᠷᠣᠭᠰᠢ ᠲᠣᠮᠢᠯᠠᠭᠰᠠᠨ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠪᠠᠭᠲᠠᠨ᠎ᠠ᠃      ᠭᠤᠷᠪᠠᠳᠤᠭᠠᠷ ᠵᠦᠢᠯ       ︽ᠴᠢᠩᠱᠠᠨ ᠲᠣᠭᠤᠷᠢᠭ ᠤᠨ ᠨᠡᠶᠢᠭᠡᠮ ᠲᠣᠭᠤᠷᠢᠭ ᠤᠨ ᠠᠵᠢᠯᠲᠠᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ︵ᠴᠢᠩᠱᠠᠨ ᠵᠠᠰᠠᠭ ᠠᠯᠪᠠᠨ ᠲᠠᠷᠬᠠᠭᠠᠭᠰᠠᠨ ﹇2020﹈ 19  ᠳ᠋ᠤᠭᠡᠷ ᠲᠣᠭᠠᠲᠤ︶᠎ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠨᠡᠶᠢᠭᠡᠮ ᠲᠣᠭᠤᠷᠢᠭ ᠤᠨ ᠠᠵᠢᠯᠲᠠᠨ ᠢ ᠰᠢᠯᠭᠠᠨ ᠬᠢᠨᠠᠬᠤ ᠠᠷᠭ᠎ᠠ ᠶᠢ ᠲᠣᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ  ᠎ ᠠᠴᠠ ᠬᠠᠮᠲᠤᠪᠠᠷ ᠲᠣᠭᠲᠠᠭᠠᠵᠤ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ᠂ ᠪᠠᠯᠭᠠᠰᠤᠨ ᠤ ᠨᠠᠮ ᠤᠨ ᠬᠤᠷᠢᠶ᠎ᠠ ᠎ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ᠬᠤᠶᠠᠳᠤᠭᠠᠷ ᠪᠦᠯᠦᠭ       ᠠᠵᠢᠯ ᠤᠨ ᠪᠠᠶᠢᠷᠢ ᠶᠢᠨ ᠬᠠᠮᠢᠶᠠᠷᠤᠯᠲᠠ      ᠳᠥᠷᠪᠡᠳᠦᠭᠡᠷ ᠵᠦᠢᠯ      ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠤᠨ ᠪᠠᠶᠢᠷᠢ ᠶᠢᠨ ᠲᠣᠳᠣᠷᠬᠠᠶᠢᠯᠠᠯᠲᠠ ᠶᠢᠨ ᠳᠦᠷᠢᠮ ᠢ ᠪᠠᠶᠢᠭᠤᠯᠵᠤ᠂ ᠨᠡᠶᠢᠭᠡᠮ ᠲᠣᠭᠤᠷᠢᠭ ᠤᠨ ᠠᠵᠢᠯᠲᠠᠨ ᠤ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠠᠵᠢᠯ ᠤᠨ ᠪᠠᠶᠢᠷᠢ ᠶᠢᠨ ᠶᠣᠰᠣᠭᠠᠷ ᠣᠨᠣᠪᠴᠢᠲᠠᠶ ᠬᠠᠮᠢᠶᠠᠷᠬᠤ ᠪᠠ ᠰᠢᠯᠭᠠᠨ ᠦᠨᠡᠯᠡᠨ᠎ᠡ᠃      ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠤᠨ ᠪᠠᠶᠢᠷᠢ ᠶᠢᠨ ᠲᠣᠳᠣᠷᠬᠠᠶᠢᠯᠠᠯᠲᠠ ᠶᠢᠨ ᠪᠢᠴᠢᠭ ᠢ ︽3 ᠠᠵᠢᠯ ᠤᠨ ᠪᠠᠶᠢᠷᠢ 18 ᠲᠠᠰ︾ ᠴᠠᠯᠢᠩ ᠬᠥᠯᠥᠰᠦ ᠶᠢ ᠢᠵᠢ ᠪᠦᠷᠢᠳᠦᠭᠦᠯᠦᠨ ᠥᠭᠡᠷᠡᠴᠢᠯᠡᠬᠦ ᠠᠵᠢᠯ ᠤᠨ ᠪᠠᠶᠢᠷᠢ ᠶᠢᠨ ᠱᠠᠭᠠᠷᠳᠠᠯᠭ᠎ᠠ ᠶᠣᠰᠣᠭᠠᠷ ᠨᠡᠶᠢᠭᠡᠮ ᠲᠣᠭᠤᠷᠢᠭ ᠤᠨ ᠵᠢᠩᠬᠢᠨᠢ ᠲᠤᠰᠢᠶᠠᠯ᠂ ᠳᠡᠳ᠋ ᠲᠤᠰᠢᠶᠠᠯ ᠪᠠ ᠡᠩ ᠤᠨ ᠠᠵᠢᠯᠲᠠᠨ ᠭᠡᠵᠦ ᠭᠤᠷᠪᠠᠨ ᠲᠥᠷᠥᠯ ᠳᠤ ᠬᠤᠪᠢᠶᠠᠨ᠎ᠠ᠃ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠤᠨ ᠪᠠᠶᠢᠷᠢ ᠶᠢᠨ ᠲᠣᠳᠣᠷᠬᠠᠶᠢᠯᠠᠯᠲᠠ ᠶᠢᠨ ᠪᠢᠴᠢᠭ ᠲᠤ ᠨᠢᠭᠡ ᠠᠵᠢᠯ ᠤᠨ ᠪᠠᠶᠢᠷᠢ ᠣᠯᠠᠨ ᠴᠢᠳᠠᠪᠤᠷᠢ ᠲᠠᠢ᠂ ᠶᠡᠷᠦᠩᠬᠡᠢ ᠰᠠᠯᠠᠭ᠎ᠠ ᠶᠢᠨ ᠪᠦᠷᠢᠨ ᠴᠢᠳᠠᠪᠤᠷᠢ ᠲᠠᠢ ᠪᠠᠶᠢᠬᠤ ᠶᠢ ᠳᠣᠪᠤᠶᠢᠯᠭᠠᠵᠤ᠂ ᠠᠵᠢᠯ ᠬᠤᠪᠢᠶᠠᠷᠢᠯᠠᠬᠤ᠂ ᠡᠷᠦᠬᠡ ᠳᠤ ᠣᠷᠣᠬᠤ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ︵ᠨᠡᠶᠢᠭᠡᠮ ᠲᠣᠭᠤᠷᠢᠭ ᠤᠨ ᠬᠠᠮᠢᠶᠠᠷᠤᠯᠲᠠ ᠦᠢᠯᠡᠴᠢᠯᠡᠭᠡᠨ ᠤ ᠥᠷᠲᠡᠭᠡ︶᠎ ᠤᠨ ᠦᠢᠯᠡᠴᠢᠯᠡᠭᠡᠨ ᠤ ᠠᠯᠪᠠᠨ ᠠᠵᠢᠯ ᠵᠡᠷᠭᠡ ᠲᠠᠯ᠎ᠠ ᠶᠢᠨ ᠦᠨᠳᠦᠰᠦᠨ ᠠᠭᠤᠯᠭ᠎ᠠ ᠶᠢ ᠪᠠᠭᠲᠠᠭᠠᠵᠤ᠂ ᠨᠡᠶᠢᠭᠡᠮ ᠲᠣᠭᠤᠷᠢᠭ ᠤᠨ ᠠᠵᠢᠯᠲᠠᠨ ᠨᠢᠭᠡᠪᠦᠷᠢ ᠶᠢᠨ ᠪᠣᠳᠠᠲᠠᠢ ᠠᠵᠢᠯ ᠤᠨ ᠲᠣᠬᠢᠷᠠᠭᠤᠯᠤᠯᠲᠠ᠂ ᠡᠭᠦᠷᠭᠡ ᠬᠠᠷᠢᠭᠤᠴᠠᠯᠭ᠎ᠠ ᠶᠢᠨ ᠱᠠᠭᠠᠷᠳᠠᠯᠭ᠎ᠠ ᠶᠢ ᠢᠯᠡᠷᠡᠭᠦᠯᠵᠦ᠂ ᠨᠢᠭᠡ ᠬᠥᠮᠥᠨ ᠳᠤ ᠨᠢᠭᠡ ᠨᠣᠮ᠂ ᠵᠢᠯ ᠳᠤ ᠨᠢᠭᠡ ᠨᠣᠮ ᠪᠢᠴᠢᠬᠦ ᠶᠢ ᠪᠡᠶᠡᠯᠡᠭᠦᠯᠬᠦ ᠬᠡᠷᠡᠭᠲᠡᠢ᠃      ᠲᠠᠪᠤᠳᠤᠭᠠᠷ ᠵᠦᠢᠯ       ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ  ᠎ ᠤᠨ ᠪᠠᠶᠢᠷᠢ ᠶᠢᠨ ᠲᠣᠳᠣᠷᠬᠠᠶᠢᠯᠠᠯᠲᠠ ᠶᠢᠨ ᠪᠢᠴᠢᠭ ᠢ ᠨᠠᠶᠢᠷᠠᠭᠤᠯᠤᠨ ᠵᠣᠬᠢᠶᠠᠬᠤ ᠠᠵᠢᠯ ᠢ ᠡᠩ ᠤᠨ ᠪᠠᠶᠢᠳᠠᠯ ᠳᠤ ᠵᠢᠯ ᠪᠦᠷᠢ ᠶᠢᠨ ᠡᠬᠢᠨ ᠲᠤ ᠳᠠᠭᠤᠰᠬᠠᠬᠤ ᠬᠡᠷᠡᠭᠲᠡᠢ᠃ ᠳᠣᠣᠷᠠᠬᠢ ᠦᠨᠳᠦᠰᠦᠨ ᠶᠠᠪᠤᠴᠠ ᠪᠠᠷ ᠶᠠᠪᠤᠭᠳᠠᠭᠤᠯᠤᠨ᠎ᠠ᠄      1᠂ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠨᠢ ᠨᠠᠮ ᠤᠨ ᠬᠤᠷᠢᠶᠠᠨ ᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠤᠨ ᠪᠠᠶᠢᠷᠢ ᠶᠢᠨ ᠲᠣᠳᠣᠷᠬᠠᠶᠢᠯᠠᠯᠲᠠ ᠎ ᠶᠢ ᠶᠠᠷᠢᠯᠴᠠᠨ ᠲᠣᠭᠲᠠᠭᠠᠨ᠎ᠠ᠃ ᠵᠡᠭᠡᠯᠢ ᠭᠤᠳᠤᠮᠵᠢ ︵ᠪᠠᠯᠭᠠᠰᠤ︶ ᠪᠠ ᠨᠡᠶᠢᠭᠡᠮ ᠲᠣᠭᠤᠷᠢᠭ ᠣᠨ ᠤ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠪᠣᠶ ᠪᠦᠬᠦᠢ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠤᠨ ᠬᠤᠪᠢᠶᠠᠷᠢᠯᠠᠯ᠂ ᠡᠭᠦᠷᠭᠡ  ᠬᠠᠷᠢᠭᠤᠴᠠᠯᠭ᠎ᠠ ᠶᠢᠨ ᠡᠭᠦᠷᠭᠡ ᠶᠢ ᠲᠣᠳᠣᠷᠬᠠᠶᠢᠯᠠᠵᠤ᠂ ᠥᠪᠡᠷᠮᠢᠴᠡ ᠠᠵᠢᠯ ᠤᠨ ᠪᠠᠶᠢᠷᠢ ᠶᠢᠨ ᠲᠣᠳᠣᠷᠬᠠᠶᠢᠯᠠᠯᠲᠠ ᠶᠢ ᠪᠣᠶ ᠪᠣᠯᠭᠠᠬᠤ ᠬᠡᠷᠡᠭᠲᠡᠢ᠃      2᠂ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠤᠨ ᠪᠠᠶᠢᠷᠢ ᠶᠢᠨ ᠲᠣᠳᠣᠷᠬᠠᠶᠢᠯᠠᠯᠲᠠ ᠶᠢ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠢᠶᠠᠷ ᠶᠠᠷᠢᠯᠴᠠᠭᠤᠯᠤᠨ ᠪᠠᠲᠤᠯᠠᠭᠤᠯᠤᠭᠰᠠᠨ ᠤ ᠳᠠᠷᠠᠭ᠎ᠠ᠂ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠠᠴᠠ ᠠᠯᠪᠠᠨ ᠲᠠᠮᠠᠭ᠎ᠠ ᠳᠠᠷᠤᠵᠤ ᠵᠡᠭᠡᠯᠢ ᠪᠠᠯᠭᠠᠰᠤ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠮᠡᠳᠡᠭᠦᠯᠵᠦ ᠬᠢᠨᠠᠨ ᠬᠠᠷᠭᠤᠭᠤᠯᠵᠤ ᠳᠠᠩᠰᠠᠯᠠᠭᠤᠯᠤᠨ᠎ᠠ᠃      3᠂ ᠵᠡᠭᠡᠯᠢ ᠪᠠᠯᠭᠠᠰᠤ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ᠂ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠨᠢ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠤᠨ ᠪᠠᠶᠢᠷᠢ ᠶᠢᠨ ᠲᠣᠳᠣᠷᠬᠠᠶᠢᠯᠠᠯᠲᠠ ᠶᠢ ᠴᠠᠭ ᠲᠤᠬᠠᠢ ᠳᠤᠨᠢ ᠢᠯᠡ ᠨᠡᠶᠢᠲᠡᠯᠡᠬᠦ ᠶᠢᠨ ᠬᠠᠮᠲᠤ ᠨᠡᠶᠢᠭᠡᠮ ᠲᠣᠭᠤᠷᠢᠭ ᠤᠨ ᠭᠤᠷᠪᠠᠨ ᠶᠠᠪᠤᠳᠠᠯ ᠢ ᠢᠯᠡ ᠪᠣᠯᠭᠠᠬᠤ ᠮᠡᠳᠡᠭᠡ ᠵᠠᠩᠭᠢ ᠶᠢᠨ ᠲᠠᠪᠴᠠᠩ ᠢᠶᠠᠷ ᠳᠠᠮᠵᠢᠭᠤᠯᠤᠨ ᠬᠦᠷᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠢᠯᠡ ᠪᠣᠯᠭᠠᠵᠤ᠂ ᠣᠯᠠᠨ ᠲᠦᠮᠡᠨ ᠤ ᠬᠠᠷᠢᠯᠴᠠᠵᠤ ᠬᠢᠨᠠᠯᠲᠠ ᠲᠠᠯᠪᠢᠬᠤ ᠳᠤ ᠲᠥᠬᠦᠮ ᠦᠵᠡᠭᠦᠯᠬᠦ ᠬᠡᠷᠡᠭᠲᠡᠢ᠃      ᠵᠢᠷᠭᠤᠳᠤᠭᠠᠷ ᠵᠦᠢᠯ       ᠵᠡᠭᠡᠯᠢ ᠭᠤᠳᠤᠮᠵᠢ ︵ᠪᠠᠯᠭᠠᠰᠤ︶᠎ ᠨᠢ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠤᠨ ᠪᠠᠶᠢᠷᠢ ᠶᠢᠨ ᠲᠣᠳᠣᠷᠬᠠᠶᠢᠯᠠᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠨᠠᠭᠠᠲᠤ ᠵᠠᠬ᠎ᠠ ᠳᠠᠭᠠᠨ ᠬᠠᠭᠠᠰ ᠵᠢᠯ ᠳᠤ ᠨᠢᠭᠡ ᠤᠳᠠᠭ᠎ᠠ ᠪᠠᠶᠢᠴᠠᠭᠠᠨ ᠰᠤᠳᠤᠯᠵᠤ ᠦᠨᠡᠯᠡᠨ ᠵᠢᠱᠢᠬᠦ ᠶᠢ ᠥᠷᠨᠢᠭᠦᠯᠬᠦ ᠬᠡᠷᠡᠭᠲᠡᠢ᠃ ᠪᠠᠶᠢᠴᠠᠭᠠᠨ ᠰᠤᠳᠤᠯᠵᠤ ᠦᠨᠡᠯᠡᠨ ᠵᠢᠱᠢᠭᠰᠡᠨ ᠦᠷ᠎ᠡ ᠳ᠋ᠦᠩ ᠢ ᠨᠡᠶᠢᠭᠡᠮ ᠲᠣᠭᠤᠷᠢᠭ ᠤᠨ ᠠᠵᠢᠯᠲᠠᠨ ᠢ ᠰᠢᠯᠭᠠᠨ ᠦᠨᠡᠯᠡᠬᠦ ᠶᠢᠨ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠢ᠃      ᠭᠤᠷᠪᠠᠳᠤᠭᠠᠷ ᠪᠦᠯᠦᠭ     ᠬᠢᠨᠠᠨ ᠰᠢᠯᠭᠠᠵᠤ ᠦᠨᠡᠯᠡᠬᠦ      ᠳᠣᠯᠣᠳᠤᠭᠠᠷ ᠵᠦᠢᠯ       ᠰᠢᠯᠭᠠᠨ ᠦᠨᠡᠯᠡᠬᠦ ᠳᠤ ᠪᠤᠰᠤᠳᠴᠢ ᠪᠥᠭᠡᠳ ᠭᠤᠣᠯᠴᠢ ᠪᠠᠶᠢᠬᠤ᠂ ᠪᠣᠳᠠᠲᠤ ᠦᠷ᠎ᠡ ᠪᠦᠲᠦᠮᠵᠢ  ᠎ ᠶᠢ ᠴᠢᠬᠤᠯᠠᠴᠢᠯᠠᠬᠤ ᠵᠠᠷᠴᠢᠮ ᠢ ᠪᠠᠷᠢᠮᠲᠠᠯᠠᠨ᠂ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠤᠨ ᠪᠠᠶᠢᠷᠢ ᠶᠢᠨ ᠲᠣᠳᠣᠷᠬᠠᠶᠢᠯᠠᠯ ᠤᠨ ᠪᠢᠴᠢᠭ ᠢᠶᠠᠷ ᠦᠨᠳᠦᠰᠦᠨ ᠦᠨᠳᠦᠰᠦᠯᠡᠯ ᠪᠣᠯᠭᠠᠨ᠂ ᠬᠠᠭᠠᠰ ᠵᠢᠯ ᠤᠨ ᠰᠢᠯᠭᠠᠨ ᠦᠨᠡᠯᠡᠬᠦ᠂ ᠣᠨ ᠤ ᠰᠢᠯᠭᠠᠨ ᠦᠨᠡᠯᠡᠬᠦ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠠᠵᠢᠯᠲᠠᠨ ᠤ ᠮᠣᠷᠠᠯ᠂ ᠴᠢᠳᠠᠪᠤᠷᠢ᠂ ᠠᠵᠢᠯ ᠳᠤ ᠭᠠᠷᠬᠤ᠂ ᠠᠮᠵᠢᠯᠲᠠ ᠪᠦᠲᠦᠮᠵᠢ᠂ ᠠᠷᠢᠭᠤᠨ ᠴᠢᠬᠡᠴᠢ ᠵᠡᠷᠭᠡ ᠲᠠᠯ᠎ᠠ ᠶᠢᠨ ᠪᠣᠳᠠᠲᠤ ᠢᠯᠡᠷᠡᠯ ᠢ ᠪᠦᠬᠦ ᠲᠠᠯ᠎ᠠ ᠪᠠᠷ ᠰᠢᠯᠭᠠᠨ ᠦᠨᠡᠯᠡᠬᠦ ᠬᠡᠷᠡᠭᠲᠡᠢ᠃      ᠨᠠᠢᠮᠠᠳᠤᠭᠠᠷ ᠵᠦᠢᠯ       ᠬᠠᠭᠠᠰ ᠵᠢᠯ ᠤᠨ ᠰᠢᠯᠭᠠᠨ ᠦᠨᠡᠯᠡᠬᠦ ᠶᠢ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠠᠴᠠ ᠬᠠᠷᠢᠭᠤᠴᠠᠵᠤ᠂ ᠵᠢᠯ ᠤᠨ ᠡᠬᠢᠨ ᠳᠤ ᠰᠢᠯᠭᠠᠨ ᠦᠨᠡᠯᠡᠬᠦ ᠠᠷᠭ᠎ᠠ ᠵᠢᠴᠢ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠵᠤ᠂ ᠵᠡᠭᠡᠯᠢ ᠪᠠᠯᠭᠠᠰᠤᠨ ᠤ ᠨᠠᠮ ︵ᠠᠵᠤ ᠦᠢᠯᠡᠳᠪᠦᠷᠢ︶᠎ ᠤᠨ ᠬᠤᠷᠢᠶ᠎ᠠ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠬᠦ ᠬᠡᠷᠡᠭᠲᠡᠢ᠃ ᠨᠡᠶᠢᠭᠡᠮ ᠲᠣᠭᠤᠷᠢᠭ ᠤᠨ ᠠᠵᠢᠯᠲᠠᠳ ᠤᠨ ᠡᠳᠦᠷ ᠲᠤᠳᠤᠮ ᠤᠨ ᠠᠵᠢᠯ ᠤᠨ ᠡᠭᠦᠷᠭᠡ ᠪᠠᠨ ᠪᠡᠶᠡᠯᠡᠭᠦᠯᠦᠭᠰᠡᠨ᠂ ᠱᠠᠲᠤ ᠦᠶ᠎ᠡ ᠶᠢᠨ ᠴᠢᠨᠠᠷᠲᠠᠢ ᠠᠵᠢᠯ ᠤᠨ ᠬᠠᠷᠠᠯᠲᠠ ᠵᠢᠴᠢ ᠠᠵᠢᠯ ᠳᠤ ᠭᠠᠷᠬᠤ ᠶᠢ ᠰᠢᠯᠭᠠᠬᠤ᠂ ᠡᠷᠥᠭᠡ ᠲᠤ ᠬᠦᠷᠴᠦ ᠰᠤᠷᠪᠤᠯᠵᠢᠯᠠᠬᠤ ᠪᠠ ᠰᠠᠭᠤᠭᠠᠯᠢ ᠠᠷᠠᠳ ᠲᠤ ᠦᠢᠯᠡᠴᠢᠯᠡᠬᠦ ᠵᠡᠷᠭᠡ ᠲᠠᠯ᠎ᠠ ᠶᠢᠨ ᠪᠠᠶᠢᠳᠠᠯ ᠢ ᠭᠤᠣᠯᠳᠠᠯᠭ᠎ᠠ ᠲᠠᠢ ᠰᠢᠯᠭᠠᠨ ᠦᠨᠡᠯᠡᠬᠦ ᠳᠤ ᠭᠤᠣᠯᠳᠠᠭᠤ ᠰᠢᠯᠭᠠᠨ ᠦᠨᠡᠯᠡᠭᠳᠡᠬᠦ ᠡᠲᠡᠭᠡᠳ ᠤᠨ ᠡᠳᠦᠷ ᠲᠤᠳᠤᠮ ᠤᠨ ᠠᠵᠢᠯ ᠤᠨ ᠪᠣᠳᠠᠲᠤ ᠲᠡᠮᠳᠡᠭᠯᠡᠯ᠂ ᠲᠤᠰᠬᠠᠢ ᠵᠦᠢᠯ ᠤᠨ ᠠᠵᠢᠯ ᠤᠨ ᠲᠠᠩᠰᠠ ᠡᠪᠬᠡᠮᠡᠯ ᠢ ᠪᠠᠶᠢᠴᠠᠭᠠᠨ ᠦᠵᠡᠬᠦ᠂ ᠠᠵᠢᠯ ᠳᠤ ᠭᠠᠷᠬᠤ ᠶᠢ ᠡᠵᠡᠮᠰᠢᠬᠦ᠂ ᠦᠢᠯᠡᠴᠢᠯᠡᠬᠦ ᠡᠲᠡᠭᠡᠳ ᠢ ᠦᠨᠡᠯᠡᠬᠦ ᠵᠡᠷᠭᠡ ᠠᠷᠭ᠎ᠠ ᠮᠠᠶ᠋ᠢᠭ ᠢ ᠠᠪᠴᠤ ᠶᠠᠪᠤᠭᠳᠠᠭᠤᠯᠤᠨ᠎ᠠ᠃ ᠬᠠᠭᠠᠰ ᠵᠢᠯ ᠤᠨ ᠰᠢᠯᠭᠠᠨ ᠲᠣᠭᠲᠠᠭᠠᠭᠰᠠᠨ ᠦᠷ᠎ᠡ ᠳ᠋ᠦᠩ ᠨᠢ ᠣᠨ ᠤ ᠰᠢᠯᠭᠠᠨ ᠲᠣᠭᠲᠠᠭᠠᠭᠰᠠᠨ ᠬᠤᠪᠢ ᠶᠢᠨ ᠥᠷᠲᠡᠭ ᠤᠨ 40%᠎ ᠶᠢ ᠡᠵᠡᠯᠡᠵᠦ᠂ ᠰᠢᠯᠭᠠᠨ ᠲᠣᠭᠲᠠᠭᠠᠭᠰᠠᠨ ᠦᠷ᠎ᠡ ᠳ᠋ᠦᠩ ᠢ ᠵᠡᠭᠡᠯᠢ ᠪᠠᠯᠭᠠᠰᠤ ᠶᠢᠨ ᠨᠠᠮ ︵ᠠᠵᠢᠯ︶᠎ ᠤᠨ ᠬᠤᠷᠢᠶ᠎ᠠ ᠳᠤ ᠮᠡᠳᠡᠭᠦᠯᠵᠦ ᠬᠢᠨᠠᠨ ᠬᠠᠷᠭᠤᠭᠤᠯᠵᠤ ᠳᠠᠩᠰᠠᠯᠠᠭᠤᠯᠤᠨ᠎ᠠ᠃      ᠶᠢᠰᠦᠳᠦᠭᠡᠷ ᠵᠦᠢᠯ      ᠣᠨ ᠤ ᠰᠢᠯᠭᠠᠨ ᠦᠨᠡᠯᠡᠯᠲᠡ ᠶᠢ ᠡᠯ᠎ᠡ ᠵᠡᠭᠡᠯᠢ ᠪᠠᠯᠭᠠᠰᠤ ᠶᠢᠨ ᠨᠠᠮ ︵ᠠᠵᠢᠯ︶᠎ ᠤᠨ ᠬᠤᠷᠢᠶ᠎ᠠ ᠠᠴᠠ ᠬᠠᠷᠢᠭᠤᠴᠠᠵᠤ᠂ ᠵᠢᠯ ᠤᠨ ᠡᠬᠢᠨ ᠲᠤ ᠰᠢᠯᠭᠠᠨ ᠦᠨᠡᠯᠡᠬᠦ ᠠᠷᠭ᠎ᠠ ᠬᠢᠭᠡᠳ ᠬᠡᠷᠡᠭᠵᠢᠭᠦᠯᠬᠦ ᠨᠠᠷᠢᠨ ᠳᠦᠷᠢᠮ ᠲᠣᠭᠲᠠᠭᠠᠵᠤ᠂ ᠲᠣᠭᠤᠷᠢᠭ ᠤᠨ ᠠᠷᠠᠳ  ᠎ ᠤᠨ ᠶᠠᠪᠤᠳᠠᠯ ᠤᠨ ᠲᠣᠪᠴᠢᠶ᠎ᠠ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠭᠰᠡᠨ ᠤ ᠲᠠᠷᠠᠭ᠎ᠠ ᠬᠡᠷᠡᠭᠵᠢᠭᠦᠯᠬᠦ ᠬᠡᠷᠡᠭᠲᠡᠢ᠃ ᠨᠡᠶᠢᠭᠡᠮ ᠲᠣᠭᠤᠷᠢᠭ ᠤᠨ ᠠᠵᠢᠯᠲᠠᠨ ᠠᠵᠢᠯ ᠤᠨ ᠪᠠᠶᠢᠷᠢ ᠶᠢᠨ ᠲᠣᠳᠣᠷᠬᠠᠶᠢᠯᠠᠯᠲᠠ ᠪᠠ ᠪᠥᠬᠦ ᠵᠢᠯ ᠤᠨ ᠵᠡᠭᠡᠯᠢ ᠪᠠᠯᠭᠠᠰᠤ ᠨᠡᠶᠢᠭᠡᠮ ᠲᠣᠭᠤᠷᠢᠭ ᠤᠨ ᠭᠤᠣᠯᠳᠠᠯᠭ᠎ᠠ ᠲᠠᠢ ᠠᠵᠢᠯ ᠲᠠᠢ ᠬᠠᠷᠢᠴᠠᠭᠤᠯᠤᠨ ᠰᠢᠯᠭᠠᠨ ᠦᠨᠡᠯᠡᠬᠦ ᠬᠡᠷᠡᠭᠲᠡᠢ᠃ ᠭᠤᠣᠯᠳᠠᠭᠤ ᠠᠵᠢᠯ ᠤᠨ ᠠᠮᠵᠢᠯᠲᠠ ᠶᠢ ᠦᠨᠡᠯᠡᠬᠦ᠂ ᠠᠷᠠᠳᠴᠢᠯᠠᠯ ᠢᠶᠠᠷ ᠦᠨᠡᠯᠡᠬᠦ ︵ᠵᠡᠭᠡᠯᠢ ᠪᠠᠯᠭᠠᠰᠤ ᠶᠢ ᠦᠨᠡᠯᠡᠬᠦ᠂ ᠨᠡᠶᠢᠭᠡᠮ ᠲᠣᠭᠤᠷᠢᠭ ᠤᠨ ᠤᠳᠤᠷᠢᠳᠬᠤ ᠪᠠᠭ ᠢ ᠦᠨᠡᠯᠡᠬᠦ᠂ ᠨᠡᠶᠢᠭᠡᠮ ᠲᠣᠭᠤᠷᠢᠭ ᠤᠨ ᠠᠵᠢᠯᠲᠠᠳ ᠢ ᠬᠠᠷᠢᠯᠴᠠᠨ ᠦᠨᠡᠯᠡᠬᠦ︶᠂ ᠰᠠᠭᠤᠭᠠᠯᠢ ᠠᠷᠠᠳ ᠤᠨ ᠬᠠᠨᠤᠮᠵᠢ ᠶᠢᠨ ᠬᠡᠮᠵᠢᠶ᠎ᠡ ᠶᠢ ᠪᠠᠶᠢᠴᠠᠭᠠᠵᠤ ᠶᠡᠷᠦᠩᠬᠡᠶᠢᠯᠡᠨ ᠦᠨᠡᠯᠡᠬᠦ ᠵᠡᠷᠭᠡ ᠠᠷᠭ᠎ᠠ ᠬᠡᠯᠪᠡᠷᠢ ᠪᠠᠷ ᠶᠠᠪᠤᠭᠳᠠᠭᠤᠯᠤᠨ᠎ᠠ᠃ ᠣᠨ ᠤ ᠰᠢᠯᠭᠠᠨ ᠲᠣᠭᠲᠠᠭᠠᠭᠰᠠᠨ ᠦᠷ᠎ᠡ ᠳ᠋ᠦᠩ ᠨᠢ ᠪᠥᠬᠦ ᠵᠢᠯ ᠤᠨ ᠰᠢᠯᠭᠠᠨ ᠲᠣᠭᠲᠠᠭᠠᠭᠰᠠᠨ ᠬᠤᠪᠢ ᠶᠢᠨ ᠥᠷᠲᠡᠭ ᠤᠨ 60%᠎ ᠶᠢ ᠡᠵᠡᠯᠡᠵᠦ᠂ ᠬᠠᠭᠠᠰ ᠵᠢᠯ ᠤᠨ ᠰᠢᠯᠭᠠᠨ ᠲᠣᠭᠲᠠᠭᠠᠭᠰᠠᠨ ᠬᠤᠪᠢ ᠯᠤᠭ᠎ᠠ 6᠄ 4᠎ ᠶᠢᠨ ᠡᠵᠡᠯᠡᠬᠦᠨ ᠤ ᠬᠠᠷᠢᠴᠠᠯ ᠢᠶᠠᠷ ᠪᠥᠬᠦ ᠵᠢᠯ ᠤᠨ ᠰᠢᠯᠭᠠᠨ ᠲᠣᠭᠲᠠᠭᠠᠭᠰᠠᠨ ᠦᠷ᠎ᠡ ᠳ᠋ᠦᠩ ᠢ ᠪᠤᠳᠤᠨ᠎ᠠ᠃      ᠠᠷᠪᠠᠳᠤᠭᠠᠷ ᠵᠦᠢᠯ       ᠣᠨ ᠤ ᠰᠢᠯᠭᠠᠨ ᠦᠨᠡᠯᠡᠯᠲᠡ ᠶᠢ ᠳᠣᠣᠷ᠎ᠠ ᠵᠢᠭᠰᠠᠭᠠᠭᠰᠠᠨ ᠰᠢᠯᠭᠠᠨ ᠦᠨᠡᠯᠡᠬᠦ ᠭᠦᠢᠴᠡᠳᠬᠡᠯ ᠲᠤᠭ᠎ᠠ ᠶᠢᠨ ᠠᠭᠤᠯᠭ᠎ᠠ ᠪᠠᠷ ᠶᠠᠪᠤᠭᠤᠯᠤᠨ᠎ᠠ᠄      ︵ᠨᠢᠭᠡ︶ ᠠᠵᠢᠯ ᠤᠨ ᠠᠮᠵᠢᠯᠲᠠ ᠶᠢ ᠦᠨᠡᠯᠡᠬᠦ᠃ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠪᠠ ᠮᠠᠲ᠋ᠧᠷᠢᠶᠠᠯ ᠪᠠᠶᠢᠴᠠᠭᠠᠨ ᠦᠵᠡᠬᠦ ᠠᠷᠭ᠎ᠠ ᠮᠠᠶ᠋ᠢᠭ ᠢ ᠠᠪᠴᠤ᠂ ᠨᠡᠶᠢᠭᠡᠮ ᠲᠣᠭᠤᠷᠢᠭ ᠤᠨ ᠠᠵᠢᠯᠲᠠᠨ ᠤ ᠲᠤᠬᠠᠶᠢᠯᠠᠭᠰᠠᠨ ᠠᠵᠢᠯ ᠪᠠ ᠨᠡᠶᠢᠲᠡᠴᠢ ᠴᠢᠨᠠᠷᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ ᠢ ᠵᠦᠢᠯ ᠵᠤᠷᠪᠤᠰ ᠳᠠᠷᠠᠭᠠᠯᠠᠨ ᠰᠢᠯᠭᠠᠨ ᠦᠨᠡᠯᠡᠵᠦ᠂ ᠬᠡᠮᠵᠢᠶᠡᠵᠢᠭᠦᠯᠦᠨ ᠬᠤᠪᠢ ᠲᠣᠭᠲᠠᠭᠠᠬᠤ ᠬᠡᠷᠡᠭᠲᠡᠢ᠃      ︵ᠬᠤᠶᠠᠷ︶ ᠠᠷᠠᠳᠴᠢᠯᠠᠯ ᠢᠶᠠᠷ ᠰᠢᠯᠭᠠᠨ ᠦᠨᠡᠯᠡᠨ᠎ᠡ᠃ ᠵᠡᠭᠡᠯᠢ ᠪᠠᠯᠭᠠᠰᠤ ᠶᠢ ᠦᠨᠡᠯᠡᠬᠦ᠂ ᠨᠡᠶᠢᠭᠡᠮ ᠲᠣᠭᠤᠷᠢᠭ ᠤᠨ ᠤᠳᠤᠷᠢᠳᠬᠤ ᠪᠠᠭ ᠢ ᠦᠨᠡᠯᠡᠬᠦ᠂ ᠨᠡᠶᠢᠭᠡᠮ ᠲᠣᠭᠤᠷᠢᠭ ᠤᠨ ᠠᠵᠢᠯᠲᠠᠨ ᠢ ᠬᠠᠷᠢᠯᠴᠠᠨ ᠦᠨᠡᠯᠡᠬᠦ ᠵᠡᠷᠭᠡ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃      1᠂  ᠵᠡᠭᠡᠯᠢ ᠪᠠᠯᠭᠠᠰᠤ ᠶᠢᠨ ᠦᠨᠡᠯᠡᠯᠲᠡ᠄ ᠲᠣᠰ ᠵᠡᠭᠡᠯᠢ ᠪᠠᠯᠭᠠᠰᠤ ᠶᠢᠨ ᠤᠳᠤᠷᠢᠳᠬᠤ ᠪᠠᠭ ᠤᠨ ᠪᠦᠷᠢᠯᠳᠦᠭᠦᠨ᠂ ᠵᠡᠭᠡᠯᠢ ᠪᠠᠯᠭᠠᠰᠤ ᠶᠢᠨ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠠᠴᠠ ᠰᠢᠯᠭᠠᠨ ᠲᠣᠭᠲᠠᠭᠠᠬᠤ ᠬᠦᠰᠦᠨᠦᠭᠲᠦ ᠶᠢ ᠲᠠᠭᠯᠠᠬᠤ ᠠᠷᠭ᠎ᠠ ᠮᠠᠶ᠋ᠢᠭ ᠢᠶᠠᠷ ᠨᠡᠶᠢᠭᠡᠮ ᠲᠣᠭᠤᠷᠢᠭ ᠤᠨ ᠠᠵᠢᠯᠲᠠᠳ ᠲᠤ ᠬᠤᠪᠢ ᠣᠯᠭᠤᠨ᠎ᠠ᠃ ᠡᠭᠦᠨ ᠳᠤ᠂ ᠵᠡᠭᠡᠯᠢ ᠭᠤᠳᠤᠮᠵᠢ ᠶᠢᠨ ᠤᠳᠤᠷᠢᠳᠬᠤ ᠪᠠᠭ ᠤᠨ ᠪᠦᠷᠢᠯᠳᠦᠭᠦᠨ᠂ ᠪᠠᠯᠭᠠᠰᠤᠨ ᠤ ᠬᠠᠮᠢᠶ᠎ᠠ ᠪᠦᠬᠦᠢ ᠤᠳᠤᠷᠢᠳᠬᠤ ᠪᠠᠭ ᠤᠨ ᠪᠦᠷᠢᠯᠳᠦᠭᠦᠨ ᠬᠤᠪᠢ ᠥᠭᠭᠦᠭᠰᠡᠨ ᠤ ᠳᠠᠷᠠᠭ᠎ᠠ ᠲᠡᠭᠰᠢᠳᠬᠡᠭᠰᠡᠨ ᠬᠤᠪᠢ ᠶᠢ ᠪᠤᠳᠤᠨ᠎ᠠ︔ ᠵᠡᠭᠡᠯᠢ ᠪᠠᠯᠭᠠᠰᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠤᠨ ᠬᠤᠪᠢ ᠲᠣᠭᠲᠠᠭᠠᠬᠤ ᠳᠤ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠲᠣᠰ ᠲᠣᠰ ᠬᠤᠪᠢ ᠥᠭᠭᠦᠭᠰᠡᠨ ᠤ ᠳᠠᠷᠠᠭ᠎ᠠ ᠲᠡᠭᠰᠢᠳᠬᠡᠭᠰᠡᠨ ᠬᠤᠪᠢ ᠶᠢ ᠪᠤᠳᠤᠨ᠎ᠠ᠃      2᠂ ᠨᠡᠶᠢᠭᠡᠮ ᠲᠣᠭᠤᠷᠢᠭ ᠤᠨ ᠤᠳᠤᠷᠢᠳᠬᠤ ᠪᠠᠭ ᠤᠨ ᠦᠨᠡᠯᠡᠯᠲᠡ᠄ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠭᠡᠷ ᠱᠦᠵᠢ᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠦᠢᠯᠡᠴᠢᠯᠡᠭᠡᠨ ᠤ ᠥᠷᠲᠡᠭᠡ ᠶᠢᠨ ᠳᠠᠷᠤᠭ᠎ᠠ ᠲᠣᠰ ᠲᠣᠰ ᠬᠤᠪᠢ ᠥᠭᠭᠦᠭᠰᠡᠨ ᠤ ᠳᠠᠷᠠᠭ᠎ᠠ ᠲᠡᠭᠰᠢᠳᠬᠡᠭᠰᠡᠨ ᠬᠤᠪᠢ ᠶᠢ ᠪᠤᠳᠤᠨ᠎ᠠ᠃     3᠂ ᠬᠠᠷᠢᠯᠴᠠᠨ ᠦᠨᠡᠯᠡᠬᠦ᠄ ᠰ᠊ᠵᠯᠭᠠᠨ ᠦᠨᠡᠯᠡᠭᠳᠡᠭᠰᠡᠨ ᠨᠡᠶᠢᠭᠡᠮ ᠲᠣᠭᠤᠷᠢᠭ ᠤᠨ ᠠᠵᠢᠯᠲᠠᠨ ᠬᠠᠷᠢᠯᠴᠠᠨ ᠦᠨᠡᠯᠡᠬᠦ ᠬᠦᠰᠦᠨᠦᠭᠲᠦ ᠶᠢ ᠲᠠᠭᠯᠠᠨ᠎ᠠ᠃      ︵ᠭᠤᠷᠪᠠ︶ ᠰᠠᠭᠤᠭᠠᠯᠢ ᠠᠷᠠᠳ ᠤᠨ ᠬᠠᠨᠤᠮᠵᠢ ᠶᠢᠨ ᠬᠡᠮᠵᠢᠶ᠎ᠡ ᠶᠢᠨ ᠪᠠᠶᠢᠴᠠᠭᠠᠯᠲᠠ᠃ ᠡᠭᠦᠨ ᠳᠤ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠤᠷᠢᠭ ᠤᠨ ᠬᠠᠨᠤᠮᠵᠢ ᠶᠢᠨ ᠬᠡᠮᠵᠢᠶᠡᠨ ᠤ ᠦᠨᠡᠯᠡᠯᠲᠡ᠂ ᠨᠡᠶᠢᠭᠡᠮ ᠤᠨ ᠦᠢᠯᠡᠴᠢᠯᠡᠭᠡᠨ ᠤ ᠬᠠᠨᠤᠮᠵᠢ ᠶᠢᠨ ᠬᠡᠮᠵᠢᠶᠡᠨ ᠤ ᠪᠠᠶᠢᠴᠠᠭᠠᠯᠲᠠ ᠪᠠᠭᠲᠠᠨ᠎ᠠ᠃      1᠂ ᠤᠯᠠᠨ ᠨᠡᠶᠢᠲᠡ ᠶᠢᠨ ᠦᠢᠯᠡᠴᠢᠯᠡᠭᠡᠨ ᠤ ᠲᠣᠭᠤᠷᠢᠭ ᠤᠨ ᠬᠠᠨᠤᠮᠵᠢ ᠶᠢᠨ ᠬᠡᠮᠵᠢᠶ᠎ᠡ ᠶᠢ ᠦᠨᠡᠯᠡᠨ᠎ᠡ᠃ ᠨᠡᠶᠢᠭᠡᠮ ᠲᠣᠭᠤᠷᠢᠭ ᠤᠨ ᠬᠠᠮᠢᠶᠠᠷᠤᠯᠲᠠ ᠦᠢᠯᠡᠴᠢᠯᠡᠭᠡᠨ ᠤ ᠥᠷᠲᠡᠭᠡ ᠨᠢᠭᠡᠪᠦᠷᠢ ᠶᠢᠨ ᠮᠡᠳᠡᠭᠡ ᠵᠠᠩᠭᠢᠵᠢᠯᠲᠠ ᠶᠢᠨ ︽ᠨᠢᠭᠡ ᠯᠡ ᠴᠣᠩᠬᠤᠪᠴᠢ ᠮᠠᠶ᠋ᠢᠭ︾᠎ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠶᠡᠷᠦᠩᠬᠡᠶᠢᠯᠡᠭᠰᠡᠨ ᠭᠥᠯᠢᠶᠡᠨ ᠠᠪᠴᠤ ᠰᠢᠢᠳᠪᠦᠷᠢᠯᠡᠬᠦ ᠴᠣᠩᠬᠤᠨ ᠳᠤ᠂ ᠬᠠᠨᠤᠮᠵᠢ ᠶᠢᠨ ᠬᠡᠮᠵᠢᠶ᠎ᠡ ᠶᠢᠨ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠲᠠᠯᠪᠢᠵᠤ᠂ ᠲᠤᠬᠠᠶᠢᠯᠠᠭᠰᠠᠨ ᠠᠵᠢᠯ ᠭᠦᠢᠴᠡᠳᠬᠡᠬᠦ ᠪᠠᠷ ᠢᠷᠡᠭᠰᠡᠨ ᠰᠠᠭᠤᠭᠠᠯᠢ ᠠᠷᠠᠳ ᠢᠶᠠᠷ ᠲᠠᠭᠯᠠᠨ ᠪᠢᠴᠢᠭᠦᠯᠵᠦ᠂ ᠨᠡᠶᠢᠭᠡᠮ ᠲᠣᠭᠤᠷᠢᠭ ᠨᠢ ᠰᠠᠷ᠎ᠠ ᠪᠦᠷᠢ ᠨᠢᠭᠡ ᠤᠳᠠᠭ᠎ᠠ ᠬᠤᠷᠢᠶᠠᠩᠭᠤᠶᠢᠯᠠᠵᠤ᠂ ᠨᠡᠶᠢᠭᠡᠮ ᠲᠣᠭᠤᠷᠢᠭ ᠤᠨ ᠠᠵᠢᠯᠲᠠᠨ ᠢ ᠰᠢᠯᠭᠠᠨ ᠦᠨᠡᠯᠡᠬᠦ ᠲᠠᠩᠰᠠ ᠡᠪᠬᠡᠮᠡᠯ ᠳᠤ ᠣᠷᠣᠭᠤᠯᠤᠨ᠂ ᠵᠢᠯ ᠤᠨ ᠡᠴᠦᠰ ᠲᠤ ᠲᠡᠭᠰᠢᠳᠬᠡᠭᠰᠡᠨ ᠬᠤᠪᠢ ᠶᠢ ᠰᠢᠯᠭᠠᠨ ᠦᠨᠡᠯᠡᠬᠦ ᠶᠡᠷᠦᠩᠬᠡᠢ ᠬᠢᠷᠢ ᠪᠦᠲᠦᠮᠵᠢ ᠳᠤ ᠪᠤᠳᠤᠵᠤ ᠣᠷᠣᠭᠤᠯᠤᠨ᠎ᠠ᠃      2᠂ ᠨᠡᠶᠢᠭᠡᠮ ᠤᠨ ᠦᠢᠯᠡᠴᠢᠯᠡᠭᠡᠨ ᠤ ᠲᠣᠭᠤᠷᠢᠭ ᠤᠨ ᠬᠠᠨᠤᠮᠵᠢ ᠶᠢᠨ ᠬᠡᠮᠵᠢᠶ᠎ᠡ ᠶᠢᠨ ᠪᠠᠶᠢᠴᠠᠭᠠᠯᠲᠠ᠃ ᠰᠦᠯᠵᠢᠶᠡᠨ ᠤ ᠲᠠᠰᠤᠯᠪᠤᠷᠢ ᠨᠢᠭᠡᠪᠦᠷᠢ ᠨᠢ 10%᠎ ᠠᠴᠠ ᠳᠤᠲᠠᠭᠤ ᠦᠭᠡᠢ ᠰᠦᠯᠵᠢᠶᠡᠨ ᠤ ᠲᠠᠰᠤᠯᠪᠤᠷᠢ ᠶᠢᠨ ᠡᠷᠦᠬᠡ ᠶᠢᠨ ᠲᠤᠭ᠎ᠠ ᠶᠢ ᠲᠣᠬᠢᠶᠠᠯᠳᠤᠯ ᠢᠶᠠᠷ ᠰᠣᠩᠭᠤᠨ ᠠᠪᠴᠤ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠯᠲᠠ ᠬᠢᠵᠦ᠂ ᠵᠡᠭᠡᠯᠢ ᠪᠠᠯᠭᠠᠰᠤ ᠠᠴᠠ ᠪᠠᠶᠢᠭᠤᠯᠭ᠎ᠠ ᠶᠢᠨ ᠠᠵᠢᠯᠲᠠᠨ ᠢ ᠰᠢᠯᠵᠢᠭᠦᠯᠦᠨ ᠬᠢᠨᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠵᠠᠯᠭᠠᠨ ᠵᠣᠯᠭᠠᠭᠤᠯᠬᠤ ᠴᠢᠳᠠᠪᠤᠷᠢ ᠲᠠᠢ ᠭᠤᠷᠪᠠᠳᠠᠭᠢ ᠡᠲᠡᠭᠡᠳ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠤᠷᠢᠬᠤ ᠪᠤᠶᠤ ᠬᠥᠷᠰᠢ ᠵᠡᠷᠭᠡᠯᠡᠳᠡᠭᠡ ᠵᠡᠭᠡᠯᠢ ᠪᠠᠯᠭᠠᠰᠤ ︵ᠨᠡᠶᠢᠭᠡᠮ ᠲᠣᠭᠤᠷᠢᠭ︶᠎ ᠲᠠᠢ ᠬᠠᠷᠢᠯᠴᠠᠵᠤ ᠬᠠᠷᠢᠯᠴᠠᠨ ᠪᠠᠶᠢᠴᠠᠭᠠᠵᠤ᠂ ᠬᠠᠮᠤᠭ ᠡᠴᠦᠰ ᠲᠤ ᠡᠷᠦᠬᠡ ᠶᠢᠨ ᠲᠤᠭ᠎ᠠ ᠶᠢᠨ ᠪᠠᠶᠢᠴᠠᠭᠠᠯᠲᠠ ᠶᠢᠨ ᠦᠷ᠎ᠡ ᠳ᠋ᠦᠩ ᠤᠨ ᠳᠤᠮᠳᠠᠴᠢ ᠬᠤᠪᠢ ᠪᠣᠯᠭᠠᠨ ᠬᠤᠪᠢᠶᠠᠨ᠎ᠠ᠃      3᠂ ᠶᠡᠷᠦᠩᠬᠡᠶᠢᠯᠡᠨ ᠦᠨᠡᠯᠡᠬᠦ᠃ ᠵᠡᠭᠡᠯᠢ ᠪᠠᠯᠭᠠᠰᠤ᠂ ᠨᠡᠶᠢᠭᠡᠮ ᠲᠣᠭᠤᠷᠢᠭ ᠤᠨ ᠤᠳᠤᠷᠢᠳᠬᠤ ᠪᠠᠭ ᠠᠴᠠ ᠡᠳᠦᠷ ᠲᠤᠲᠤᠮ ᠤᠨ ᠡᠵᠡᠮᠰᠢᠭᠰᠡᠨ ᠪᠠᠶᠢᠳᠠᠯ ᠢᠶᠠᠨ ᠦᠨᠳᠦᠰᠦᠯᠡᠨ ᠨᠡᠶᠢᠭᠡᠮ ᠲᠣᠭᠤᠷᠢᠭ ᠤᠨ ᠠᠵᠢᠯᠲᠠᠳ ᠲᠤ ᠦᠨᠡᠯᠡᠯᠲᠡ ᠬᠢᠨ᠎ᠡ᠃      ᠨᠡᠶᠢᠭᠡᠮ ᠲᠣᠭᠤᠷᠢᠭ ᠤᠨ ᠠᠵᠢᠯᠲᠠᠨ ᠤ ᠣᠨ ᠤ ᠰᠢᠯᠭᠠᠨ ᠦᠨᠡᠯᠡᠯᠲᠡ ᠳᠤ᠂ ᠠᠵᠢᠯ ᠤᠨ ᠠᠮᠵᠢᠯᠲᠠ ᠶᠢ ᠦᠨᠡᠯᠡᠬᠦ᠂ ᠠᠷᠠᠳᠴᠢᠯᠠᠯ ᠢᠶᠠᠷ ᠰᠢᠯᠭᠠᠨ ᠦᠨᠡᠯᠡᠬᠦ᠂ ᠰᠠᠭᠤᠭᠠᠯᠢ ᠠᠷᠠᠳ ᠤᠨ ᠬᠠᠨᠤᠮᠵᠢ ᠶᠢᠨ ᠬᠡᠮᠵᠢᠶ᠎ᠡ ᠶᠢ ᠪᠠᠶᠢᠴᠠᠭᠠᠬᠤ᠂ ᠶᠡᠷᠦᠩᠬᠡᠶᠢᠯᠡᠨ ᠦᠨᠡᠯᠡᠬᠦ ᠵᠡᠷᠭᠡ ᠳᠥᠷᠪᠡᠨ ᠬᠡᠰᠡᠭ ᠤᠨ ᠬᠤᠪᠢ ᠲᠣᠭᠲᠠᠭᠠᠬᠤ ᠬᠠᠷᠢᠴᠠᠯ ᠨᠢ 35%᠂ 25%᠂ 30%᠂ 10% ᠪᠣᠯᠣᠨ᠎ᠠ᠃ ᠨᠡᠶᠢᠭᠡᠮ ᠲᠣᠭᠤᠷᠢᠭ ᠤᠨ ᠠᠵᠢᠯᠲᠠᠨ ᠤ ᠰᠢᠯᠭᠠᠨ ᠦᠨᠡᠯᠡᠬᠦ ᠶᠢ ᠵᠠᠭᠤᠨ ᠤ ᠬᠤᠪᠢ ᠶᠢᠨ ᠳᠦᠷᠢᠮ ᠢᠶᠠᠷ ᠰᠢᠯᠭᠠᠨ ᠦᠨᠡᠯᠡᠬᠦ ᠬᠤᠪᠢ ᠶᠢᠨ ᠬᠡᠮᠵᠢᠭᠳᠡᠯ ᠢ ᠠᠷᠪᠠᠲᠤ ᠶᠢᠨ ᠪᠤᠲᠠᠷᠬᠠᠢ ᠶᠢᠨ ᠴᠡᠭ ᠤᠨ ᠠᠷᠤ ᠳᠤ ᠬᠤᠶᠠᠷ ᠤᠷᠤᠨ ᠬᠦᠷᠲᠡᠯ᠎ᠡ ᠨᠠᠷᠢᠰᠬᠠᠨ᠎ᠠ᠃      ᠠᠷᠪᠠᠨ ᠨᠢᠭᠡᠳᠦᠭᠡᠷ ᠵᠦᠢᠯ       ᠪᠥᠬᠦ ᠵᠢᠯ ᠤᠨ ᠰᠢᠯᠭᠠᠨ ᠲᠣᠭᠲᠠᠭᠠᠭᠰᠠᠨ ᠦᠷ᠎ᠡ ᠳ᠋ᠦᠩ ᠢ ᠰᠢᠯᠢᠳᠡᠭ᠂ ᠬᠢᠷᠢ ᠲᠡᠩᠴᠡᠭᠰᠡᠨ᠂ ᠦᠨᠳᠦᠰᠦᠨ ᠳᠡᠭᠡᠨ ᠬᠢᠷᠢ ᠲᠡᠩᠴᠡᠭᠰᠡᠨ᠂ ᠬᠢᠷᠢ ᠲᠡᠩᠴᠡᠭᠰᠡᠨ ᠦᠭᠡᠢ ᠭᠡᠵᠦ ᠳᠥᠷᠪᠡᠨ ᠳᠡᠰ ᠬᠤᠪᠢᠶᠠᠵᠤ᠂ ᠰᠢᠯᠢᠳᠡᠭ ᠨᠢ 90 ᠬᠤᠪᠢ ᠠᠴᠠ ᠳᠡᠭᠡᠭᠰᠢ᠂ ᠬᠢᠷᠢ ᠲᠡᠩᠴᠡᠭᠰᠡᠨ ᠨᠢ 70 ︱ 89 ᠬᠤᠪᠢ᠂ ᠦᠨᠳᠦᠰᠦᠨ ᠳᠡᠭᠡᠨ ᠬᠢᠷᠢ ᠲᠡᠩᠴᠡᠭᠰᠡᠨ ᠨᠢ 60 ︱ 69 ᠬᠤᠪᠢ᠂ ᠬᠢᠷᠢ ᠲᠡᠩᠴᠡᠭᠰᠡᠨ ᠦᠭᠡᠢ ᠨᠢ 60 ᠬᠤᠪᠢ ᠎ ᠠᠴᠠ ᠳᠣᠷᠣᠭᠰᠢ ᠪᠣᠯᠣᠨ᠎ᠠ᠃ ᠡᠭᠦᠨ ᠳᠤ ᠰᠢᠯᠢᠳᠡᠭ ᠢ ᠰᠢᠯᠭᠠᠷᠠᠭᠤᠯᠬᠤ ᠬᠠᠷᠢᠴᠠᠯ ᠢ ᠵᠠᠷᠴᠢᠮ ᠳᠡᠭᠡᠷ᠎ᠡ ᠪᠠᠨ 20% ᠎ ᠠᠴᠠ ᠬᠡᠲᠦᠷᠡᠭᠦᠯᠵᠦ ᠪᠣᠯᠬᠤ ᠦᠭᠡᠢ᠂ ︽ᠬᠢᠷᠢ ᠲᠡᠩᠴᠡᠭᠰᠡᠨ︾᠎ ᠢᠶᠠᠷ ᠲᠣᠭᠲᠠᠭᠠᠬᠤ ᠨᠢ 75% ᠣᠷᠴᠢᠮ ᠢ ᠡᠵᠡᠯᠡᠵᠦ᠂ ︽ᠦᠨᠳᠦᠰᠦᠨ ᠳᠡᠭᠡᠨ ᠬᠢᠷᠢ ᠲᠡᠩᠴᠡᠭᠰᠡᠨ︾ ᠪᠠ ︽ᠬᠢᠷᠢ ᠲᠡᠩᠴᠡᠭᠰᠡᠨ ᠦᠭᠡᠢ︾᠎ ᠪᠠᠷ ᠲᠣᠭᠲᠠᠭᠠᠬᠤ ᠬᠠᠷᠢᠴᠠᠯ ᠢ ᠵᠠᠷᠴᠢᠮ ᠳᠡᠭᠡᠷ᠎ᠡ ᠪᠠᠨ 5%᠎ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠪᠣᠳᠠᠲᠠᠢ ᠪᠠᠶᠢᠳᠠᠯ ᠢ ᠡᠯ᠎ᠡ ᠵᠡᠭᠡᠯᠢ ᠪᠠᠯᠭᠠᠰᠤᠨ ᠤ ᠨᠠᠮ ᠤᠨ ︵ᠠᠵᠢᠯ︶᠎ ᠤᠨ ᠬᠤᠷᠢᠶ᠎ᠠ ᠠᠴᠠ ᠪᠣᠳᠠᠲᠠᠢ ᠪᠠᠶᠢᠳᠠᠯ ᠢ ᠦᠨᠳᠦᠰᠦᠯᠡᠨ ᠲᠣᠭᠲᠠᠭᠠᠨ᠎ᠠ᠃      ᠠᠷᠪᠠᠨ ᠬᠤᠶᠠᠳᠤᠭᠠᠷ ᠵᠦᠢᠯ       ᠢᠯᠡ ᠪᠠᠷ ᠵᠠᠷᠯᠠᠬᠤ᠂ ᠨᠤᠲᠠᠯᠠᠬᠤ ᠪᠠ ᠳᠠᠩᠰᠠᠯᠠᠬᠤ᠃ ᠡᠯ᠎ᠡ ᠵᠡᠭᠡᠯᠢ ᠪᠠᠯᠭᠠᠰᠤ ᠶᠢᠨ ᠨᠠᠮ ︵ᠠᠵᠢᠯ︶᠎ ᠤᠨ ᠬᠤᠷᠢᠶ᠎ᠠ ᠰᠢᠯᠭᠠᠨ ᠦᠨᠡᠯᠡᠬᠦ ᠲᠡᠰ ᠳᠠᠷᠠᠭᠠᠯᠠᠯ ᠢ ᠰᠤᠳᠤᠯᠤᠨ ᠲᠣᠭᠲᠠᠭᠠᠵᠤ᠂ ᠰᠢᠯᠢᠳᠡᠭ ᠲᠡᠰ ᠳᠠᠷᠠᠭᠠᠯᠠᠯ ᠢᠶᠠᠷ ᠲᠣᠭᠲᠠᠭᠠᠭᠰᠠᠨ ᠵᠢᠱᠢᠭᠳᠡᠭᠴᠢ ᠶᠢ ᠨᠡᠶᠢᠭᠡᠮ ᠲᠣᠭᠤᠷᠢᠭ ᠲᠤ ᠢᠯᠡ ᠨᠡᠶᠢᠲᠡᠯᠡᠵᠦ᠂ ᠰᠠᠭᠤᠭᠠᠯᠢ ᠠᠷᠠᠳ ᠤᠯᠠᠨ ᠤ ᠬᠢᠨᠠᠯᠲᠠ ᠶᠢ ᠬᠦᠯᠢᠶᠡᠨ᠎ᠡ᠃ ᠵᠠᠷᠯᠠᠨ ᠨᠡᠶᠢᠲᠡᠯᠡᠬᠦ ᠴᠠᠭ ᠬᠤᠭᠤᠴᠠᠭ᠎ᠠ ᠶᠢ 5 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠃ ᠰᠢᠯᠭᠠᠨ ᠦᠨᠡᠯᠡᠬᠦ ᠵᠡᠷᠭᠡ ᠤᠳᠠᠭ᠎ᠠ ᠶᠢ ᠲᠣᠭᠲᠠᠭᠠᠭᠰᠠᠨ ᠤ ᠳᠠᠷᠠᠭ᠎ᠠ᠂ ᠰᠢᠯᠭᠠᠨ ᠦᠨᠡᠯᠡᠬᠦ ᠡᠲᠡᠭᠡᠳ ᠨᠢ ︽ᠨᠡᠶᠢᠭᠡᠮ ᠲᠣᠭᠤᠷᠢᠭ ᠤᠨ ᠠᠵᠢᠯᠲᠠᠨ ᠤ ᠣᠨ ᠤ ᠰᠢᠯᠭᠠᠨ ᠦᠨᠡᠯᠡᠬᠦ ᠳᠠᠩᠰᠠᠯᠠᠯᠲᠠ ᠶᠢᠨ ᠬᠦᠰᠦᠨᠦᠭᠲᠦ︾ ᠳᠡᠭᠡᠷ᠎ᠡ ᠭᠠᠷ ᠤᠨ ᠥᠰᠥᠭ ᠵᠢᠷᠤᠵᠤ ᠨᠤᠲᠠᠯᠠᠬᠤ ᠶᠢᠨ ᠬᠠᠮᠲᠤ ᠲᠠᠩᠰᠠ ᠡᠪᠬᠡᠮᠡᠯ ᠳᠤ ᠣᠷᠣᠭᠤᠯᠵᠤ᠂ ᠵᠡᠭᠡᠯᠢ ᠪᠠᠯᠭᠠᠰᠤ ᠰᠢᠯᠭᠠᠨ ᠦᠨᠡᠯᠡᠭᠰᠡᠨ ᠦᠷ᠎ᠡ ᠳ᠋ᠦᠩ ᠢᠶᠠᠨ ᠬᠤᠷᠢᠶᠠᠩᠭᠤᠶᠢᠯᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃      ᠠᠷᠪᠠᠨ ᠭᠤᠷᠪᠠᠳᠤᠭᠠᠷ ᠵᠦᠢᠯ       ᠨᠡᠶᠢᠭᠡᠮ ᠲᠣᠭᠤᠷᠢᠭ ᠤᠨ ᠠᠵᠢᠯᠲᠠᠳ ᠤᠨ ᠰᠢᠯᠭᠠᠨ ᠲᠣᠭᠲᠠᠭᠠᠭᠰᠠᠨ ᠦᠷ᠎ᠡ ᠳ᠋ᠦᠩ ᠲᠤ ᠣᠨᠳᠣᠣ ᠰᠠᠨᠠᠯ ᠲᠠᠢ ᠪᠣᠯ ᠵᠡᠭᠡᠯᠢ ᠪᠠᠯᠭᠠᠰᠤ ᠶᠢᠨ ᠨᠠᠮ ︵ᠠᠵᠢᠯ︶᠎ ᠤᠨ ᠬᠤᠷᠢᠶ᠎ᠠ ᠳᠤ ᠳᠠᠬᠢᠨ ᠬᠢᠨᠠᠭᠤᠯᠬᠤ ᠪᠠᠷ ᠭᠤᠶᠤᠴᠢᠯᠠᠵᠤ᠂ ᠵᠡᠭᠡᠯᠢ ᠪᠠᠯᠭᠠᠰᠤ  ᠎ ᠶᠢᠨ ᠨᠠᠮ ︵ᠠᠵᠢᠯ︶᠎ ᠤᠨ ᠬᠤᠷᠢᠶ᠎ᠠ ᠠᠴᠠ ᠬᠢᠨᠠᠨ ᠪᠠᠶᠢᠴᠠᠭᠠᠬᠤ ᠎ ᠶᠢᠨ ᠬᠠᠮᠲᠤ ᠬᠠᠷᠢᠭᠤᠯᠲᠠ ᠥᠭᠭᠦᠨ᠎ᠡ᠃      ᠳᠥᠷᠪᠡᠳᠦᠭᠡᠷ ᠪᠦᠯᠦᠭ       ᠰᠢᠯᠭᠠᠨ ᠲᠣᠭᠲᠠᠭᠠᠭᠰᠠᠨ ᠦᠷ᠎ᠡ ᠳ᠋ᠦᠩ ᠢ ᠬᠡᠷᠡᠭᠯᠡᠬᠦ      ᠠᠷᠪᠠᠨ ᠳᠥᠷᠪᠡᠳᠦᠭᠡᠷ ᠵᠦᠢᠯ      ᠰᠢᠯᠭᠠᠨ ᠲᠣᠭᠲᠠᠭᠠᠭᠰᠠᠨ ᠦᠷ᠎ᠡ ᠳ᠋ᠦᠩ ᠢ ᠨᠡᠶᠢᠭᠡᠮ ᠲᠣᠭᠤᠷᠢᠭ ᠤᠨ ᠠᠵᠢᠯᠲᠠᠳ ᠤᠨ ᠠᠵᠢᠯ ᠤᠨ ᠪᠠᠶᠢᠷᠢ ᠶᠢ ᠲᠣᠬᠢᠷᠠᠭᠤᠯᠬᠤ᠂ ᠵᠡᠷᠭᠡ ᠳᠡᠰ ᠢ ᠨᠢ ᠳᠡᠪᠰᠢᠭᠦᠯᠬᠦ᠂ ᠴᠠᠯᠢᠩ ᠣᠯᠭᠤᠮᠵᠢ᠂ ᠱᠠᠩᠨᠠᠵᠤ ᠵᠠᠯᠬᠠᠭᠠᠨ ᠴᠡᠭᠡᠷᠯᠡᠭᠦᠯᠬᠦ᠂ ᠦᠷᠭᠦᠯᠵᠢᠯᠡᠨ ᠤᠷᠢᠬᠤ ᠪᠠ ᠤᠷᠢᠬᠤ ᠪᠠᠨ ᠵᠣᠭᠰᠤᠭᠠᠬᠤ ᠵᠡᠷᠭᠡ ᠲᠠᠯ᠎ᠠ ᠶᠢᠨ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠢ᠃      ᠠᠷᠪᠠᠨ ᠲᠠᠪᠤᠳᠤᠭᠠᠷ ᠵᠦᠢᠯ      ︽ᠴᠢᠩᠱᠠᠨ ᠲᠣᠭᠤᠷᠢᠭ ᠤᠨ ᠨᠡᠶᠢᠭᠡᠮ ᠲᠣᠭᠤᠷᠢᠭ ᠤᠨ ᠠᠵᠢᠯᠲᠠᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ︵ᠴᠢᠩᠱᠠᠨ ᠵᠠᠰᠠᠭ ᠠᠯᠪᠠᠨ ᠲᠠᠷᠬᠠᠭᠠᠭᠰᠠᠨ ﹇2020﹈ 19 ᠳ᠋ᠤᠭᠡᠷ ᠲᠣᠭᠠᠲᠤ︶᠎ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠨᠡᠶᠢᠭᠡᠮ ᠲᠣᠭᠤᠷᠢᠭ ᠤᠨ ᠣᠨ ᠤ ᠰᠢᠯᠭᠠᠨ ᠦᠨᠡᠯᠡᠯᠲᠡ ᠨᠢ ᠰᠢᠯᠢᠳᠡᠭ ᠲᠠᠰ ᠢᠶᠠᠷ ᠲᠣᠭᠲᠠᠭᠠᠭᠰᠠᠨ ︵ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠭᠡᠷ ᠱᠦᠵᠢ᠂ ᠬᠠᠮᠢᠶᠠᠷᠤᠯᠲᠠ ᠦᠢᠯᠡᠴᠢᠯᠡᠭᠡᠨ ᠤ ᠥᠷᠲᠡᠭᠡ ᠶᠢᠨ ᠳᠠᠷᠤᠭ᠎ᠠ ᠪᠠᠭᠲᠠᠬᠤ ᠦᠭᠡᠢ︶᠂ ᠳᠠᠷᠠᠭ᠎ᠠ ᠵᠢᠯ ᠳᠤᠨᠢ ᠰᠠᠷ᠎ᠠ ᠪᠦᠷᠢ 200 ᠲᠥᠭᠦᠷᠢᠭ ᠱᠠᠩᠨᠠᠬᠤ ᠪᠠᠶᠢᠭᠰᠠᠨ ᠶᠢ ᠰᠢᠯᠭᠠᠨ ᠬᠢᠨᠠᠭᠰᠠᠨ ᠤ ᠳᠠᠷᠠᠭ᠎ᠠ ᠨᠢᠭᠡ ᠤᠳᠠᠭ᠎ᠠ ᠳᠤ 6000 ᠲᠥᠭᠦᠷᠢᠭ ᠱᠠᠩᠨᠠᠬᠤ ᠪᠤᠯᠤᠨ᠎ᠠ᠂ ᠪᠤᠰᠤᠳ ᠨᠢᠭᠡᠴᠡ ᠳᠤ ᠵᠢᠭᠡᠯᠡᠨ ᠠᠵᠢᠯᠯᠠᠵᠤ ᠪᠠᠶᠢᠭ᠎ᠠ ᠨᠡᠶᠢᠭᠡᠮ ᠲᠣᠭᠤᠷᠢᠭ ᠤᠨ ᠠᠵᠢᠯᠲᠠᠨ ᠮᠥᠨ ᠬᠦ ᠳᠠᠷᠠᠭ᠎ᠠ ᠵᠢᠯ ᠳᠤᠨᠢ ᠰᠠᠷ᠎ᠠ ᠪᠦᠷᠢ 200 ᠲᠥᠭᠦᠷᠢᠭ ᠤᠨ ᠱᠠᠩᠨᠠᠯ ᠢ ᠯᠠ ᠭᠥᠷᠳᠡᠨ᠎ᠡ᠃      ᠠᠷᠪᠠᠨ ᠵᠢᠷᠭᠤᠳᠤᠭᠠᠷ ᠵᠦᠢᠯ      ᠮᠠᠨ ᠤ ᠲᠤᠭᠤᠷᠢᠭ ᠤᠨ ᠨᠡᠶᠢᠭᠡᠮ ᠲᠣᠭᠤᠷᠢᠭ ᠲᠤ 5 ᠵᠢᠯ ᠠᠴᠠ ᠳᠡᠭᠡᠭᠰᠢ ᠲᠤᠰᠢᠶᠠᠯ ᠡᠭᠦᠷᠭᠡᠯᠡᠵᠦ᠂ ᠨᠡᠶᠢᠳᠡ 2 ᠵᠢᠯ ︽ᠰᠢᠯᠢᠳᠡᠭ︾ ᠨᠡᠶᠢᠭᠡᠮ ᠲᠣᠭᠤᠷᠢᠭ ᠤᠨ ᠠᠵᠢᠯᠲᠠᠨ ᠢᠶᠠᠷ ᠦᠨᠡᠯᠡᠭᠳᠡᠪᠡᠯ᠂ ︽ᠠᠵᠢᠯᠲᠠᠨ ᠤ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠴᠢᠩᠱᠠᠨ ᠲᠣᠭᠤᠷᠢᠭ ᠤᠨ ᠲᠥᠷ ᠬᠡᠷᠡᠭᠵᠢᠭᠦᠯᠬᠦ ᠠᠷᠭ᠎ᠠ︾᠎ ᠶᠢᠨ ᠪᠢᠴᠢᠭ ᠮᠠᠲ᠋ᠧᠷᠢᠶᠠᠯ ᠢᠶᠠᠷ ᠯᠠᠪᠯᠠᠯᠲᠠ ᠪᠣᠯᠭᠠᠵᠤ᠂ ᠠᠵᠢᠯ ᠦᠢᠯᠡᠰ ᠤᠨ ᠨᠢᠭᠡᠴᠡ ᠶᠢᠨ ᠠᠳᠠᠯᠢ ᠲᠥᠷᠥᠯ ᠤᠨ ᠠᠵᠢᠯᠲᠠᠨ ᠤ ᠣᠯᠭᠤᠮᠵᠢ ᠲᠠᠢ ᠬᠠᠷᠢᠴᠠᠭᠤᠯᠵᠤ ᠪᠠᠶᠢᠭᠠᠳ ᠴᠠᠯᠢᠩ ᠣᠯᠭᠤᠨ᠎ᠠ ︵ᠨᠡᠶᠢᠭᠡᠮ ᠲᠣᠭᠤᠷᠢᠭ ᠤᠨ ᠠᠵᠢᠯᠲᠠᠨ ᠤ ᠳᠣᠲᠣᠷᠠᠬᠢ ᠨᠢᠭᠡᠨᠲᠡ ᠠᠵᠢᠯ ᠠᠴᠠ ᠪᠠᠨ ᠪᠠᠭᠤᠭᠰᠠᠨ ᠴᠠᠯᠢᠩ ᠢ ᠬᠦᠷᠲᠡᠵᠦ ᠪᠠᠶᠢᠭ᠎ᠠ ᠬᠥᠮᠥᠰ ᠪᠠᠭᠲᠠᠬᠤ ᠦᠭᠡᠢ︶᠃ ᠤᠷᠢᠨ ᠬᠡᠷᠡᠭᠯᠡᠭᠰᠡᠨ ᠠᠵᠢᠯᠲᠠᠨ ᠨᠢ ᠠᠵᠢᠯ ᠦᠢᠯᠡᠰ ᠤᠨ ᠨᠢᠭᠡᠴᠡ ᠶᠢᠨ ᠠᠳᠠᠯᠢ ᠲᠥᠷᠥᠯ ᠤᠨ ᠠᠵᠢᠯᠲᠠᠨ ᠤ ᠴᠠᠯᠢᠩ ᠤᠨ ᠣᠯᠭᠤᠮᠵᠢ ᠳᠤ ᠬᠦᠷᠦᠭᠰᠡᠨ ᠪᠠᠶᠢᠪᠠᠯ᠂ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠬᠡᠪ ᠤᠨ ᠶᠣᠰᠣᠭᠠᠷ ᠴᠠᠯᠢᠩ ᠥᠰᠬᠡᠨ᠎ᠡ᠃      ᠠᠷᠪᠠᠨ ᠳᠣᠯᠣᠳᠤᠭᠠᠷ ᠵᠦᠢᠯ      ᠨᠡᠶᠢᠭᠡᠮ ᠲᠣᠭᠤᠷᠢᠭ ᠤᠨ ᠠᠵᠢᠯᠲᠠᠳ ᠵᠠᠷᠴᠢᠮ ᠳᠡᠭᠡᠷ᠎ᠡ ᠪᠠᠨ ᠡᠯ᠎ᠡ ᠰᠠᠯᠠᠭ᠎ᠠ ᠮᠥᠴᠢᠷ ᠵᠢᠭᠡᠯᠡᠨ ᠰᠢᠯᠵᠢᠭᠦᠯᠵᠦ ᠪᠣᠯᠬᠤ ᠦᠭᠡᠢ᠂ ᠦᠨᠡᠨᠬᠦ ᠵᠢᠭᠡᠯᠡᠨ ᠰᠢᠯᠵᠢᠭᠦᠯᠬᠦ ᠴᠢᠬᠤᠯᠠ ᠲᠠᠢ ᠪᠣᠯ ᠵᠢᠭᠡᠯᠡᠨ ᠬᠡᠷᠡᠭᠯᠡᠬᠦ ᠶᠢ ᠬᠢᠨᠠᠨ ᠵᠥᠪᠰᠢᠶᠡᠷᠡᠭᠦᠯᠬᠦ ᠲᠡᠰ ᠳᠠᠷᠠᠭᠠᠯᠠᠯ ᠢ ᠭᠦᠢᠴᠡᠳᠬᠡᠬᠦ ᠴᠢᠬᠤᠯᠠ ᠲᠠᠢ ᠪᠠᠶᠢᠵᠤ᠂ ᠲᠤᠭᠤᠷᠢᠭ ᠎ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠪᠠ ᠠᠷᠠᠳ ᠤᠨ ᠶᠠᠪᠤᠳᠠᠯ ᠤᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠭᠤᠣᠯ ᠠᠵᠢᠯ᠂ ᠴᠢᠬᠤᠯᠠ ᠶᠡᠭᠡ ᠡᠭᠦᠷᠭᠡ ᠶᠢ ᠲᠥᠪᠯᠡᠷᠡᠭᠦᠯᠦᠨ ᠰᠢᠯᠵᠢᠭᠦᠯᠬᠦ ᠴᠢᠬᠤᠯᠠᠲᠠᠢ ᠠᠴᠠ ᠭᠠᠳᠠᠨ᠎ᠠ᠂ ᠪᠤᠰᠤᠳ ᠪᠠᠶᠢᠳᠠᠯ ᠤᠨ ᠵᠢᠭᠡᠯᠡᠨ ᠰᠢᠯᠵᠢᠭᠦᠯᠬᠦ ︵ᠰᠢᠯᠵᠢᠭᠦᠯᠦᠨ ᠪᠣᠯᠪᠠᠰᠤᠷᠠᠭᠤᠯᠬᠤ︶ ᠴᠠᠭ ᠨᠢ ᠡᠩ ᠤᠨ ᠪᠠᠶᠢᠳᠠᠯ ᠳᠤ 2 ᠰᠠᠷ᠎ᠠ ᠪᠣᠯᠣᠨ᠎ᠠ᠂ ᠭᠡᠪᠡᠴᠦ ᠬᠠᠮᠤᠭ ᠤᠨ ᠣᠷᠳᠣ ᠳᠠᠭᠠᠨ ᠵᠢᠭᠡᠯᠡᠨ ᠬᠡᠷᠡᠭᠯᠡᠬᠦ ᠴᠠᠭ ᠨᠢ 3 ᠰᠠᠷ᠎ᠠ ᠠᠴᠠ ᠬᠡᠲᠦᠷᠡᠵᠦ ᠪᠣᠯᠬᠤ ᠦᠭᠡᠢ᠂ ᠬᠡᠷᠪᠡ 3 ᠰᠠᠷ᠎ᠠ ᠠᠴᠠ ᠬᠡᠲᠦᠷᠡᠪᠡᠯ᠂ ᠠᠵᠢᠯ ᠦᠢᠯᠡᠰ ᠤᠨ ᠨᠢᠭᠡᠴᠡ ᠶᠢᠨ ᠠᠳᠠᠯᠢ ᠲᠥᠷᠥᠯ ᠤᠨ ᠠᠵᠢᠯᠲᠠᠨ ᠤ ᠣᠯᠭᠤᠮᠵᠢ ᠲᠠᠢ ᠬᠠᠷᠢᠴᠠᠭᠤᠯᠵᠤ ᠭᠥᠷᠳᠡᠪᠡᠯ ᠲᠣᠰ ᠣᠯᠭᠤᠮᠵᠢ ᠶᠢ ᠭᠥᠷᠳᠡᠬᠦ ᠪᠠᠨ ᠪᠣᠯᠢᠵᠤ᠂ ᠪᠤᠰᠤᠳ ᠨᠡᠶᠢᠭᠡᠮ ᠲᠣᠭᠤᠷᠢᠭ ᠤᠨ ᠠᠵᠢᠯᠲᠠᠨ ᠤ ᠱᠠᠩᠨᠠᠯ ᠤᠨ ᠴᠢᠨᠠᠷᠲᠠᠢ ᠠᠵᠢᠯ ᠤᠨ ᠪᠦᠲᠦᠮᠵᠢ ᠶᠢᠨ ᠴᠠᠯᠢᠩ ᠢ ᠬᠦᠴᠦᠨ ᠦᠭᠡᠢ ᠪᠣᠯᠭᠠᠨ᠎ᠠ᠃ ᠡᠭᠦᠨ ᠤ ᠵᠡᠷᠭᠡ ᠳᠤ᠂ ᠵᠡᠭᠡᠯᠢ ᠭᠤᠳᠤᠮᠵᠢ ︵ᠪᠠᠯᠭᠠᠰᠤ︶᠎ ᠶᠢᠨ ᠲᠤᠬᠠᠢ ᠶᠢᠨ ᠵᠢᠯ ᠳᠤ ᠵᠢᠭᠡᠯᠡᠨ ᠰᠢᠯᠵᠢᠭᠦᠯᠦᠭᠰᠡᠨ ︵ᠰᠢᠯᠵᠢᠭᠦᠯᠦᠨ ᠪᠣᠯᠪᠠᠰᠤᠷᠠᠭᠤᠯᠤᠭᠰᠠᠨ︶ ᠬᠥᠮᠥᠨ ᠤ ᠲᠤᠭ᠎ᠠ ᠶᠢ 2 ᠬᠥᠮᠥᠨ ᠠᠴᠠ ᠬᠡᠲᠦᠷᠡᠭᠦᠯᠵᠦ ᠪᠣᠯᠬᠤ ᠦᠭᠡᠢ᠂ 2 ᠬᠥᠮᠥᠨ ᠠᠴᠠ ᠬᠡᠲᠦᠷᠡᠭᠰᠡᠨ ᠵᠡᠭᠡᠯᠢ ᠭᠤᠳᠤᠮᠵᠢ ︵ᠪᠠᠯᠭᠠᠰᠤ︶᠎ ᠶᠢᠨ ᠲᠤᠬᠠᠢ ᠶᠢᠨ ᠵᠢᠯ ᠤᠨ ᠨᠡᠶᠢᠭᠡᠮ ᠲᠣᠭᠤᠷᠢᠭ ᠤᠨ ᠠᠵᠢᠯᠲᠠᠨ ᠤ ᠰᠢᠯᠢᠳᠡᠭ ᠢ ᠰᠢᠯᠭᠠᠷᠠᠭᠤᠯᠬᠤ ᠬᠠᠷᠢᠴᠠᠯ ᠢ ᠬᠠᠭᠠᠰ ᠢᠶᠠᠷ ᠪᠠᠭᠤᠷᠠᠭᠤᠯᠵᠤ᠂ 5 ᠬᠥᠮᠥᠨ ᠠᠴᠠ ᠬᠡᠲᠦᠷᠡᠭᠰᠡᠨ ᠵᠡᠭᠡᠯᠢ ᠭᠤᠳᠤᠮᠵᠢ ︵ᠪᠠᠯᠭᠠᠰᠤ︶᠎ ᠶᠢᠨ ᠲᠤᠬᠠᠢ ᠶᠢᠨ ᠵᠢᠯ ᠤᠨ ᠨᠡᠶᠢᠭᠡᠮ ᠲᠣᠭᠤᠷᠢᠭ ᠤᠨ ᠠᠵᠢᠯᠲᠠᠨ ᠤ ᠰᠢᠯᠢᠳᠡᠭ ᠢ ᠰᠢᠯᠭᠠᠷᠠᠭᠤᠯᠬᠤ ᠣᠷᠣᠨ ᠲᠤᠭ᠎ᠠ ᠶᠢ ᠬᠦᠴᠦᠨ ᠦᠭᠡᠢ ᠪᠤᠯᠭᠠᠨ᠎ᠠ᠃      ᠠᠷᠪᠠᠨ ᠨᠠᠢᠮᠠᠳᠤᠭᠠᠷ ᠵᠦᠢᠯ      ᠨᠡᠶᠢᠭᠡᠮ ᠲᠣᠭᠤᠷᠢᠭ ᠤᠨ ᠠᠵᠢᠯᠲᠠᠨ ᠢ ᠰᠢᠯᠭᠠᠨ ᠦᠨᠡᠯᠡᠬᠦ ᠳᠤ ︽ᠴᠢᠩᠱᠠᠨ ᠲᠣᠭᠤᠷᠢᠭ ᠤᠨ ᠨᠡᠶᠢᠭᠡᠮ ᠲᠣᠭᠤᠷᠢᠭ ᠤᠨ ᠠᠵᠢᠯᠲᠠᠨ ᠤ ᠬᠥᠯᠥᠰᠦ ᠣᠯᠭᠤᠮᠵᠢ ᠶᠢᠨ ᠰᠢᠰᠲ᠋ᠧᠮᠵᠢ ᠶᠢ ᠢᠵᠢ ᠪᠦᠷᠢᠳᠦᠭᠦᠯᠦᠨ ᠰᠢᠯᠵᠢᠭᠦᠯᠬᠦ ᠬᠡᠷᠡᠭᠵᠢᠭᠦᠯᠬᠦ ᠲᠥᠰᠥᠯ︾ ︵ᠴᠢᠩᠱᠠᠨ ᠵᠠᠰᠠᠭ ᠠᠯᠪᠠᠨ ᠲᠠᠷᠬᠠᠭᠠᠭᠰᠠᠨ ﹇2020﹈ 18 ᠳ᠋ᠤᠭᠠᠷ ᠲᠣᠭᠠᠲᠤ︶᠎ ᠤᠨ ᠪᠢᠴᠢᠭ ᠮᠠᠲ᠋ᠧᠷᠢᠶᠠᠯ ᠤᠨ ᠲᠣᠭᠲᠠᠭᠠᠯ ᠶᠣᠰᠣᠭᠠᠷ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠣᠯᠭᠤᠵᠤ᠂ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠢ ᠰᠠᠭᠤᠷᠢ ᠴᠢᠨᠠᠷᠲᠠᠢ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠪᠠ ᠱᠠᠩᠨᠠᠯ ᠤᠨ ᠴᠢᠨᠠᠷᠲᠠᠢ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠭᠡᠵᠦ ᠬᠤᠪᠢᠶᠠᠨ᠎ᠠ᠂ ᠡᠭᠦᠨ ᠳᠤ ᠨᠡᠶᠢᠭᠡᠮ ᠲᠣᠭᠤᠷᠢᠭ ᠤᠨ ᠠᠵᠢᠯᠲᠠᠨ ᠤ ᠰᠠᠭᠤᠷᠢ ᠴᠢᠨᠠᠷᠲᠠᠢ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠢ ᠰᠠᠷ᠎ᠠ ᠪᠦᠷᠢ ᠶᠢᠨ 300 ᠲᠥᠭᠦᠷᠢᠭ ᠤᠨ ᠪᠠᠷᠢᠮᠵᠢᠶ᠎ᠠ ᠪᠠᠷ ᠣᠯᠭᠤᠨ᠎ᠠ︔ ᠱᠠᠩᠨᠠᠯ ᠤᠨ ᠴᠢᠨᠠᠷᠲᠠᠢ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠶᠢ ᠬᠡᠷᠡᠭᠵᠢᠭᠦᠯᠵᠦ᠂ ᠣᠨ ᠤ ᠰᠢᠯᠭᠠᠨ ᠲᠣᠭᠲᠠᠭᠠᠭᠰᠠᠨ ᠦᠷ᠎ᠡ ᠳ᠋ᠦᠩ ᠢ ᠦᠨᠳᠦᠰᠦᠯᠡᠨ ᠰᠢᠯᠢᠳᠡᠭ ᠨᠢ ᠰᠠᠷ᠎ᠠ ᠪᠦᠷᠢ 300 ᠲᠥᠭᠦᠷᠢᠭ᠂ ᠬᠢᠷᠢ ᠲᠡᠩᠴᠡᠭᠰᠡᠨ ᠨᠢ ᠰᠠᠷ᠎ᠠ ᠪᠦᠷᠢ 200 ᠲᠥᠭᠦᠷᠢᠭ ᠤᠨ ᠪᠠᠷᠢᠮᠵᠢᠶ᠎ᠠ ᠪᠠᠷ ᠲᠣᠰ ᠵᠢᠯ ᠤᠨ ᠡᠴᠦᠰ ᠲᠤ ᠨᠢᠭᠡ ᠤᠳᠠᠭ᠎ᠠ ᠶᠢᠨ ᠴᠢᠨᠠᠷᠲᠠᠢ ᠪᠠᠷ ᠣᠯᠭᠤᠵᠤ᠂ ᠰᠢᠯᠭᠠᠨ ᠲᠣᠭᠲᠠᠭᠠᠭᠰᠠᠨ ᠦᠷ᠎ᠡ ᠳ᠋ᠦᠩ ᠨᠢ ᠦᠨᠳᠦᠰᠦᠨ ᠳᠡᠭᠡᠨ ᠬᠢᠷᠢ ᠲᠡᠩᠴᠡᠭᠰᠡᠨ ᠵᠢᠴᠢ ᠲᠡᠭᠦᠨ ᠠᠴᠠ ᠳᠣᠷᠣᠭᠰᠢᠬᠢ ᠲᠠᠰ ᠲᠤ ᠪᠠᠶᠢᠪᠠᠯ᠂ ᠱᠠᠩᠨᠠᠯ ᠤᠨ ᠴᠢᠨᠠᠷᠲᠠᠢ ᠠᠵᠢᠯ ᠤᠨ ᠠᠮᠵᠢᠯᠲᠠ ᠪᠦᠲᠦᠮᠵᠢ ᠶᠢ ᠬᠦᠷᠲᠡᠭᠡᠬᠦ ᠦᠭᠡᠢ︔ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠭᠡᠷ ᠱᠦᠵᠢ᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠦᠢᠯᠡᠴᠢᠯᠡᠭᠡᠨ ᠤ ᠥᠷᠲᠡᠭᠡ ᠶᠢᠨ ᠳᠠᠷᠤᠭ᠎ᠠ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠢ ᠣᠨ ᠤ ᠰᠢᠯᠭᠠᠨ ᠦᠨᠡᠯᠡᠭᠰᠡᠨ ᠦᠷ᠎ᠡ ᠳ᠋ᠦᠩ ᠢ ᠦᠨᠳᠦᠰᠦᠯᠡᠨ ᠰᠠᠷ᠎ᠠ ᠳᠤ 1000 ᠲᠥᠭᠦᠷᠢᠭ᠂ ᠰᠠᠷ᠎ᠠ ᠳᠤ ᠬᠢᠷᠢ ᠲᠡᠩᠴᠡᠭᠰᠡᠨ 900 ᠲᠥᠭᠦᠷᠢᠭ ᠤᠨ ᠪᠠᠷᠢᠮᠵᠢᠶ᠎ᠠ ᠪᠠᠷ ᠲᠣᠰ ᠵᠢᠯ ᠤᠨ ᠵᠢᠯ ᠤᠨ ᠡᠴᠦᠰ ᠲᠤ ᠨᠢᠭᠡ ᠤᠳᠠᠭ᠎ᠠ ᠶᠢᠨ ᠴᠢᠨᠠᠷᠲᠠᠢ ᠪᠠᠷ ᠣᠯᠭᠤᠨ᠎ᠠ᠃      ᠠᠷᠪᠠ ᠶᠢᠰᠦᠳᠦᠭᠡᠷ ᠵᠦᠢᠯ       ᠣᠨ ᠤ ᠳᠣᠲᠣᠷ᠎ᠠ ᠪᠥᠬᠦ ᠲᠤᠭᠤᠷᠢᠭ ᠲᠤ ᠨᠡᠶᠢᠲᠡᠯᠡᠨ ᠰᠢᠭᠦᠮᠵᠢᠯᠡᠭᠳᠡᠭᠰᠡᠨ ᠪᠠᠶᠢᠪᠠᠯ᠂ ᠵᠠᠷᠴᠢᠮ ᠳᠡᠭᠡᠷ᠎ᠡ ᠪᠠᠨ ᠰᠢᠯᠢᠳᠡᠭ ᠢ ᠰᠢᠯᠭᠠᠷᠠᠭᠤᠯᠬᠤ ᠬᠢᠷᠢ ᠬᠡᠮ ᠢ ᠨᠢ ᠬᠦᠴᠦᠨ ᠦᠭᠡᠢ ᠪᠣᠯᠭᠠᠬᠤ ᠬᠡᠷᠡᠭᠲᠡᠢ᠃ ᠣᠨ ᠤ ᠳᠣᠲᠣᠷ᠎ᠠ ᠬᠤᠪᠢ ᠬᠥᠮᠥᠨ ᠤ ᠰᠢᠯᠲᠠᠭᠠᠨ ᠠᠴᠠ ᠪᠣᠯᠵᠤ ᠨᠡᠶᠢᠲᠡ ᠠᠵᠢᠯ ᠤᠨ ᠪᠠᠶᠢᠷᠢ ᠠᠴᠠ ᠪᠠᠨ ᠰᠠᠯᠤᠭᠠᠳ ᠨᠢᠭᠡ ᠰᠠᠷ᠎ᠠ ᠬᠡᠲᠦᠷᠡᠭᠰᠡᠨ ᠪᠠᠶᠢᠪᠠᠯ ︵ᠤᠯᠤᠰ ᠠᠴᠠ ᠲᠣᠭᠲᠠᠭᠠᠭᠰᠠᠨ ᠬᠠᠤᠯᠢ ᠪᠠᠷ ᠲᠣᠭᠲᠠᠭᠠᠭᠰᠠᠨ ᠴᠢᠯᠦᠭᠡ᠂ ᠡᠪᠡᠳᠴᠢᠨ ᠤ ᠴᠢᠯᠦᠭᠡ ᠪᠠᠭᠲᠠᠬᠤ ᠦᠭᠡᠢ︶ ︽ᠰᠢᠯᠢᠳᠡᠭ︾ ᠵᠡᠷᠭᠡ ᠪᠠᠷ ᠦᠨᠡᠯᠡᠵᠦ ᠪᠣᠯᠬᠤ ᠦᠭᠡᠢ᠃      ᠲᠠᠪᠤᠳᠤᠭᠠᠷ ᠪᠦᠯᠦᠭ       ᠤᠷᠮᠠᠰᠢᠭᠤᠯᠤᠨ ᠵᠣᠷᠢᠭᠵᠢᠭᠤᠯᠬᠤ ᠪᠠ ᠤᠬᠤᠷᠢᠨ ᠭᠠᠷᠬᠤ      ᠬᠤᠷᠢᠳᠤᠭᠠᠷ ᠵᠦᠢᠯ      ᠲᠤᠰᠬᠠᠢ ᠮᠡᠷᠭᠡᠵᠢᠯ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠨᠡᠶᠢᠭᠡᠮ ᠤᠨ ᠠᠵᠢᠯ ᠤᠨ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢᠨ ᠬᠥᠮᠦᠵᠢᠯ ᠢ ᠴᠢᠩᠭᠠᠷᠠᠭᠤᠯᠤᠨ᠂ ᠲᠤᠰᠬᠠᠢ ᠲᠤᠰᠢᠶᠠᠯᠲᠤ ᠨᠡᠶᠢᠭᠡᠮ ᠲᠣᠭᠤᠷᠢᠭ ᠤᠨ ᠠᠵᠢᠯᠲᠠᠨ ᠤ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠳᠤ ᠣᠷᠤᠯᠴᠠᠬᠤ ᠶᠢ ᠵᠣᠷᠢᠭᠵᠢᠭᠤᠯᠤᠨ ᠳᠡᠮᠵᠢᠵᠦ᠂ ᠲᠤᠰᠬᠠᠢ ᠲᠤᠰᠢᠶᠠᠯᠲᠤ ᠨᠡᠶᠢᠭᠡᠮ ᠲᠣᠭᠤᠷᠢᠭ ᠤᠨ ᠠᠵᠢᠯᠲᠠᠨ ᠤ ᠨᠡᠶᠢᠭᠡᠮ ᠤᠨ ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠲᠠᠢ ᠪᠠᠶᠢᠬᠤ ᠬᠠᠷᠢᠴᠠᠯ ᠢ ᠶᠡᠬᠡᠪᠡᠷ ᠳᠡᠭᠡᠭᠰᠢᠯᠡᠭᠦᠯᠵᠦ᠂ ᠨᠡᠶᠢᠭᠡᠮ ᠤᠨ ᠠᠵᠢᠯ ᠤᠨ ᠠᠵᠢᠯ ᠮᠡᠷᠭᠡᠵᠢᠯ ᠤᠨ ᠬᠢᠷᠢ ᠬᠡᠮ ᠣᠯᠣᠭᠰᠠᠳ ᠲᠤ ᠮᠡᠷᠭᠡᠵᠢᠯ ᠤᠨ ᠴᠣᠯᠠ ᠶᠢᠨ ᠴᠠᠯᠢᠩ ᠪᠠ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠬᠤ ᠶᠢᠨ ᠬᠠᠮᠲᠤ ︽ᠲᠠᠯ᠎ᠠ ᠨᠤᠲᠤᠭ ᠤᠨ ᠭᠠᠷᠮᠠᠭᠠᠢ ᠴᠢᠳᠠᠪᠤᠷᠢᠲᠠᠨ᠂ ᠪᠤᠭᠤᠲᠦ ᠬᠤᠲᠠ ᠶᠢᠨ ᠭᠠᠷᠮᠠᠭᠠᠢ ᠴᠢᠳᠠᠪᠤᠷᠢᠲᠠᠨ︾᠎ ᠤ ᠰᠢᠯᠭᠠᠷᠠᠭᠤᠯᠤᠯᠲᠠ ᠶᠢ ᠢᠳᠡᠪᠬᠢᠲᠡᠢ ᠪᠠᠷ ᠳᠡᠪᠰᠢᠭᠦᠯᠦᠨ᠎ᠡ᠃ ᠤᠯᠤᠰ ᠤᠨ ᠲᠤᠰᠠᠯᠠᠬᠤ ᠨᠡᠶᠢᠭᠡᠮ ᠤᠨ ᠠᠵᠢᠯ ᠤᠨ ᠮᠡᠷᠭᠡᠵᠢᠯᠲᠡᠨ᠂ ᠨᠡᠶᠢᠭᠡᠮ ᠤᠨ ᠠᠵᠢᠯ ᠤᠨ ᠮᠡᠷᠭᠡᠵᠢᠯᠲᠡᠨ᠂ ᠳᠡᠭᠡᠳᠦ ᠵᠡᠷᠭᠡ ᠶᠢᠨ ᠨᠡᠶᠢᠭᠡᠮ ᠤᠨ ᠠᠵᠢᠯ ᠤᠨ ᠮᠡᠷᠭᠡᠵᠢᠯᠲᠡᠨ ᠤ ᠴᠤᠯᠠ ᠣᠯᠣᠭᠰᠠᠨ ᠪᠠᠶᠢᠪᠠᠯ ᠰᠠᠷ᠎ᠠ ᠪᠦᠷᠢ 100 ᠲᠥᠭᠦᠷᠢᠭ᠂ 200 ᠲᠥᠭᠦᠷᠢᠭ᠂ 300 ᠲᠥᠭᠦᠷᠢᠭ ᠤᠨ ᠪᠠᠷᠢᠮᠵᠢᠶ᠎ᠠ ᠪᠠᠷ ᠮᠡᠷᠭᠡᠵᠢᠯ ᠤᠨ ᠴᠣᠯᠠ ᠶᠢᠨ ᠴᠠᠯᠢᠩ ᠣᠯᠭᠤᠬᠤ ᠶᠢᠨ ᠬᠠᠮᠲᠤ ᠲᠣᠰ ᠲᠣᠰ 500 ᠲᠥᠭᠦᠷᠢᠭ᠂ 1000 ᠲᠥᠭᠦᠷᠢᠭ᠂ 1500 ᠲᠥᠭᠦᠷᠢᠭ ᠢᠶᠠᠷ ᠱᠠᠩᠨᠠᠨ᠎ᠠ᠃ ᠮᠠᠨ ᠤ ᠲᠤᠭᠤᠷᠢᠭ ᠲᠤ ᠨᠡᠶᠢᠭᠡᠮ ᠲᠣᠭᠤᠷᠢᠭ ᠤᠨ ᠠᠵᠢᠯ ᠢ 3 ᠵᠢᠯ ᠠᠴᠠ ᠳᠡᠭᠡᠭᠰᠢ ᠬᠢᠵᠦ᠂ ᠤᠯᠤᠰ ᠤᠨ ᠨᠡᠶᠢᠭᠡᠮ ᠤᠨ ᠠᠵᠢᠯ ᠤᠨ ᠪᠠᠭᠰᠢ ᠶᠢᠨ ᠬᠢᠷᠢ ᠬᠡᠮ ᠤᠨ ᠰᠢᠯᠭᠠᠯᠲᠠ ᠳᠤ ᠨᠡᠷ᠎ᠡ ᠮᠡᠳᠡᠭᠦᠯᠬᠦ ᠶᠢᠨ ᠬᠠᠮᠲᠤ ᠨᠡᠶᠢᠭᠡᠮ ᠤᠨ ᠠᠵᠢᠯ ᠤᠨ ᠪᠠᠭᠰᠢ ᠶᠢᠨ ᠦᠨᠡᠮᠯᠡᠯ ᠣᠯᠣᠭᠰᠠᠨ ᠪᠠᠶᠢᠪᠠᠯ᠂ ᠨᠡᠷ᠎ᠡ ᠮᠡᠳᠡᠭᠦᠯᠬᠦ ᠵᠠᠷᠤᠳᠠᠯ᠂ ᠪᠤᠯᠪᠠᠰᠤᠷᠠᠯ ᠤᠨ ᠵᠠᠷᠤᠳᠠᠯ ᠵᠡᠷᠭᠡ ᠵᠠᠷᠤᠳᠠᠯ ᠳᠤ ᠲᠠᠩᠰᠠ ᠲᠠᠶᠢᠯᠬᠤ ᠨᠥᠬᠦᠪᠦᠷᠢ ᠣᠯᠭᠤᠨ᠎ᠠ᠃      ᠬᠤᠷᠢᠨ ᠨᠢᠭᠡᠳᠦᠭᠡᠷ ᠵᠦᠢᠯ      ᠭᠤᠣᠯᠳᠠᠯᠭ᠎ᠠ ᠲᠠᠢ ᠬᠥᠮᠥᠵᠢᠭᠦᠯᠬᠦ ᠶᠢ ᠠᠬᠢᠭᠤᠯᠤᠨ᠎ᠠ᠃ ᠨᠡᠶᠢᠭᠡᠮ ᠲᠣᠭᠤᠷᠢᠭ ᠤᠨ ᠠᠵᠢᠯᠲᠠᠨ ᠤ ᠳᠣᠲᠣᠷ᠎ᠠ ᠠᠴᠠ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠡᠯᠰᠡᠬᠦ ︵ᠤᠷᠢᠬᠤ︶ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠲᠣᠭᠤᠷᠢᠭ ᠤᠨ ᠰᠢᠯᠢᠳᠡᠭ ᠠᠵᠢᠯᠲᠠᠨ ᠠᠯᠪᠠᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠳᠤ ᠰᠢᠯᠭᠠᠭᠤᠯᠬᠤ ᠪᠠᠷ ᠨᠡᠷ᠎ᠡ ᠮᠡᠳᠡᠭᠦᠯᠦᠭᠰᠡᠨ ᠪᠠᠶᠢᠪᠠᠯ᠂ ᠠᠳᠠᠯᠢ ᠨᠥᠬᠦᠴᠡᠯ ᠤᠨ ᠳᠣᠣᠷ᠎ᠠ ᠤᠷᠢᠳᠠᠪᠠᠷ ᠡᠯᠰᠡᠨ ᠬᠡᠷᠡᠭᠯᠡᠨ᠎ᠡ᠃ ᠪᠦᠬᠦᠯᠢ 45 ᠨᠠᠰᠤᠨ ᠠᠴᠠ ᠳᠣᠭᠤᠭᠰᠢ᠂ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠵᠢᠴᠢ ᠲᠡᠭᠦᠨ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ᠂ ᠣᠨᠴᠠᠭᠠᠶ ᠰᠢᠯᠢᠳᠡᠭ ᠨᠡᠶᠢᠭᠡᠮ ᠲᠣᠭᠤᠷᠢᠭ ᠤᠨ ᠠᠵᠢᠯᠲᠠᠨ ᠤ ᠳᠣᠲᠣᠷ᠎ᠠ ᠠᠴᠠ ᠨᠠᠮ ᠤᠨ ᠭᠡᠰᠢᠭᠦᠨ ᠬᠥᠮᠥᠵᠢᠭᠦᠯᠬᠦ ᠶᠢ ᠴᠢᠬᠤᠯᠠᠴᠢᠯᠠᠵᠤ᠂ ᠨᠡᠶᠢᠭᠡᠮ ᠲᠣᠭᠤᠷᠢᠭ ᠤᠨ ᠰᠢᠯᠢᠳᠡᠭ ᠠᠵᠢᠯᠲᠠᠨ ᠢ ᠡᠯ᠎ᠡ ᠱᠠᠲᠤᠨ ᠤ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠭᠠᠬᠤ ᠪᠠᠷ ᠢᠳᠡᠪᠬᠢᠲᠡᠢ ᠪᠠᠷ ᠲᠠᠨᠢᠯᠴᠠᠭᠤᠯᠤᠨ᠎ᠠ᠃ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠰᠢᠯᠢᠳᠡᠭ ᠳᠡᠳ᠋ ᠡᠷᠬᠢᠯᠡᠭᠴᠢ ᠶᠢᠨ ᠳᠣᠲᠣᠷ᠎ᠠ ᠠᠴᠠ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠰᠠᠭᠤᠭᠠᠯᠢ ᠠᠷᠠᠳ ᠤᠨ ᠵᠥᠪᠯᠡᠯ ᠤᠨ ᠡᠷᠬᠢᠯᠡᠭᠴᠢ ᠶᠢ ᠰᠢᠯᠢᠨ ᠰᠣᠩᠭᠤᠬᠤ ᠶᠢ ᠴᠢᠬᠤᠯᠠᠴᠢᠯᠠᠨ᠎ᠠ︔ ᠨᠡᠶᠢᠭᠡᠮ ᠲᠣᠭᠤᠷᠢᠭ ᠤᠨ ᠤᠷᠢᠨ ᠬᠡᠷᠡᠭᠯᠡᠭᠰᠡᠨ ᠰᠢᠯᠢᠳᠡᠭ ᠬᠥᠮᠥᠰ᠂ ᠰᠠᠭᠤᠭᠠᠯᠢ ᠠᠷᠠᠳ ᠤᠨ ᠵᠥᠪᠯᠡᠯ ᠤᠨ ᠭᠡᠰᠢᠭᠦᠳ ᠤᠨ ᠳᠣᠲᠣᠷ᠎ᠠ ᠠᠴᠠ ᠳᠡᠳ᠋ ᠡᠷᠬᠢᠯᠡᠭᠴᠢ ᠪᠠᠷ ᠵᠢᠱᠢᠭᠳᠡᠭᠴᠢ ᠶᠢ ᠲᠠᠨᠢᠯᠴᠠᠭᠤᠯᠤᠨ᠎ᠠ᠃ ᠢᠯᠡᠷᠡᠯ ᠢᠶᠠᠷ ᠲᠣᠪᠣᠶᠢᠮ᠎ᠠ ᠨᠡᠶᠢᠭᠡᠮ ᠲᠣᠭᠤᠷᠢᠭ ᠤᠨ ᠠᠵᠢᠯᠲᠠᠨ ᠢ ᠤᠷᠢᠳᠠᠪᠠᠷ ᠳᠠᠷᠠᠭ᠎ᠠ ᠬᠤᠭᠤᠴᠠᠭᠠᠨ ᠤ ᠭᠠᠴᠠᠭ᠎ᠠ ︵ᠰᠠᠭᠤᠭᠠᠯᠢ ᠠᠷᠠᠳ ᠤᠨ ᠵᠥᠪᠯᠡᠯ︶᠎ ᠶᠢᠨ ︽ᠬᠤᠶᠠᠷ ᠵᠥᠪᠯᠡᠯ︾᠎ ᠤᠨ ᠬᠤᠭᠤᠴᠠᠭ᠎ᠠ ᠰᠣᠯᠢᠵᠤ ᠲᠠᠨᠢᠯᠴᠠᠭᠤᠯᠬᠤ ᠵᠢᠱᠢᠭᠳᠡᠭᠴᠢ ᠳᠤ ᠣᠷᠣᠭᠤᠯᠤᠨ᠎ᠠ᠃      ᠬᠤᠷᠢᠨ ᠬᠤᠶᠠᠳᠤᠭᠠᠷ ᠵᠦᠢᠯ      ᠳᠠᠷᠤᠭᠠᠰᠤ ᠶᠢ ᠦᠨᠡᠨᠬᠦ ᠬᠥᠩᠭᠡᠯᠡᠵᠦ ᠪᠠᠭᠠᠰᠬᠠᠬᠤ ᠬᠡᠷᠡᠭᠲᠡᠢ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠨᠢᠭᠡᠨᠲᠡ ᠲᠣᠳᠣᠷᠬᠠᠢ ᠱᠠᠭᠠᠷᠳᠠᠭᠰᠠᠨ ᠠᠵᠢᠯ ᠤᠨ ᠵᠦᠢᠯᠡᠰ ᠢ ᠭᠠᠷᠭᠠᠪᠠᠯ᠂ ᠵᠠᠷᠴᠢᠮ ᠳᠡᠭᠡᠷ᠎ᠡ ᠪᠠᠨ ᠨᠡᠶᠢᠭᠡᠮ ᠲᠣᠭᠤᠷᠢᠭ ︵ᠲᠣᠰᠬᠤᠨ︶᠎ ᠠᠴᠠ ᠠᠵᠢᠯ ᠤᠨ ᠡᠭᠦᠷᠭᠡ ᠲᠡᠰᠬᠡᠨ ᠲᠠᠲᠠᠪᠤᠷᠢᠯᠠᠵᠤ ᠪᠣᠯᠬᠤ ᠦᠭᠡᠢ᠂ ᠣᠯᠠᠨ ᠲᠠᠯ᠎ᠠ ᠠᠴᠠ᠂ ᠳᠠᠬᠢᠨ ᠳᠠᠪᠲᠠᠨ ᠦᠨᠳᠦᠰᠦᠨ ᠱᠠᠲᠤᠨ ᠳᠤ ᠡᠭᠦᠷᠭᠡ ᠳᠠᠭᠠᠭᠠᠯᠭᠠᠬᠤ ᠬᠦᠰᠦᠨᠦᠭ ᠠᠪᠬᠤ ᠶᠢ ᠡᠷᠡᠰ ᠰᠡᠷᠭᠡᠶᠢᠯᠡᠨ ᠬᠤᠷᠢᠭᠯᠠᠵᠤ ᠬᠡᠷᠡᠭᠲᠡᠢ᠃ ᠨᠡᠶᠢᠭᠡᠮ ᠲᠣᠭᠤᠷᠢᠭ ᠤᠨ ᠵᠦᠢᠯᠡᠰ ᠲᠤ ᠵᠥᠪᠰᠢᠶᠡᠷᠡᠨ ᠣᠷᠣᠭᠤᠯᠬᠤ ᠲᠣᠭᠲᠠᠴᠠ ᠶᠢ ᠪᠣᠳᠠᠲᠠᠶᠢᠵᠢᠭᠤᠯᠵᠤ᠂ ︽ᠨᠡᠶᠢᠭᠡᠮ ᠲᠣᠭᠤᠷᠢᠭ ᠤᠨ ᠠᠵᠢᠯ ᠤᠨ ᠵᠦᠢᠯᠡᠰ ᠤᠨ ᠭᠠᠷᠴᠠᠭ ᠢ ᠰᠠᠶᠢᠵᠢᠷᠠᠭᠤᠯᠤᠨ ᠵᠢᠷᠤᠮᠵᠢᠭᠤᠯᠬᠤ ᠲᠤᠬᠠᠢ ᠴᠢᠩᠱᠠᠨ ᠲᠣᠭᠤᠷᠢᠭ ᠤᠨ ᠬᠡᠷᠡᠭᠵᠢᠭᠦᠯᠬᠦ ᠲᠥᠰᠥᠯ︾᠎ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠨᠡᠶᠢᠭᠡᠮ ᠲᠣᠭᠤᠷᠢᠭ ᠤᠨ ᠵᠥᠪᠰᠢᠶᠡᠷᠡᠨ ᠣᠷᠣᠭᠤᠯᠬᠤ ᠲᠠᠰ ᠳᠠᠷᠠᠭᠠᠯᠠᠯ ᠪᠠ ᠵᠥᠪᠰᠢᠶᠡᠷᠡᠨ ᠣᠷᠣᠭᠤᠯᠬᠤ ᠶᠢ ᠬᠢᠨᠠᠨ ᠵᠥᠪᠰᠢᠶᠡᠷᠡᠬᠦ ᠶᠢ ᠴᠢᠩᠳᠠᠯᠠᠨ᠎ᠠ᠃      ᠬᠤᠷᠢᠨ ᠭᠤᠷᠪᠠᠳᠤᠭᠠᠷ ᠵᠦᠢᠯ      ᠪᠡᠶ᠎ᠡ ᠮᠠᠬᠠᠪᠤᠳ ᠦᠵᠡᠯ ᠰᠠᠨᠠᠭᠠᠨ ᠤ ᠡᠷᠡᠭᠦᠯ ᠮᠡᠨᠳᠦ ᠶᠢ ᠪᠠᠲᠤᠯᠠᠨ᠎ᠠ᠃ ᠵᠢᠯ ᠪᠦᠷᠢ 2 ᠤᠳᠠᠭ᠎ᠠ ᠠᠴᠠ ᠳᠤᠲᠠᠭᠤ ᠦᠭᠡᠢ ᠰᠠᠭᠰᠤᠨ ᠪᠥᠮᠪᠦᠭᠡ ᠶᠢᠨ ᠤᠷᠤᠯᠳᠤᠭᠠᠨ᠂ ᠫᠢᠩᠫᠠᠩ ᠪᠥᠮᠪᠦᠭᠡ ᠶᠢᠨ ᠤᠷᠤᠯᠳᠤᠭᠠᠨ᠂ ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ ᠵᠡᠷᠭᠡ ᠤᠷᠠᠨ ᠪᠢᠴᠢᠯᠭᠡ ᠶᠢᠨ ᠬᠥᠳᠡᠯᠭᠡᠭᠡᠨ ᠢ ᠡᠷᠭᠢᠯᠡᠵᠦ᠂ ᠪᠣᠯᠪᠠᠰᠤᠨ ᠡᠷᠡᠭᠦᠯ᠂ ᠢᠳᠡᠪᠬᠢᠲᠡᠢ ᠥᠭᠡᠳᠡᠷᠬᠡᠭ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠎ᠠ᠃ ᠰᠡᠳᠬᠢᠴᠡ ᠶᠢᠨ ᠲᠤᠰᠬᠠᠢ ᠮᠡᠷᠭᠡᠵᠢᠯᠲᠡᠨ ᠢ ᠤᠷᠢᠵᠤ ᠰᠡᠳᠬᠢᠴᠡ ᠶᠢᠨ ᠡᠷᠡᠭᠦᠯ ᠮᠡᠨᠳᠦ ᠶᠢᠨ ᠲᠤᠬᠠᠢ ᠰᠢᠷᠢᠰ ᠲᠠᠶᠢᠯᠤᠮᠵᠢ ᠬᠢᠯᠭᠡᠵᠦ᠂ ᠨᠡᠶᠢᠭᠡᠮ ᠲᠣᠭᠤᠷᠢᠭ ᠤᠨ ᠠᠵᠢᠯᠲᠠᠳ ᠲᠤ ᠰᠡᠳᠬᠢᠴᠡ ᠶᠢᠨ ᠡᠷᠡᠭᠦᠯ ᠮᠡᠨᠳᠦ ᠶᠢᠨ ᠦᠨᠡᠯᠡᠯᠲᠡ ᠬᠢᠬᠦ ᠪᠠ ᠰᠡᠳᠬᠢᠴᠡ ᠶᠢᠨ ᠳᠠᠷᠤᠯᠲᠠ ᠶᠢ ᠪᠠᠭᠠᠰᠬᠠᠵᠤ᠂ ᠠᠵᠢᠯ ᠮᠡᠷᠭᠡᠵᠢᠯ ᠤᠨ ᠵᠣᠯ ᠵᠢᠷᠭᠠᠯ ᠤᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠪᠣᠯᠪᠠᠰᠤᠷᠠᠭᠤᠯᠬᠤ ᠪᠠᠷ ᠠᠮᠠᠷᠠᠯᠲᠠ ᠶᠢ ᠣᠷᠣᠯᠠᠭᠤᠯᠬᠤ︾ ᠳᠦᠷᠢᠮ ᠢ ᠬᠠᠶᠢᠨ ᠰᠦᠪᠡᠭᠴᠢᠯᠡᠵᠦ᠂ ᠨᠡᠶᠢᠭᠡᠮ ᠲᠣᠭᠤᠷᠢᠭ ᠤᠨ ᠠᠵᠢᠯᠲᠠᠨ ᠤ ᠵᠢᠱᠢᠶ᠎ᠡ ᠦᠵᠡᠭᠦᠯᠬᠦ ᠪᠤᠯᠪᠠᠰᠤᠷᠠᠯ ᠢ ᠥᠷᠨᠢᠭᠦᠯᠦᠨ᠂ ᠬᠠᠤᠯᠢ ᠶᠣᠰᠣᠭᠠᠷ ᠠᠵᠢᠯᠯᠠᠬᠤ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠ ᠰᠠᠭᠤᠭᠠᠯᠢ ᠠᠷᠠᠳ ᠲᠤ ᠦᠢᠯᠡᠴᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ᠃      ᠬᠤᠷᠢᠨ ᠳᠥᠷᠪᠡᠳᠦᠭᠡᠷ ᠵᠦᠢᠯ      ᠬᠦᠴᠦᠨ ᠤ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠎ᠡ᠃ ᠨᠡᠶᠢᠭᠡᠮ ᠲᠣᠭᠤᠷᠢᠭ ᠤᠨ ᠠᠵᠢᠯᠲᠠᠨ ᠤ ᠬᠦᠴᠦᠨ ᠤ ᠲᠣᠬᠢᠷᠠᠭᠤᠯᠤᠯᠲᠠ ᠶᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠰᠦᠯᠵᠢᠶᠡᠨ ᠤ ᠲᠣᠬᠢᠷᠠᠭᠤᠯᠤᠯᠲᠠ ᠶᠢ ᠦᠨᠳᠦᠰᠦᠯᠡᠨ᠂ ᠨᠡᠶᠢᠭᠡᠮ ᠲᠣᠭᠤᠷᠢᠭ ᠤᠨ ᠠᠵᠢᠯᠲᠠᠨ ᠢ ᠴᠠᠭ ᠲᠤᠬᠠᠢ ᠳᠤᠨᠢ ᠨᠥᠬᠦᠪᠦᠷᠢᠯᠡᠵᠦ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠮ ᠤᠨ ᠭᠡᠰᠢᠭᠦᠨ ᠺᠠᠳ᠋ᠷ ᠢ ᠨᠡᠶᠢᠭᠡᠮ ᠲᠣᠭᠤᠷᠢᠭ ᠤᠨ ᠲᠤᠰᠢᠶᠠᠯ ᠬᠠᠪᠰᠤᠷᠭᠠᠭᠰᠠᠨ ᠰᠦᠯᠵᠢᠶᠡᠨ ‍ᠦ‌ᠠᠰᠠᠷ ᠤᠨ ᠳᠠᠷᠤᠭ᠎ᠠ ︵ᠨᠢᠭᠡᠴᠡ ᠶᠢᠨ ᠳᠠᠷᠤᠭ᠎ᠠ︶᠎ ᠪᠠᠷ ᠭᠤᠣᠯ ᠴᠣᠭᠴᠠ ᠪᠣᠯᠭᠠᠭᠰᠠᠨ᠂ ᠳᠣᠲᠣᠭᠠᠳᠤ ᠶᠢ ᠬᠠᠮᠠᠭᠠᠯᠠᠬᠤ᠂ ᠬᠤᠲᠠ ᠶᠢᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠠᠤᠯᠢ ᠬᠡᠷᠡᠭᠵᠢᠭᠦᠯᠬᠦ ᠠᠵᠢᠯᠲᠠᠨ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠂ ᠰᠠᠭᠤᠭᠠᠯᠢ ᠠᠷᠠᠳ ᠤᠨ ᠲᠥᠯᠥᠭᠡᠯᠡᠭᠴᠢ᠂ ᠥᠮᠴᠢᠲᠡᠨ ᠤ ᠵᠥᠪᠯᠡᠯ ᠤᠨ ᠲᠥᠯᠥᠭᠡᠯᠡᠭᠴᠢ᠂ ᠠᠳᠠᠯ ᠠᠬᠤᠢ ᠶᠢᠨ ᠺᠣᠮᠫᠠᠨᠢ ᠶᠢᠨ ᠠᠵᠢᠯᠲᠠᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯᠲᠠᠨ ᠪᠠ ᠭᠠᠳᠠᠭᠠᠳᠤ ᠬᠡᠯᠡ᠂ ᠠᠨᠠᠭᠠᠬᠤ ᠤᠬᠠᠭᠠᠨ᠂ ᠰᠡᠳᠬᠢᠴᠡ ᠵᠦᠢ᠂ ᠨᠡᠶᠢᠭᠡᠮ ᠤᠨ ᠠᠵᠢᠯ ᠵᠡᠷᠭᠡ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠲᠠᠢ ᠰᠠᠶᠢᠨ ᠳᠤᠷᠠᠴᠤᠤᠯ ᠢᠶᠠᠷ ᠬᠠᠪᠰᠤᠷᠤᠮᠵᠢ ᠪᠣᠯᠭᠠᠭᠰᠠᠨ ᠨᠡᠶᠢᠭᠡᠮ ᠲᠣᠭᠤᠷᠢᠭ ᠤᠨ ᠰᠠᠶᠢᠨ ᠳᠤᠷᠠᠴᠤᠤᠯ ᠤᠨ ᠡᠩᠨᠡᠭᠡ ᠶᠢ ᠵᠣᠬᠢᠶᠠᠨ ᠪᠠᠶᠢᠭᠤᠯᠤᠨ᠎ᠠ᠃      ᠬᠤᠷᠢᠨ ᠲᠠᠪᠤᠳᠤᠭᠠᠷ ᠵᠦᠢᠯ      ᠰᠠᠶᠢᠰᠢᠶᠠᠨ ᠬᠥᠬᠢᠭᠦᠯᠬᠦ ᠠᠵᠢᠯ ᠢ ᠥᠷᠨᠢᠭᠦᠯᠦᠨ᠎ᠡ᠃ ᠨᠡᠶᠢᠭᠡᠮ ᠲᠣᠭᠤᠷᠢᠭ ᠎ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ᠢᠯᠡᠳᠲᠡ ᠠᠮᠵᠢᠯᠲᠠ ᠪᠦᠲᠦᠮᠵᠢ ᠭᠠᠷᠭᠠᠭᠰᠠᠨ ᠨᠡᠶᠢᠭᠡᠮ ᠲᠣᠭᠤᠷᠢᠭ ᠎ ᠤᠨ ᠰᠢᠯᠢᠳᠡᠭ ᠠᠵᠢᠯᠲᠠᠨ ᠢ ᠬᠥᠬᠢᠭᠦᠯᠦᠨ ᠱᠠᠩᠨᠠᠵᠤ᠂ ᠵᠢᠯ ᠪᠦᠷᠢ ᠲᠤᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠲᠤᠭᠤᠷᠢᠭ ‍ᠤᠨ‌ᠠᠷᠠᠳ ᠤᠨ ᠶᠠᠪᠤᠳᠠᠯ ᠤᠨ ᠲᠣᠪᠴᠢᠶ᠎ᠠ ᠠᠴᠠ ᠲᠦᠷᠦᠭᠦᠯᠡᠨ ᠬᠥᠬᠢᠭᠦᠯᠦᠨ ᠱᠠᠩᠨᠠᠬᠤ ᠠᠷᠭ᠎ᠠ ᠶᠢ ᠲᠣᠭᠲᠠᠭᠠᠵᠤ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠠᠴᠠ ᠬᠥᠬᠢᠭᠦᠯᠦᠨ ᠱᠠᠩᠨᠠᠨ᠎ᠠ᠃ ᠡᠯ᠎ᠡ ᠱᠠᠲᠤᠨ ᠤ ᠰᠢᠯᠢᠳᠡᠭ ᠨᠠᠮ ᠤᠨ ᠠᠵᠢᠯ ᠤᠨ ᠠᠵᠢᠯᠲᠠᠨ᠂ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ︽5·1︾ ᠎ ᠤ ᠬᠥᠳᠡᠯᠮᠦᠷᠢ ᠶᠢᠨ ᠱᠠᠩᠨᠠᠯ ᠤᠨ ᠲᠡᠮᠳᠡᠭ︾᠂ ︽5·4 ᠵᠠᠯᠠᠭᠤᠴᠤᠳ ᠤᠨ ᠱᠠᠩᠨᠠᠯ ᠤᠨ ᠲᠡᠮᠳᠡᠭ︾᠂ ︽3·8 ᠤᠯᠠᠭᠠᠨ ᠲᠤᠭᠴᠢ︾ ᠵᠡᠷᠭᠡ ᠢᠷᠠᠭᠤ ᠠᠯᠳᠠᠷ ᠤᠨ ᠰᠢᠯᠭᠠᠷᠠᠭᠤᠯᠤᠯᠲᠠ ᠳᠤ ᠣᠷᠤᠯᠴᠠᠬᠤ ᠳᠠᠭᠠᠨ ᠨᠡᠶᠢᠭᠡᠮ ᠲᠣᠭᠤᠷᠢᠭ ᠤᠨ ᠰᠢᠯᠢᠳᠡᠭ ᠠᠵᠢᠯᠲᠠᠨ ᠢ ᠡᠩ ᠲᠡᠷᠢᠭᠦᠨ ᠳᠤ ᠲᠠᠨᠢᠯᠴᠠᠭᠤᠯᠤᠨ᠎ᠠ᠃ 10 ᠵᠢᠯ ᠠᠴᠠ ᠳᠡᠭᠡᠭᠰᠢ ᠠᠵᠢᠯᠯᠠᠭᠰᠠᠨ ᠨᠡᠶᠢᠭᠡᠮ ᠲᠣᠭᠤᠷᠢᠭ ᠤᠨ ᠠᠵᠢᠯᠲᠠᠳ 10 ᠵᠢᠯ ᠢᠶᠠᠷ ᠠᠯᠤᠰᠯᠠᠬᠤ ᠬᠤᠭᠤᠴᠠᠭ᠎ᠠ ᠪᠣᠯᠭᠠᠵᠤ᠂ ᠢᠷᠠᠭᠤ ᠠᠯᠳᠠᠷ ᠤᠨ ᠫᠠᠶᠢᠰᠠ ᠵᠣᠬᠢᠶᠠᠵᠤ᠂ ᠨᠡᠶᠢᠭᠡᠮ ᠲᠣᠭᠤᠷᠢᠭ ᠤᠨ ᠠᠵᠢᠯᠲᠠᠳ ᠤᠨ ᠮᠡᠳᠡᠷᠡᠬᠦ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠶᠢ ᠨᠡᠮᠡᠭᠳᠡᠭᠦᠯᠦᠨ᠎ᠡ᠃ ᠨᠡᠶᠢᠭᠡᠮ ᠲᠣᠭᠤᠷᠢᠭ ᠤᠨ ᠰᠢᠨ᠎ᠡ ᠠᠵᠢᠯᠲᠠᠳ ᠤᠨ ᠠᠵᠢᠯ ᠳᠤ ᠣᠷᠣᠬᠤ ᠶᠣᠰᠣᠯᠠᠯ᠂ ᠠᠵᠢᠯ ᠠᠴᠠ ᠪᠠᠨ ᠠᠮᠠᠷᠠᠬᠤ ᠪᠤᠯᠤᠭᠰᠠᠨ ᠨᠡᠶᠢᠭᠡᠮ ᠤᠨ ᠠᠵᠢᠯᠲᠠᠳ ᠢ ᠦᠳᠡᠨ ᠮᠣᠷᠳᠠᠭᠤᠯᠬᠤ᠂ ᠲᠦᠷᠦᠭᠰᠡᠨ ᠡᠳᠦᠷ ᠤᠨ ᠪᠠᠶᠠᠷ ᠢ ᠪᠡᠯᠭᠡᠳᠡᠬᠦ ᠵᠡᠷᠭᠡ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠤᠨ ᠠᠵᠢᠯᠲᠠᠳ ᠤᠨ ᠠᠵᠢᠯ ᠮᠡᠷᠭᠡᠵᠢᠯ ᠤᠨ ᠵᠣᠯ ᠵᠢᠷᠭᠠᠯ ᠤᠨ ᠲᠥᠷᠥᠭᠳᠡᠯ ᠢ ᠨᠡᠮᠡᠭᠳᠡᠭᠦᠯᠵᠦ᠂ ᠨᠡᠶᠢᠭᠡᠮ ᠲᠣᠭᠤᠷᠢᠭ ᠤᠨ ᠠᠵᠢᠯ ᠢ ᠬᠢᠬᠦ ᠢᠲᠡᠭᠡᠯ ᠵᠣᠷᠢᠭ ᠢ ᠪᠠᠲᠤᠳᠬᠠᠨ᠎ᠠ᠃      ᠬᠤᠷᠢᠨ ᠵᠢᠷᠭᠤᠳᠤᠭᠠᠷ ᠵᠦᠢᠯ      ᠨᠡᠶᠢᠲᠡᠯᠢᠭ ᠵᠢᠱᠢᠶ᠎ᠡ ᠪᠠᠷ ᠰᠣᠩᠭᠤᠬᠤ ᠶᠢ ᠴᠢᠩᠭᠠᠳᠬᠠᠨ᠎ᠠ᠃ ᠨᠡᠶᠢᠭᠡᠮ ᠲᠣᠭᠤᠷᠢᠭ ᠲᠠᠬᠢ ᠦᠵᠡᠯ ᠰᠠᠨᠠᠭ᠎ᠠ ᠲᠠᠢ᠂ ᠬᠦᠴᠢᠷ ᠵᠣᠪᠠᠭᠤᠷᠢ ᠶᠢ ᠠᠮᠰᠴᠦ ᠳᠡᠶᠢᠯᠬᠦ᠂ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ᠂ ᠣᠯᠠᠨ ᠲᠦᠮᠡᠨ ᠳᠤ ᠮᠡᠳᠡᠷᠡᠭᠳᠡᠭᠰᠡᠨ ᠬᠡᠮᠵᠢᠶ᠎ᠡ ᠪᠠᠷ ᠥᠨᠳᠥᠷ ᠨᠡᠶᠢᠭᠡᠮ ᠲᠣᠭᠤᠷᠢᠭ ᠤᠨ ᠠᠵᠢᠯᠲᠠᠨ ᠢ ᠴᠢᠳᠠᠮᠠᠭᠠᠢ ᠪᠠᠷ ᠢᠯᠡᠷᠡᠭᠦᠯᠬᠦ ᠪᠠ ᠠᠭᠤᠳᠠᠯᠵᠤ᠂ ᠲᠥᠯᠥᠪᠯᠡᠭᠡ ᠲᠠᠢ ᠪᠠᠷ ᠨᠢᠭᠡ ᠪᠦᠯᠦᠭ ᠠᠵᠢᠯ ᠲᠥᠷᠥᠯ ᠤᠨ ᠭᠤᠣᠯᠯᠠᠭᠴᠢ ᠬᠦᠴᠦᠨ ᠢ ᠭᠤᠣᠯᠳᠠᠯᠭ᠎ᠠ ᠲᠠᠢ ᠬᠥᠮᠥᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠰᠣᠩᠭᠤᠭᠤᠯᠢ ᠳᠤ ᠣᠷᠤᠯᠴᠠᠬᠤ ᠬᠥᠳᠡᠯᠮᠦᠷᠢ ᠶᠢᠨ ᠵᠢᠱᠢᠶᠡᠴᠢ᠂ ᠭᠤᠳᠤᠮᠵᠢ ᠶᠢᠨ ᠶᠡᠷᠦᠩᠬᠡᠢ ᠰᠠᠶᠢᠳ ᠵᠡᠷᠭᠡ ᠲᠤᠬᠠᠶᠢᠯᠠᠭᠰᠠᠨ ᠠᠵᠢᠯ ᠯᠤᠭ᠎ᠠ ᠬᠤᠯᠪᠣᠭᠳᠠᠬᠤ ᠬᠡᠮᠵᠢᠶ᠎ᠡ ᠪᠠᠷ ᠨᠡᠯᠢᠶᠡᠳ ᠥᠨᠳᠥᠷ ᠢᠷᠠᠭᠤ ᠠᠯᠳᠠᠷ ᠢ ᠢᠳᠡᠪᠬᠢᠲᠡᠢ ᠪᠠᠷ ᠬᠦᠷᠭᠡᠨ ᠥᠭᠴᠦ᠂ ᠰᠢᠯᠭᠠᠷᠠᠭᠤᠯᠤᠭᠰᠠᠨ ᠤ ᠳᠠᠷᠠᠭ᠎ᠠ ᠨᠢᠭᠡ ᠤᠳᠠᠭ᠎ᠠ ᠶᠢᠨ ᠴᠢᠨᠠᠷᠲᠠᠢ ᠪᠠᠷ 3000 ︱ 5000 ᠲᠥᠭᠦᠷᠢᠭ ᠢᠶᠠᠷ ᠱᠠᠩᠨᠠᠨ᠎ᠠ᠃ ᠰᠣᠨᠢᠨ ᠰᠡᠳᠬᠦᠯ᠂ ᠷᠠᠳᠢᠤ᠋ ᠨᠡᠪᠲᠡᠷᠡᠭᠦᠯᠭᠡ᠂ ᠲᠧᠯᠸᠢᠰ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠪᠠ ᠰᠦᠯᠵᠢᠶᠡᠨ ᠤ ᠰᠢᠨ᠎ᠡ ᠵᠠᠭᠤᠴᠢᠯᠠᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠤᠳᠠ ᠬᠥᠳᠡᠭᠡ ᠨᠡᠶᠢᠭᠡᠮ ᠲᠣᠭᠤᠷᠢᠭ ᠤᠨ ᠠᠵᠢᠯᠲᠠᠳ ᠤᠨ ᠳᠣᠲᠣᠷᠠᠬᠢ ᠨᠡᠶᠢᠲᠡᠯᠢᠭ ᠬᠥᠮᠥᠰ᠂ ᠰᠡᠳᠬᠢᠯ ᠬᠥᠳᠡᠯᠭᠡᠮ᠎ᠡ ᠥᠢᠯᠡ ᠠᠵᠢᠯᠯᠠᠭ᠎ᠠ ᠶᠢ ᠶᠡᠬᠡᠪᠡᠷ ᠤᠬᠠᠭᠤᠯᠤᠨ ᠮᠡᠳᠡᠭᠡᠯᠡᠵᠦ᠂ ᠥᠷᠭᠡᠨ ᠤᠯᠠᠨ ᠬᠤᠳᠠ ᠬᠥᠳᠡᠭᠡ ᠨᠡᠶᠢᠭᠡᠮ ᠲᠣᠭᠤᠷᠢᠭ ᠤᠨ ᠠᠵᠢᠯᠲᠠᠳ ᠤᠨ ᠡᠷᠬᠢᠯᠡᠭᠰᠡᠨ ᠠᠵᠢᠯ ᠤᠨ ᠴᠤᠭ ᠵᠢᠪᠬᠤᠭ᠎ᠠ ᠪᠠ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠦᠨ᠎ᠡ᠃      ᠬᠤᠷᠢᠨ ᠳᠣᠯᠣᠳᠤᠭᠠᠷ ᠵᠦᠢᠯ      ᠢᠳᠡᠪᠬᠢᠲᠡᠢ ᠢᠶᠠᠷ ᠰᠤᠷᠪᠤᠯᠵᠢᠯᠠᠨ ᠲᠤᠬᠤᠨᠢᠭᠤᠯᠤᠨ᠎ᠠ᠃ ᠨᠡᠶᠢᠭᠡᠮ ᠲᠣᠭᠤᠷᠢᠭ ᠤᠨ ᠠᠵᠢᠯᠲᠠᠳ ᠢ ᠬᠠᠯᠠᠮᠵᠢᠯᠠᠨ ᠲᠣᠬᠤᠨᠢᠭᠤᠯᠬᠤ ᠪᠠᠶᠢᠩᠭᠤ ᠶᠢᠨ ᠠᠵᠢᠯ ᠤᠨ ᠳᠦᠷᠢᠮ ᠢ ᠪᠠᠶᠢᠭᠤᠯᠵᠤ᠂ ᠣᠶᠤᠨ ᠰᠠᠨᠠᠭᠠᠨ ᠤ ᠬᠥᠬᠢᠭᠦᠯᠦᠯ ᠪᠠ ᠡᠳ᠋ ᠪᠣᠳᠠᠰ ᠤᠨ ᠲᠣᠬᠤᠨᠢᠭᠤᠯᠤᠯ ᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠪᠠᠴᠢᠮ ᠪᠡᠷᠬᠡ ᠠᠶᠤᠯᠲᠠᠢ ᠬᠦᠨᠳᠦ ᠡᠭᠦᠷᠭᠡ ᠶᠢ ᠡᠭᠦᠷᠭᠡᠯᠡᠵᠦ ᠪᠦᠬᠦᠢ ᠨᠡᠶᠢᠭᠡᠮ ᠲᠣᠭᠤᠷᠢᠭ ᠤᠨ ᠠᠵᠢᠯᠲᠠᠨ ᠵᠢᠴᠢ ᠭᠡᠷ ᠪᠦᠯᠢ ᠶᠢᠨ ᠬᠢᠨ᠂ ᠢᠯᠠᠩᠭᠤᠶ᠎ᠠ ᠬᠦᠴᠢᠷᠳᠡᠯᠲᠡᠢ ᠭᠡᠷ ᠪᠦᠯᠢ᠂ ᠭᠡᠨᠡᠳᠲᠡ ᠶᠢᠨ ᠡᠪᠡᠳᠴᠢᠨ ᠡᠮᠭᠡᠭ ᠲᠠᠢ ᠨᠡᠶᠢᠭᠡᠮ ᠲᠣᠭᠤᠷᠢᠭ ︵ᠲᠣᠰᠬᠤᠨ︶᠎ ᠤᠨ ᠠᠵᠢᠯᠲᠠᠨ ᠵᠢᠴᠢ ᠭᠡᠷ ᠪᠦᠯᠢ ᠶᠢᠨ ᠬᠢᠨ ᠢ ᠰᠤᠷᠪᠤᠯᠵᠢᠯᠠᠨ ᠲᠣᠬᠤᠨᠢᠭᠤᠯᠬᠤ ᠶᠢ ᠰᠠᠶᠢᠲᠤᠷ ᠬᠢᠵᠦ᠂ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠳᠠᠮᠵᠢᠭᠤᠯᠬᠤ ᠬᠡᠷᠡᠭᠲᠡᠢ᠃ ᠭᠡᠷ ᠪᠦᠯᠢ ᠶᠢᠨ ᠳᠠᠷᠤᠭᠠᠰᠤ ᠨᠡᠯᠢᠶᠡᠳ ᠬᠦᠨᠳᠦ᠂ ᠪᠡᠶ᠎ᠡ ᠮᠠᠬᠠᠪᠤᠳ ᠤᠨ ᠪᠠᠶᠢᠳᠠᠯ ᠨᠢ ᠪᠠᠭᠤᠷᠠᠢ ᠪᠠᠶᠢᠭ᠎ᠠ ᠨᠡᠶᠢᠭᠡᠮ ᠲᠣᠭᠤᠷᠢᠭ ᠤᠨ ᠠᠵᠢᠯᠲᠠᠨ ᠳᠤ ᠬᠠᠶᠢᠷ᠎ᠠ ᠬᠠᠯᠠᠮᠵᠢ ᠬᠦᠷᠲᠡᠭᠡᠬᠦ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠨᠡᠩ ᠤᠯᠠᠨ ᠬᠠᠯᠠᠮᠵᠢᠯᠠᠯ ᠪᠠ ᠬᠠᠪᠰᠤᠷᠤᠯᠭ᠎ᠠ ᠦᠵᠡᠭᠦᠯᠬᠦ ᠬᠡᠷᠡᠭᠲᠡᠢ᠃ ᠭᠤᠷᠪᠠᠨ ᠰᠠᠷ᠎ᠠ ᠶᠢᠨ ᠨᠠᠢᠮᠠᠨ ᠤ ᠡᠮᠡᠭᠲᠡᠶᠢᠴᠦᠳ ᠤᠨ ᠪᠠᠶᠠᠷ᠂ ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢᠴᠢᠳ ᠤᠨ ᠪᠠᠶᠠᠷ᠂ ᠤᠯᠠᠨ ᠤᠯᠤᠰ ᠤᠨ ᠨᠡᠶᠢᠭᠡᠮ ᠤᠨ ᠠᠵᠢᠯ ᠤᠨ ᠡᠳᠦᠷ ᠢ ᠪᠡᠯᠭᠡᠯᠡᠬᠦ ᠵᠡᠷᠭᠡ ᠠᠵᠢᠯᠯᠠᠭ᠎ᠠ ᠪᠠᠷ ᠭᠠᠷᠳᠠᠨ ᠬᠢᠬᠦ ᠴᠡᠭ ᠪᠣᠯᠭᠠᠵᠤ᠂ ᠨᠡᠶᠢᠭᠡᠮ ᠲᠣᠭᠤᠷᠢᠭ ᠤᠨ ᠠᠵᠢᠯᠲᠠᠳ ᠢ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠲᠣᠭᠤᠷᠢᠭ ᠤᠨ ᠠᠵᠢᠯᠲᠠᠳ ᠤᠨ ᠡᠩᠨᠡᠭᠡ ᠶᠢ ᠪᠦᠬᠦ ᠲᠠᠯ᠎ᠠ ᠪᠠᠷ ᠨᠢᠭᠲᠠᠷᠠᠭᠤᠯᠤᠨ ᠪᠠᠬᠢᠵᠢᠭᠦᠯᠦᠨ᠎ᠡ᠃      ᠬᠤᠷᠢᠨ ᠨᠠᠢᠮᠠᠳᠤᠭᠠᠷ ᠵᠦᠢᠯ      ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠪᠠᠶᠢᠭᠤᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ᠂ ᠪᠤᠯᠪᠠᠰᠤᠨ ᠬᠤᠲᠠ ᠶᠢᠨ ᠡᠭᠦᠳᠦᠨ ᠪᠠᠶᠢᠭᠤᠯᠬᠤ ᠴᠡᠭᠴᠡᠯᠡᠨ ᠰᠠᠶᠢᠵᠢᠷᠠᠭᠤᠯᠬᠤ ᠠᠵᠢᠯ ᠵᠡᠷᠭᠡ ᠡᠯ᠎ᠡ ᠵᠦᠢᠯ ᠤᠨ ᠠᠵᠢᠯ ᠤᠨ ᠳᠤᠮᠳᠠ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠡᠷᠡᠰ ᠰᠢᠭᠤᠷᠬᠠᠢ ᠪᠠᠷ ᠰᠢᠢᠳᠪᠦᠷᠢᠯᠡᠭᠰᠡᠨ ᠪᠣᠯᠪᠠᠴᠤ ᠲᠡᠰ ᠳᠠᠷᠠᠭᠠᠯᠠᠯ ᠤᠨ ᠭᠡᠮ ᠰᠣᠭᠤᠭ ᠣᠷᠣᠰᠢᠵᠤ ᠪᠠᠶᠢᠬᠤ ᠪᠤᠶᠤ ᠵᠣᠬᠢᠬᠤ ᠠᠯᠳᠠᠰᠢ ᠭᠠᠷᠭᠠᠭᠰᠠᠨ᠂ ᠮᠠᠭᠤ ᠨᠥᠯᠥᠭᠡ ᠭᠠᠷᠭᠠᠭᠰᠠᠨ ᠦᠭᠡᠢ ᠨᠡᠶᠢᠭᠡᠮ ᠲᠣᠭᠤᠷᠢᠭ ᠤᠨ ᠠᠵᠢᠯᠲᠠᠨ ᠳᠤ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠬᠠᠷᠢᠭᠤᠴᠠᠯᠭ᠎ᠠ ᠠᠴᠠ ᠬᠡᠯᠲᠦᠷᠢᠭᠦᠯᠦᠨ᠎ᠡ︔ ᠦᠨᠡᠨ ᠪᠣᠳᠠᠲᠠᠢ ᠪᠤᠰᠤ ᠵᠠᠬᠢᠳᠠᠯ ᠰᠣᠷᠪᠤᠯᠵᠢᠯᠠᠭ᠎ᠠ ᠶᠢᠨ ᠢᠯᠡᠴᠢᠯᠡᠨ ᠮᠡᠳᠡᠭᠦᠯᠦᠯᠲᠡ ᠳᠤ ᠤᠴᠠᠷᠠᠭᠰᠠᠨ ᠪᠤᠶᠤ ᠭᠦᠳᠬᠡᠨ ᠭᠦᠵᠢᠷᠯᠡᠭᠰᠡᠨ ᠨᠡᠶᠢᠭᠡᠮ ᠲᠣᠭᠤᠷᠢᠭ ᠤᠨ ᠠᠵᠢᠯᠲᠠᠨ ᠢ ᠴᠠᠭ ᠲᠤᠬᠠᠢ ᠳᠤᠨᠢ ᠢᠯᠭᠠᠷᠠᠭᠤᠯᠵᠤ᠂ ᠨᠠᠵᠠᠭᠠᠢ ᠲᠠᠯ᠎ᠠ ᠶᠢᠨ ᠨᠡᠶᠢᠭᠡᠮ ᠤᠨ ᠨᠥᠯᠥᠭᠡ ᠶᠢ ᠠᠷᠢᠯᠭᠠᠨ᠎ᠠ᠃      ᠬᠤᠷᠢ ᠶᠢᠰᠦᠳᠦᠭᠡᠷ ᠵᠦᠢᠯ      ᠡᠵᠢᠯ ᠤᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ᠃ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ ᠪᠡᠯᠡ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ ᠵᠡᠭᠡᠯᠢ ᠪᠠᠯᠭᠠᠰᠤ ᠶᠢᠨ ᠨᠡᠶᠢᠭᠡᠮ ᠤᠨ ᠠᠵᠢᠯᠲᠠᠨ ᠤ ᠦᠢᠯᠡᠴᠢᠯᠡᠭᠡᠨ ᠤ ᠥᠷᠲᠡᠭᠡ ᠶᠢ ᠪᠠᠶᠢᠭᠤᠯᠵᠤ᠂ ᠨᠡᠶᠢᠭᠡᠮ ᠲᠣᠭᠤᠷᠢᠭ ᠤᠨ ᠠᠵᠢᠯᠲᠠᠳ ᠲᠤ ᠨᠡᠶᠢᠭᠡᠮ ᠤᠨ ᠠᠵᠢᠯ ᠤᠨ ᠲᠤᠰᠬᠠᠢ ᠦᠢᠯᠡᠴᠢᠯᠡᠭᠡᠨ ᠤ ᠲᠠᠪᠴᠠᠩ ᠪᠠᠶᠢᠭᠤᠯᠵᠤ ᠥᠭᠭᠦᠨ᠎ᠡ᠃ ᠨᠡᠶᠢᠭᠡᠮ ᠲᠣᠭᠤᠷᠢᠭ ᠤᠨ ᠠᠵᠢᠯᠲᠠᠨ ᠤ ᠲᠣᠰ ᠬᠥᠮᠥᠨ ᠤ ᠪᠡᠶ᠎ᠡ ᠬᠡᠮ ᠢᠶᠠᠷ ᠢᠶᠠᠨ ᠠᠷᠠᠳ ᠤᠨ ᠠᠮᠢᠳᠤᠷᠠᠯ ᠤᠨ ᠲᠥᠷᠥᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠤᠶᠤ ᠨᠡᠶᠢᠭᠡᠮ ᠤᠨ ᠠᠵᠢᠯ ᠤᠨ ᠪᠠᠶᠢᠭᠤᠯᠤᠮᠵᠢ ᠶᠢ ᠳᠠᠭᠠᠭᠤᠯᠤᠨ ᠡᠷᠭᠢᠯᠡᠨ ᠪᠠᠶᠢᠭᠤᠯᠬᠤ ᠶᠢ ᠵᠣᠷᠢᠭᠵᠢᠭᠤᠯᠵᠤ᠂ ᠪᠠᠶᠢᠭᠤᠯᠤᠭᠳᠠᠭᠰᠠᠨ ᠤ ᠳᠠᠷᠠᠭ᠎ᠠ ᠨᠡᠶᠢᠭᠡᠮ ᠲᠣᠭᠤᠷᠢᠭ ᠤᠨ ᠵᠠᠰᠠᠯᠲᠠ ᠵᠡᠷᠭᠡ ᠲᠥᠷᠥᠯ ᠵᠦᠢᠯ ᠢ ᠵᠠᠯᠭᠠᠨ ᠠᠪᠤᠭᠰᠠᠨ ᠪᠠᠶᠢᠪᠠᠯ᠂ ᠵᠠᠰᠠᠭ ᠤᠨ ᠣᠷᠳᠣᠨ ᠠᠴᠠ ᠤᠷᠢᠳᠠᠪᠠᠷ ᠬᠤᠳᠠᠯᠳᠤᠨ ᠠᠪᠤᠨ᠎ᠠ᠃ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠤᠨ ᠣᠷᠴᠢᠨ ᠨᠥᠬᠦᠴᠡᠯ ᠢ ᠰᠠᠶᠢᠵᠢᠷᠠᠭᠤᠯᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠲᠤ ᠨᠡᠩ ᠰᠠᠶᠢᠨ ᠦᠢᠯᠡᠴᠢᠯᠡᠨ᠎ᠡ᠃ ᠨᠡᠶᠢᠭᠡᠮ ᠲᠣᠭᠤᠷᠢᠭ ᠤᠨ ᠲᠤᠰᠬᠠᠢ ᠠᠵᠢᠯᠲᠠᠨ ᠤ ᠲᠤᠰᠬᠠᠶᠢᠵᠢᠬᠤ᠂ ᠠᠵᠢᠯ ᠮᠡᠷᠭᠡᠵᠢᠬᠦ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠪᠣᠶᠢᠵᠢᠭᠤᠯᠤᠨ ᠬᠥᠭᠵᠢᠭᠦᠯᠵᠦ᠂ ᠲᠤᠰᠬᠠᠢ ᠨᠡᠶᠢᠭᠡᠮ ᠤᠨ ᠬᠤᠷᠰᠢᠶᠠᠨ ᠤ ᠠᠵᠢᠯᠴᠢᠨ ᠤ ᠴᠢᠳᠠᠪᠤᠷᠢᠲᠠᠨ ᠢ ᠬᠥᠮᠥᠵᠢᠭᠦᠯᠬᠦ ᠠᠵᠢᠯ ᠢ ᠰᠠᠶᠢᠲᠤᠷ ᠠᠳᠬᠤᠵᠤ᠂ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡ ᠶᠢ ᠳᠦᠷᠢᠮᠵᠢᠭᠦᠯᠦᠨ ᠪᠠᠶᠢᠩᠭᠤᠵᠢᠭᠤᠯᠬᠤ ᠶᠢ ᠲᠦᠯᠬᠢᠨ ᠠᠬᠢᠭᠤᠯᠵᠤ᠂ ᠨᠡᠶᠢᠭᠡᠮ ᠲᠣᠭᠤᠷᠢᠭ ᠤᠨ ᠤᠯᠠᠨ ᠲᠦᠮᠡᠨ ᠤ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠠᠵᠢᠯᠲᠠᠨ ᠤ ᠳᠦᠷᠢ ᠲᠥᠷᠬᠦ ᠶᠢ ᠳᠡᠭᠡᠭᠰᠢᠯᠡᠭᠦᠯᠦᠨ᠎ᠡ᠃ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠬᠦᠨᠳᠦ ᠶᠡᠭᠡ ᠪᠠᠶᠢᠭᠠᠯᠢ ᠶᠢᠨ ᠭᠠᠮᠰᠢᠭ᠂ ᠡ᠊ᠨᠳᠡᠯ ᠤᠨ ᠭᠠᠢ ᠭᠠᠮᠰᠢᠭ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠨᠡᠶᠢᠭᠡᠮ ᠤᠨ ᠠᠮᠤᠷ ᠲᠦᠪᠰᠢᠨ ᠤ ᠬᠡᠷᠡᠭ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃      ᠭᠤᠴᠢᠳᠤᠭᠠᠷ ᠵᠦᠢᠯ      ᠳᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠪᠠᠶᠢᠳᠠᠯ ᠪᠠᠶᠢᠪᠠᠯ ᠨᠡᠶᠢᠭᠡᠮ ᠲᠣᠭᠤᠷᠢᠭ ᠤᠨ ᠠᠵᠢᠯᠲᠠᠨ ᠢ ᠬᠠᠤᠯᠢ ᠳᠤ ᠲᠣᠭᠲᠠᠭᠠᠭᠰᠠᠨ ᠵᠢᠷᠤᠮ ᠶᠣᠰᠣᠭᠠᠷ ᠢᠳᠬᠠᠵᠤ ᠭᠠᠷᠭᠠᠬᠤ᠂ ᠠᠵᠢᠯ ᠠᠴᠠ ᠎ ᠨᠢ ᠵᠣᠭᠰᠤᠭᠠᠬᠤ ᠪᠤᠶᠤ ᠠᠵᠢᠯ ᠠᠴᠠ ᠨᠢ ᠬᠥᠭᠡᠭᠡᠨ᠎ᠡ᠄      1᠂ ᠨᠠᠮ ᠪᠠ ᠲᠦᠷᠦ ᠶᠢᠨ ᠨᠡᠷ᠎ᠡ ᠬᠦᠨᠳᠦ ᠶᠢ ᠭᠤᠲᠤᠭᠠᠬᠤ ᠦᠭᠡ ᠶᠠᠷᠢᠶ᠎ᠠ ᠶᠢ ᠲᠠᠷᠬᠠᠭᠠᠵᠤ᠂ ᠨᠠᠮ ᠪᠠ ᠲᠦᠷᠦ ᠶᠢ ᠡᠰᠡᠷᠭᠦᠴᠡᠬᠦ ᠪᠠᠷ ᠵᠣᠷᠢᠯᠭ᠎ᠠ ᠪᠣᠯᠭᠠᠭᠰᠠᠨ ᠬᠤᠷᠠᠯ ᠴᠤᠭᠯᠠᠭ᠎ᠠ ᠬᠢᠬᠦ᠂ ᠵᠢᠭᠰᠠᠭᠠᠯ ᠶᠠᠪᠤᠭᠤᠯᠬᠤ᠂ ᠰᠦᠷ ᠦᠵᠡᠭᠦᠯᠬᠦ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠭᠰᠠᠨ ᠪᠤᠶᠤ ᠣᠷᠣᠯᠴᠠᠭᠰᠠᠨ᠃      2᠂ ᠬᠤᠶᠠᠷ ᠵᠢᠯ ᠳᠠᠷᠠᠭᠠᠯᠠᠨ ᠬᠢᠨᠠᠨ ᠰᠢᠯᠭᠠᠭᠠᠳ ︽ᠬᠢᠷᠢ ᠲᠡᠩᠴᠡᠭᠦ ᠦᠭᠡᠢ︾ ᠵᠡᠷᠭᠡ ᠳᠡᠰ ᠢᠶᠠᠷ ᠲᠣᠭᠲᠠᠭᠠᠭᠳᠠᠭᠰᠠᠨ ︵ᠬᠤᠶᠠᠷ ᠵᠢᠯ ᠳᠠᠷᠠᠭᠠᠯᠠᠨ ᠬᠢᠨᠠᠨ ᠰᠢᠯᠭᠠᠭᠠᠳ ︽ᠦᠨᠳᠦᠰᠦᠨ ᠳᠡᠭᠡᠨ ᠬᠢᠷᠢ ᠲᠡᠩᠴᠡᠭᠰᠡᠨ︾ ᠵᠢᠴᠢ ᠲᠡᠭᠦᠨ ᠠᠴᠠ ᠳᠣᠷᠣᠭᠰᠢᠬᠢ ᠵᠡᠷᠭᠡ ᠳᠡᠰ ᠢᠶᠠᠷ ᠲᠣᠭᠲᠠᠭᠠᠭᠳᠠᠭᠰᠠᠨ ᠪᠠᠶᠢᠪᠠᠯ ︽ᠬᠢᠷᠢ ᠲᠡᠩᠴᠡᠭᠦ ᠦᠭᠡᠢ︾᠎ ᠪᠠᠷ ᠮᠠᠭᠠᠳᠯᠠᠨ ᠲᠣᠭᠲᠠᠭᠠᠨ᠎ᠠ︶᠃ ᠠᠵᠢᠯ ᠤᠨ ᠦᠶᠯᠡ ᠠᠵᠢᠯᠯᠠᠭ᠎ᠠ ᠶᠢᠨ ᠵᠣᠬᠢᠰ ᠦᠭᠡᠢ ᠠᠴᠠ ᠪᠣᠯᠵᠤ ᠮᠠᠭᠤ ᠨᠥᠯᠥᠭᠡ ᠭᠠᠷᠭᠠᠭᠰᠠᠨ ᠪᠤᠶᠤ ᠪᠤᠰᠤᠳ ᠰᠢᠯᠲᠠᠭᠠᠨ ᠠᠴᠠ ᠪᠣᠯᠵᠤ ᠭᠤᠣᠯᠳᠠᠯᠭ᠎ᠠ ᠲᠠᠢ ᠠᠵᠢᠯ ᠳᠤ ᠬᠦᠨᠳᠦ ᠶᠡᠭᠡ ᠠᠯᠳᠠᠰᠢ ᠭᠠᠷᠭᠠᠭᠰᠠᠨ ᠪᠠᠶᠢᠪᠠᠯ᠂ ᠰᠢᠭᠤᠳ ︽ᠬᠢᠷᠢ ᠲᠡᠩᠴᠡᠭᠦ ᠦᠭᠡᠢ︾᠎ ᠪᠠᠷ ᠮᠠᠭᠠᠳᠯᠠᠨ ᠲᠣᠭᠲᠠᠭᠠᠨ᠎ᠠ᠃      3᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠬᠦᠨᠳᠦ ᠨᠣᠴᠢᠲᠠᠢ ᠵᠥᠷᠢᠴᠡᠭᠰᠡᠨ ᠪᠤᠶᠤ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠪᠤᠰᠤᠳ ᠦᠢᠯᠡ ᠠᠵᠢᠯᠯᠠᠭ᠎ᠠ ᠲᠠᠢ ᠪᠠᠶᠢᠬᠤ᠃      4᠂ ᠭᠡᠷ᠎ᠡ ᠳᠤ ᠪᠣᠯᠵᠣᠨ ᠲᠣᠭᠲᠠᠭᠰᠠᠨ ᠡᠭᠦᠷᠭᠡ ᠪᠠᠨ ᠭᠦᠢᠴᠡᠳᠬᠡᠬᠦ ᠦᠭᠡᠢ᠂ ᠰᠤᠷᠭᠠᠨ ᠬᠥᠮᠥᠵᠢᠭᠦᠯᠦᠭᠰᠡᠨ ᠪᠠᠶᠢᠲᠠᠯ᠎ᠠ ᠮᠥᠨ ᠵᠠᠰᠠᠷᠠᠬᠤ ᠦᠭᠡᠢ ᠪᠠᠶᠢᠬᠤ᠃      5᠂ ᠬᠦᠨᠳᠦ ᠨᠣᠴᠢᠲᠠᠢ ᠠᠵᠢᠯ ᠤᠨ ᠬᠠᠷᠢᠭᠤᠴᠠᠯᠭ᠎ᠠ ᠪᠠᠨ ᠠᠯᠳᠠᠵᠤ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠵᠦ᠂ ᠤᠷᠢᠵᠤ ᠬᠡᠷᠡᠭᠯᠡᠬᠦ ᠲᠠᠯ᠎ᠠ ᠪᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠠᠰᠢᠭ ᠲᠤᠰᠠ ᠳᠤ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ᠃      6᠂ ᠤᠴᠢᠷ ᠰᠢᠯᠲᠠᠭᠠᠨ ᠦᠭᠡᠢ ᠪᠠᠷ ᠠᠵᠢᠯ ᠰᠠᠭᠠᠲᠠᠭᠠᠳ ᠨᠢᠭᠡ ᠵᠢᠯ ᠤᠨ ᠳᠣᠲᠣᠷ᠎ᠠ ᠨᠡᠶᠢᠳᠡ ᠭᠤᠴᠢᠨ ᠡᠳᠦᠷ ᠠᠴᠠ ᠬᠡᠲᠦᠷᠡᠭᠰᠡᠨ᠃      7᠂ ᠠᠵᠢᠯ ᠢᠶᠠᠨ ᠬᠢᠵᠦ ᠳᠡᠶᠢᠯᠬᠦ ᠦᠭᠡᠢ᠂ ᠳᠠᠪᠲᠠᠨ ᠪᠣᠯᠪᠠᠰᠤᠷᠠᠭᠤᠯᠤᠭᠰᠠᠨ ᠪᠤᠶᠤ ᠠᠵᠢᠯ ᠤᠨ ᠪᠠᠶᠢᠷᠢ ᠳᠤᠨᠢ ᠲᠣᠬᠢᠷᠠᠭᠤᠯᠤᠯᠲᠠ ᠬᠢᠭᠰᠡᠨ ᠪᠣᠯᠪᠠᠴᠤ ᠮᠥᠨ ᠯᠡ ᠬᠢᠵᠦ ᠳᠡᠶᠢᠯᠬᠦ ᠦᠭᠡᠢ ᠪᠠᠶᠢᠬᠤ᠃      8᠂ ᠪᠤᠰᠤᠳ ᠵᠡᠭᠡᠯᠢ ᠭᠤᠳᠤᠮᠵᠢ ︵ᠪᠠᠯᠭᠠᠰᠤ︶᠎ ᠳᠤ ᠲᠤᠰᠢᠶᠠᠯ ᠳᠠᠭᠠᠨ ᠦᠯᠦ ᠲᠡᠩᠴᠡᠬᠦ ᠪᠠᠶᠢᠳᠠᠯ ᠳᠤ ᠣᠷᠣᠭᠤᠯᠤᠭᠰᠠᠨ ᠢ ᠮᠡᠳᠡᠷᠡᠨ ᠵᠥᠪᠰᠢᠶᠡᠷᠡᠭᠰᠡᠨ᠃      ᠭᠤᠴᠢᠨ ᠨᠢᠭᠡᠳᠦᠭᠡᠷ ᠵᠦᠢᠯ      ᠳᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠵᠦᠢᠯ ᠤᠨ ᠪᠠᠶᠢᠳᠠᠯ ᠪᠠᠶᠢᠪᠠᠯ ᠠᠵᠢᠯ ᠦᠢᠯᠡᠰ ᠤᠨ ᠨᠢᠭᠡᠴᠡ ᠶᠢᠨ ᠠᠳᠠᠯᠢ ᠲᠦᠷᠦᠯ ᠤᠨ ᠠᠵᠢᠯᠲᠠᠨ ᠤ ᠴᠠᠯᠢᠩ ᠤᠨ ᠬᠠᠷᠠᠭᠠᠯᠵᠠᠯ ᠲᠠᠢ ᠬᠠᠷᠢᠴᠠᠭᠤᠯᠵᠤ ᠡᠳ᠋ᠯᠡᠬᠦ ᠨᠡᠶᠢᠭᠡᠮ ᠲᠣᠭᠤᠷᠢᠭ ᠤᠨ ᠠᠵᠢᠯᠲᠠᠨ ᠤ ᠬᠠᠷᠠᠭᠠᠯᠵᠠᠯ ᠢ ᠬᠦᠴᠦᠨ ᠦᠭᠡᠢ ᠪᠣᠯᠭᠠᠨ᠎ᠠ᠄      1᠂ ᠬᠤᠶᠠᠷ ᠵᠢᠯ ᠳᠠᠷᠠᠭᠠᠯᠠᠨ ᠬᠢᠨᠠᠨ ᠰᠢᠯᠭᠠᠭᠠᠳ ︽ᠦᠨᠳᠦᠰᠦᠨ ᠳᠡᠭᠡᠨ ᠬᠢᠷᠢ ᠲᠡᠩᠴᠡᠭᠰᠡᠨ︾ ᠵᠢᠴᠢ ᠲᠡᠭᠦᠨ ᠠᠴᠠ ᠳᠣᠷᠣᠭᠰᠢᠬᠢ ᠵᠡᠷᠭᠡ ᠳᠡᠰ ᠢᠶᠠᠷ ᠲᠣᠭᠲᠠᠭᠠᠭᠳᠠᠭᠰᠠᠨ᠃      2᠂ ᠠᠵᠢᠯ ᠤᠨ ᠳᠤᠮᠳᠠ ᠬᠦᠨᠳᠦ ᠶᠡᠭᠡ ᠠᠯᠳᠠᠰᠢ ᠭᠠᠷᠴᠤ᠂ ᠵᠡᠭᠡᠯᠢ ᠪᠠᠯᠭᠠᠰᠤᠨ ᠤ ᠨᠠᠮ ᠤᠨ ︵ᠠᠵᠢᠯ︶ ᠬᠤᠷᠢᠶ᠎ᠠ ᠪᠠᠷ ᠰᠤᠳᠤᠯᠤᠭᠤᠯᠤᠨ ᠵᠥᠪᠰᠢᠶᠡᠷᠡᠭᠦᠯᠦᠭᠡᠳ᠂ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠤᠭᠰᠠᠨ᠃      ᠵᠢᠷᠭᠤᠳᠤᠭᠠᠷ ᠪᠦᠯᠦᠭ       ᠳᠠᠭᠠᠯᠳᠤᠭᠤᠯᠤᠯ ᠳᠦᠷᠢᠮ      ᠭᠤᠴᠢᠨ ᠬᠤᠶᠠᠳᠤᠭᠠᠷ ᠵᠦᠢᠯ      ᠲᠤᠰ ᠠᠷᠭ᠎ᠠ ᠶᠢ  ᠲᠤᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠲᠤᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃      ᠭᠤᠴᠢᠨ ᠭᠤᠷᠪᠠᠳᠤᠭᠠᠷ ᠵᠦᠢᠯ      ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠥᠩᠭᠡᠷᠡᠭᠰᠡᠨ ᠤ ᠲᠥᠷᠥ ᠶᠢᠨ ᠪᠣᠳᠣᠯᠭ᠎ᠠ ᠶᠢᠨ ᠲᠣᠭᠲᠠᠭᠠᠯ ᠨᠢ ᠲᠣᠰ ᠠᠷᠭ᠎ᠠ ᠲᠠᠢ ᠨᠢᠭᠡᠳᠦᠯ ᠦᠭᠡᠢ ᠪᠠᠶᠢᠪᠠᠯ᠂ ᠲᠣᠰ ᠠᠷᠭ᠎ᠠ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号