ᠴᠢᠩᠱᠠᠨ ᠲᠣᠭᠤᠷᠢᠭ ᠲᠤᠭᠤᠷᠢᠭ ᠲᠤ ᠰᠠᠭᠤᠭ᠎ᠠ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/18
     8 ᠰᠠᠷ᠎ᠠ ᠶᠢᠨ 17 ᠤ ᠡᠳᠦᠷ᠂ ᠴᠢᠩᠱᠠᠨ ᠲᠣᠭᠤᠷᠢᠭ ᠲᠤᠭᠤᠷᠢᠭ ᠲᠤ ᠰᠠᠭᠤᠭ᠎ᠠ ᠶᠡᠭᠡ ᠳᠡᠭᠡᠳᠦ ᠰᠤᠷᠭᠠᠭᠤᠯᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠳᠣᠬᠠᠨ ᠤ ᠮᠠᠨ ᠤ ᠲᠤᠭᠤᠷᠢᠭ ᠤᠨ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠡᠯ᠎ᠡ ᠳᠡᠭᠡᠳᠦ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠤᠷᠭᠠᠭᠤᠯᠢ ᠡᠬᠢᠯᠡᠬᠦ ᠠᠴᠠ ᠡᠮᠦᠨᠡᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠲᠤᠭᠤᠷᠢᠭ ᠤᠨ ᠨᠠᠮ ᠤᠨ ᠬᠤᠷᠢᠶᠠᠨ ᠤ ᠱᠦᠵᠢ᠂ ᠲᠤᠭᠤᠷᠢᠭ ᠤᠨ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠳ᠋ᠢᠩ ᠺᠠᠢ ᠬᠤᠷᠠᠯ ᠢ ᠡᠷᠭᠢᠯᠡᠵᠦ᠂ ᠲᠤᠭᠤᠷᠢᠭ ᠲᠤ ᠰᠠᠭᠤᠭ᠎ᠠ ᠳᠡᠭᠡᠳᠦ ᠰᠤᠷᠭᠠᠭᠤᠯᠢ ᠶᠢᠨ ᠬᠠᠮᠢᠶ᠎ᠠ ᠪᠦᠬᠦᠢ ᠤᠳᠤᠷᠢᠳᠤᠯᠭ᠎ᠠ᠂ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠪᠦᠷᠢᠯᠳᠦᠭᠦᠨ᠂ ᠡᠯ᠎ᠡ ᠠᠵᠢᠯᠯᠠᠬᠤ ᠳᠤᠭᠤᠶᠢᠯᠠᠩ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠨᠥᠬᠦᠳ ᠬᠤᠷᠠᠯ ᠳᠤ ᠣᠷᠣᠯᠴᠠᠵᠠᠢ᠃      ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠲᠣᠭᠤᠷᠢᠭ ᠲᠤ ᠰᠠᠭᠤᠭ᠎ᠠ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠠᠵᠢᠯ ᠢ ᠡᠷᠲᠡᠬᠡᠨ ᠲᠥᠯᠥᠪᠯᠡᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠬᠠᠮᠠᠭᠠᠯᠠᠬᠤ᠂ ᠬᠦᠮᠦᠨ ᠡᠳ᠋ ᠪᠣᠳᠠᠰ ᠢ ᠨᠥᠭᠡᠴᠡᠯᠡᠬᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠲᠣᠬᠢᠷᠠᠭᠤᠯᠬᠤ ᠵᠡᠷᠭᠡ ᠡᠯ᠎ᠡ ᠵᠦᠢᠯ ᠤᠨ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠵᠦ᠂ ︽ᠬᠥᠮᠥᠨ᠂ ᠪᠣᠳᠠᠰ᠂ ᠣᠷᠴᠢᠨ ᠲᠣᠭᠤᠷᠢᠨ ᠢ ᠵᠡᠷᠭᠡᠪᠡᠷ ᠰᠡᠷᠭᠡᠶᠢᠯᠡᠬᠦ︾ ᠶᠢ ᠪᠡᠶᠡᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠠᠮᠤᠷ ᠲᠦᠪᠰᠢᠨ ᠤ ᠱᠤᠭᠤᠮ︾ ᠢ ᠦᠨᠡᠨᠬᠦ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃      ᠬᠤᠷᠠᠯ ᠠᠴᠠ᠂ ᠲᠤᠭᠤᠷᠢᠭ ᠲᠤ ᠰᠠᠭᠤᠭ᠎ᠠ ᠶᠡᠭᠡ ᠳᠡᠭᠡᠳᠦ ᠰᠤᠷᠭᠠᠭᠤᠯᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ  ᠪᠠ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠴᠢᠨᠠᠭᠰᠢᠳᠠ ᠪᠠᠲᠤᠳᠬᠠᠵᠤ᠂ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠦᠬᠦ ᠬᠦᠴᠦᠨ ᠢᠶᠠᠷ ᠢᠶᠠᠨ ᠪᠠᠲᠤ ᠰᠠᠬᠢᠬᠤ ᠬᠡᠷᠡᠭᠲᠡᠢ᠃ ᠨᠠᠷᠢᠨ ᠨᠢᠮᠪᠠᠢ ᠲᠣᠬᠢᠷᠠᠭᠤᠯᠤᠨ ᠪᠠᠶᠢᠷᠢᠯᠠᠭᠤᠯᠵᠤ᠂ ᠡᠯ᠎ᠡ ᠰᠤᠷᠭᠠᠭᠤᠯᠢ ᠶᠢᠨ ᠨᠠᠮᠤᠷ ᠤᠨ ᠤᠯᠠᠷᠢᠯ ᠤᠨ ᠰᠤᠷᠭᠠᠭᠤᠯᠢ ᠶᠢᠨ ᠡᠬᠢᠯᠡᠬᠦ ᠠᠴᠠ ᠡᠮᠦᠨ᠎ᠡ ᠬᠤᠶᠢᠨᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠡᠯᠡᠳᠬᠡᠯ ᠢ ᠭᠦᠢᠴᠡᠳ ᠬᠢᠨᠠᠮᠠᠭᠠᠢ ᠰᠠᠶᠢᠲᠤᠷ ᠬᠢᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠨᠠᠷᠢᠯᠢᠭᠵᠢᠭᠤᠯᠤᠨ ᠲᠣᠬᠢᠷᠠᠭᠤᠯᠵᠤ᠂ ᠠᠵᠢᠯ ᠤᠨ ᠭᠤᠣᠯᠳᠠᠯᠭ᠎ᠠ ᠪᠠᠨ ᠲᠣᠪᠤᠶᠢᠯᠭᠠᠨ᠂ ᠪᠠᠲᠤᠯᠠᠭ᠎ᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢ ᠬᠥᠮᠥᠨ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠰᠤᠷᠭᠠᠭᠤᠯᠢ ᠶᠢᠨ ᠬᠦᠷᠢᠶᠡᠨ ᠤ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠪᠥᠭᠡᠳ ᠪᠣᠳᠠᠲᠠᠢ᠂ ᠨᠠᠷᠢᠯᠢᠭ ᠰᠠᠶᠢᠲᠤᠷ ᠬᠢᠬᠦ ᠬᠡᠷᠡᠭᠲᠡᠢ᠃ ᠦᠨᠡᠯᠡᠨ ᠵᠢᠱᠢᠵᠦ ᠰᠢᠯᠭᠠᠨ ᠬᠤᠷᠢᠶᠠᠵᠤ ᠪᠠᠶᠢᠴᠠᠭᠠᠬᠤ ᠶᠢ ᠴᠢᠩᠭᠠᠳᠬᠠᠵᠤ᠂ ᠲᠣᠭᠤᠷᠢᠭ ᠤᠨ ᠵᠢᠯᠤᠭᠤᠳᠬᠤ ᠲᠥᠪ᠂ ᠲᠤᠰᠬᠠᠢ ᠮᠡᠷᠭᠡᠵᠢᠯᠲᠡᠨ ᠤ ᠳᠤᠭᠤᠶᠢᠯᠠᠩ᠂ ᠡᠯ᠎ᠡ ᠬᠤᠯᠪᠣᠭᠳᠠᠯ ᠪᠦᠬᠦᠢ ᠠᠵᠢᠯ ᠤᠨ ᠳᠤᠭᠤᠶᠢᠯᠠᠩ ᠨᠢ ᠡᠯ᠎ᠡ ᠰᠤᠷᠭᠠᠭᠤᠯᠢ ᠶᠢᠨ ᠰᠤᠷᠤᠯᠭ᠎ᠠ ᠡᠬᠢᠯᠡᠬᠦ ᠪᠡᠯᠡᠳᠬᠡᠯ ᠤᠨ ᠪᠠᠶᠢᠳᠠᠯ ᠳᠤ ᠦᠨᠡᠯᠡᠨ ᠵᠢᠱᠢᠵᠦ ᠪᠠᠶᠢᠴᠠᠭᠠᠯᠲᠠ ᠬᠢᠵᠦ᠂ ᠳᠤᠲᠠᠭᠤᠳᠠᠯ ᠬᠦᠷᠦᠯᠴᠡᠬᠦ ᠦᠭᠡᠢ ᠪᠠᠶᠢᠬᠤ ᠪᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠩᠬᠠᠷᠴᠤ᠂ ᠰᠢᠯᠭᠠᠨ ᠬᠤᠷᠢᠶᠠᠵᠤ ᠬᠢᠷᠢ ᠲᠡᠩᠴᠡᠭᠰᠡᠨ ᠤ ᠳᠠᠷᠠᠭ᠎ᠠ ᠰᠠᠶ᠋ᠢ ᠰᠤᠷᠭᠠᠭᠤᠯᠢ ᠡᠬᠢᠯᠡᠵᠦ ᠪᠣᠯᠣᠨ᠎ᠠ᠃ ᠠᠵᠢᠯ ᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠬᠠᠮᠵᠢᠯᠴᠠᠨ ᠬᠠᠮᠲᠤᠷᠠᠯᠴᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠤᠨᠢᠨ ᠳᠡᠭᠡᠷ᠎ᠡ ᠨᠢ ᠵᠣᠯᠭᠠᠭᠤᠯᠬᠤ ᠶᠢ ᠰᠠᠶᠢᠲᠤᠷ ᠬᠢᠵᠦ᠂ ᠬᠤᠯᠪᠤᠭᠠᠯᠠᠨ ᠬᠠᠮᠲᠤᠷᠠᠯᠴᠠᠬᠤ ᠶᠢ ᠴᠢᠩᠭᠠᠳᠬᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠬᠢᠵᠦ᠂ ᠣᠷᠣᠨ ᠪᠠᠶᠢᠷᠢ  ᠳᠤᠨᠢ ᠬᠦᠷᠲᠡᠯ᠎ᠡ ᠰᠠᠶᠢᠲᠤᠷ ᠬᠢᠵᠦ᠂  ᠲᠤᠭᠤᠷᠢᠭ ᠲᠤ ᠰᠠᠭᠤᠭ᠎ᠠ ᠶᠡᠭᠡ ᠳᠡᠭᠡᠳᠦ ᠰᠤᠷᠭᠠᠭᠤᠯᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢ ᠪᠦᠬᠦ ᠬᠦᠴᠦᠨ ᠢᠶᠠᠷ ᠢᠶᠠᠨ ᠬᠠᠪᠰᠤᠷᠴᠤ 2022 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠠᠴᠠ ᠡᠮᠦᠨ᠎ᠡ ᠬᠤᠶᠢᠨᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号