ᠰᠢᠨᠵᠢᠯᠡᠬᠦ ᠤᠬᠠᠭᠠᠨᠴᠢ ᠵᠠᠮ ᠤᠨ ᠵᠡᠭᠡᠯᠢ ᠭᠤᠳᠤᠮᠵᠢ ᠶᠢᠨ ᠨᠡᠬᠡᠮᠡᠯ ᠨᠡᠶᠢᠭᠡᠮ ᠲᠣᠭᠤᠷᠢᠭ ᠤᠨ ᠬᠢᠨ ᠨᠡᠶᠢᠭᠡᠮ ᠲᠣᠭᠤᠷᠢᠭ ᠤᠨ ᠤᠷᠴᠢᠨ ᠲᠤᠭᠤᠷᠢᠨ ᠢ ᠰᠠᠶᠢᠵᠢᠷᠠᠭᠤᠯᠤᠨ ᠵᠠᠰᠠᠵᠦ ᠭᠤᠶᠤᠯᠠᠪᠠ
ᠨᠡᠶᠢᠲᠡᠯᠡᠭᠰᠡᠨ ᠴᠠᠭ᠄
2022/8/18
     ᠣᠶᠢᠷ᠎ᠠ ᠳᠤ᠂ ᠰᠢᠨᠵᠢᠯᠡᠬᠦ ᠤᠬᠠᠭᠠᠨᠴᠢ ᠵᠠᠮ ᠤᠨ ᠵᠡᠭᠡᠯᠢ ᠭᠤᠳᠤᠮᠵᠢ ᠶᠢᠨ ᠨᠡᠬᠡᠮᠡᠯ ᠨᠡᠶᠢᠭᠡᠮ ᠲᠣᠭᠤᠷᠢᠭ ᠤᠨ  ᠬᠢᠨ ᠠᠷᠢᠭᠤᠨ ᠴᠡᠪᠡᠷ ᠤᠨ ᠥᠯᠥ ᠣᠨᠣᠭᠳᠠᠬᠤ ᠭᠠᠵᠠᠷ ᠢ ᠴᠡᠪᠡᠷᠯᠡᠬᠦ ᠳᠡᠭᠡᠨ ᠭᠠᠵᠠᠷ ᠤᠨ ᠭᠠᠳᠠᠷᠭᠤ ᠠᠴᠠ ᠥᠨᠳᠥᠷ  ᠳᠤ ᠬᠠᠨᠳᠤᠭᠤᠯᠤᠨ᠂ ᠠᠵᠢᠯᠲᠠᠨ ᠵᠢᠴᠢ ᠳᠠᠭᠠᠭᠠᠴᠢᠯᠠᠨ ᠬᠤᠯᠪᠣᠭᠠᠯᠠᠬᠤ ᠨᠢᠭᠡᠴᠡ ᠶᠢᠨ ᠰᠠᠶᠢᠨ ᠳᠤᠷᠠᠴᠤᠤᠯ ᠢ ᠵᠣᠬᠢᠶᠠᠨ ᠪᠠᠶᠢᠭᠤᠯᠵᠤ ᠨᠡᠬᠡᠮᠡᠯ ᠵᠢᠵᠢᠭ ᠲᠣᠭᠤᠷᠢᠭ ᠤᠨ ᠡᠮᠦᠨ᠎ᠡ ᠬᠡᠰᠡᠭ ᠤᠨ ᠠᠰᠠᠷ ᠤᠨ ᠪᠣᠷᠣᠭᠠᠨ ᠢ ᠰᠡᠷᠭᠡᠶᠢᠯᠡᠬᠦ ᠲᠠᠪᠴᠠᠩ ᠢ ᠲᠥᠪᠯᠡᠷᠡᠭᠦᠯᠦᠨ ᠴᠡᠪᠡᠷᠯᠡᠵᠡᠢ᠃ ᠲᠣᠰ ᠤᠳᠠᠭ᠎ᠠ ᠲᠥᠪᠯᠡᠷᠡᠭᠦᠯᠦᠨ ᠴᠡᠭᠴᠡᠯᠡᠨ ᠵᠠᠰᠠᠭᠰᠠᠨ ᠨᠢ ᠪᠣᠷᠣᠭᠠᠨ ᠠᠴᠠ ᠰᠡᠷᠭᠡᠶᠢᠯᠡᠬᠦ ᠲᠠᠪᠴᠠᠩ ᠳᠡᠭᠡᠷᠡᠬᠢ ᠡᠪᠡᠰᠦ᠂ ᠬᠤᠭ ᠨᠣᠪᠰᠢ ᠶᠢ ᠲᠤᠶᠢᠯᠪᠤᠷᠢᠲᠠᠢ ᠠᠷᠢᠯᠭᠠᠵᠤ᠂ ᠣᠷᠴᠢᠨ ᠠᠬᠤᠢ ᠶᠢᠨ ᠡᠷᠡᠭᠦᠯ ᠬᠠᠮᠠᠭᠠᠯᠠᠯ ᠢ ᠪᠦᠬᠦᠯᠢ ᠴᠣᠭᠴᠠ ᠪᠠᠷ ᠨᠢ ᠴᠡᠪᠡᠷᠵᠢᠭᠦᠯᠦᠭᠰᠡᠨ ᠢᠶᠠᠷ ᠪᠠᠷᠠᠬᠤ ᠦᠭᠡᠢ ᠠᠮᠤᠷ ᠲᠦᠪᠰᠢᠨ ᠤ ᠳᠠᠯᠳᠠ ᠬᠡᠮ ᠢ ᠴᠦ ᠠᠷᠢᠯᠭᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠨᠡᠬᠡᠮᠡᠯ ᠨᠡᠶᠢᠭᠡᠮ ᠲᠣᠭᠤᠷᠢᠭ ᠤᠨ ᠬᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠤᠰᠬᠠᠢ ᠵᠠᠰᠠᠯᠲᠠ ᠶᠢᠨ ᠠᠵᠢᠯ ᠢ ᠦᠷᠭᠦᠯᠵᠢᠯᠡᠨ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠦᠨᠳᠦᠰᠦᠨ ᠱᠠᠲᠤᠨ ᠤ ᠵᠠᠰᠠᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠶ᠎ᠡ ᠵᠣᠬᠢᠴᠠᠩᠭᠤᠢ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠴᠢᠨ ᠲᠣᠭᠤᠷᠢᠨ ᠢ ᠪᠤᠢ ᠪᠤᠯᠭᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号