︽ᠴᠢᠩᠱᠠᠨ ᠲᠣᠭᠤᠷᠢᠭ ᠤᠨ ᠨᠡᠶᠢᠭᠡᠮ ᠲᠣᠭᠤᠷᠢᠭ ᠤᠨ ᠠᠵᠢᠯᠲᠠᠨ ᠢ ᠰᠢᠯᠭᠠᠨ ᠦᠨᠡᠯᠡᠵᠦ ᠤᠷᠮᠠᠰᠢᠭᠤᠯᠬᠤ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠮᠠᠲ᠋ᠧᠷᠢᠶᠠᠯ
ᠨᠡᠶᠢᠲᠡᠯᠡᠭᠰᠡᠨ ᠴᠠᠭ᠄
2022/8/19
     ᠨᠢᠭᠡ᠂ ᠪᠢᠴᠢᠭ ᠮᠠᠲ᠋ᠧᠷᠢᠶᠠᠯ ᠨᠡᠶᠢᠲᠡᠯᠡᠭᠰᠡᠨ ᠦᠨᠳᠦᠰᠦᠯᠡᠯ      ︽ᠪᠤᠭᠤᠲᠤ ᠬᠤᠲᠠ ᠶᠢᠨ ᠨᠡᠶᠢᠭᠡᠮ ᠲᠣᠭᠤᠷᠢᠭ ᠤᠨ ᠠᠵᠢᠯᠲᠠᠨ ᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶᠎ ᠶᠢ ᠳᠠᠷᠤᠮᠠᠯᠯᠠᠨ ᠶᠠᠪᠤᠭᠤᠯᠬᠤ ᠲᠤᠬᠠᠢ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾᠎  ︵ᠪᠤᠭᠤᠲᠦ ᠵᠠᠰᠠᠭ ᠠᠯᠪᠠᠨ ᠲᠠᠷᠬᠠᠭᠠᠭᠰᠠᠨ ﹇2020﹈ 40 ᠳ᠋ᠦ᠋ᠭᠡᠷ ᠲᠣᠭᠠᠲᠤ︶᠂ ︽ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠪᠥᠬᠦ ᠬᠤᠲᠠ ᠶᠢᠨ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠮᠡᠷᠭᠡᠵᠢᠭᠰᠡᠨ ᠴᠠᠯᠢᠩ ᠬᠥᠯᠥᠰᠦ ᠶᠢᠨ ᠰᠢᠰᠲ᠋ᠧᠮᠵᠢ ᠶᠢ ᠪᠠᠶᠢᠭᠤᠯᠬᠤ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶᠎ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠪᠤᠭᠤᠲᠦ ᠵᠠᠰᠠᠭ ᠠᠯᠪᠠᠨ ᠲᠠᠷᠬᠠᠭᠠᠭᠰᠠᠨ ﹇2020﹈ 39 ᠳ᠋ᠦ᠋ᠭᠡᠷ ᠲᠣᠭᠠᠲᠤ︶ ᠪᠠ ︽ᠴᠢᠩᠱᠠᠨ ᠲᠣᠭᠤᠷᠢᠭ ᠤᠨ ᠨᠡᠶᠢᠭᠡᠮ ᠲᠣᠭᠤᠷᠢᠭ ᠤᠨ ᠠᠵᠢᠯᠲᠠᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ︵ᠴᠢᠩᠱᠠᠨ ᠵᠠᠰᠠᠭ ᠠᠯᠪᠠᠨ ᠲᠠᠷᠬᠠᠭᠠᠭᠰᠠᠨ ﹇2020﹈ 19 ᠳ᠋ᠤᠭᠡᠷ ᠲᠣᠭᠠᠲᠤ︶ ︽ᠴᠢᠩᠱᠠᠨ ᠲᠣᠭᠤᠷᠢᠭ ᠤᠨ ᠨᠡᠶᠢᠭᠡᠮ ᠲᠣᠭᠤᠷᠢᠭ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠬᠥᠯᠥᠰᠦ ᠣᠯᠭᠤᠮᠵᠢ ᠶᠢᠨ ᠰᠢᠰᠲ᠋ᠧᠮᠵᠢ ᠶᠢ ᠢᠵᠢ ᠪᠦᠷᠢᠯᠳᠦᠭᠦᠯᠦᠨ ᠰᠢᠯᠵᠢᠭᠦᠯᠬᠦ ᠬᠡᠷᠡᠭᠵᠢᠭᠦᠯᠬᠦ ᠲᠥᠰᠥᠯ︾ ︵ᠴᠢᠩᠱᠠᠨ ᠵᠠᠰᠠᠭ ᠠᠯᠪᠠᠨ ᠲᠠᠷᠬᠠᠭᠠᠭᠰᠠᠨ ﹇2020﹈ 18 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠲᠤᠭᠤᠷᠢᠭ ᠤᠨ ᠨᠡᠶᠢᠭᠡᠮ ᠲᠣᠭᠤᠷᠢᠭ ᠤᠨ ᠠᠵᠢᠯᠲᠠᠨ ᠤ ᠪᠣᠳᠠᠲᠠᠢ ᠲᠠᠢ ᠪᠠᠨ ᠤᠶᠠᠯᠳᠤᠭᠤᠯᠤᠨ᠂ ︽ᠴᠢᠩᠱᠠᠨ ᠲᠣᠭᠤᠷᠢᠭ ᠤᠨ ᠨᠡᠶᠢᠭᠡᠮ ᠲᠣᠭᠤᠷᠢᠭ ᠤᠨ ᠠᠵᠢᠯᠲᠠᠨ ᠢ ᠰᠢᠯᠭᠠᠨ ᠦᠨᠡᠯᠡᠵᠦ ᠤᠷᠮᠠᠰᠢᠭᠤᠯᠬᠤ ᠠᠷᠭ᠎ᠠ ︵ᠲᠤᠷᠰᠢᠨ ᠬᠡᠷᠡᠭᠵᠢᠭᠦᠯᠬᠦ︶︾ ︵ᠴᠢᠩᠱᠠᠨ ᠵᠠᠰᠠᠭ ᠲᠠᠷᠬᠠᠭᠠᠭᠰᠠᠨ ﹇2022﹈ 7 ᠳ᠋ᠤᠭᠠᠷ ᠲᠣᠭᠠᠲᠤ︶᠎ ᠶᠢ ᠨᠡᠶᠢᠲᠡᠯᠡᠪᠡ᠃      ᠬᠤᠶᠠᠷ᠂ ᠪᠢᠴᠢᠭ ᠮᠠᠲ᠋ᠧᠷᠢᠶᠠᠯ ᠤᠨ ᠠᠵᠢᠯ ᠤᠨ ᠬᠠᠷᠠᠯᠲᠠ      ︽ᠠᠵᠢᠯ ᠤᠨ ᠪᠠᠶᠢᠷᠢ ᠶᠢᠨ ᠬᠠᠮᠢᠶᠠᠷᠤᠯᠲᠠ︾᠂ ︽ᠬᠢᠨᠠᠨ ᠰᠢᠯᠭᠠᠵᠤ ᠦᠨᠡᠯᠡᠬᠦ︾᠂ ︽ᠰᠢᠯᠭᠠᠨ ᠦᠨᠡᠯᠡᠭᠰᠡᠨ ᠦᠷ᠎ᠡ ᠳ᠋ᠦᠩ ᠢ ᠬᠡᠷᠡᠭᠯᠡᠬᠦ︾᠂ ︽ᠤᠷᠮᠠᠰᠢᠭᠤᠯᠬᠤ ᠪᠠ ᠭᠠᠷᠭᠠᠬᠤ︾ ᠵᠡᠷᠭᠡ ᠲᠠᠯ᠎ᠠ ᠶᠢᠨ ᠠᠭᠤᠯᠭ᠎ᠠ ᠶᠢ ᠵᠢᠷᠤᠮᠵᠢᠭᠤᠯᠬᠤ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠠᠵᠢᠯᠲᠠᠳ ᠲᠤ ᠬᠥᠮᠥᠡᠯᠢᠭ ᠬᠠᠮᠢᠶᠠᠷᠤᠯᠲᠠ᠂ ᠰᠢᠨᠵᠢᠯᠡᠬᠦ ᠤᠬᠠᠭᠠᠨᠴᠢᠯᠠᠭᠰᠠᠨ ᠰᠢᠯᠭᠠᠨ ᠦᠨᠡᠯᠡᠯᠲᠡ᠂ ᠬᠠᠮᠤᠭ ᠤᠨ ᠶᠡᠬᠡᠴᠢᠯᠡᠭᠰᠡᠨ ᠤᠷᠮᠠᠰᠢᠭᠤᠯᠤᠯ ᠬᠢᠵᠦ᠂ ᠨᠡᠶᠢᠭᠡᠮ ᠲᠣᠭᠤᠷᠢᠭ ᠤᠨ ᠠᠵᠢᠯᠲᠠᠳ ᠤᠨ ᠣᠯᠭᠤᠮᠵᠢ᠂ ᠬᠥᠭᠵᠢᠯᠲᠡ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠡᠶᠢᠭᠡᠮ ᠲᠣᠭᠤᠷᠢᠭ ᠤᠨ ᠠᠵᠢᠯᠲᠠᠳ ᠤᠨ ᠦᠨᠳᠦᠰᠦᠨ ᠱᠠᠲᠤᠨ ᠳᠤ ᠣᠷᠤᠯᠴᠠᠬᠤ᠂ ᠦᠨᠳᠦᠰᠦᠨ ᠱᠠᠲᠤᠨ ᠳᠤ ᠦᠨᠳᠦᠰᠦᠯᠡᠬᠦ᠂ ᠦᠨᠳᠦᠰᠦᠨ ᠱᠠᠲᠤᠨ ᠳᠤ ᠬᠤᠪᠢ ᠨᠡᠮᠡᠷᠢ ᠦᠵᠡᠭᠦᠯᠬᠦ ᠬᠠᠯᠠᠭᠤᠨ ᠰᠡᠳᠬᠢᠯᠭᠡ ᠪᠠ ᠡᠷᠴᠢ ᠵᠣᠷᠢᠭ ᠢ ᠤᠯᠠᠮ ᠨᠢᠭᠡ ᠠᠯᠬᠤᠮ ᠬᠥᠭᠵᠢᠭᠡᠵᠦ᠂ ᠨᠡᠶᠢᠭᠡᠮ ᠲᠣᠭᠤᠷᠢᠭ ᠤᠨ ᠠᠵᠢᠯ ᠤᠨ ᠨᠢᠯᠲᠠᠭ ᠴᠢᠨᠠᠷ ᠪᠠ ᠬᠠᠷᠢᠶᠠᠯᠠᠭᠳᠠᠬᠤ ᠰᠡᠳᠬᠢᠯᠭᠡ ᠶᠢ ᠨᠡᠮᠡᠭᠳᠡᠭᠦᠯᠦᠨ᠎ᠡ᠃      ᠭᠤᠷᠪᠠ᠂ ᠪᠢᠴᠢᠭ ᠮᠠᠲ᠋ᠧᠷᠢᠶᠠᠯ ᠤᠨ ᠭᠦᠢᠴᠡᠳᠬᠡᠬᠦ ᠬᠡᠪᠴᠢᠶ᠎ᠡ ᠪᠠ ᠬᠡᠷᠡᠭᠵᠢᠭᠦᠯᠬᠦ ᠴᠠᠭ      ᠪᠢᠴᠢᠭ ᠮᠠᠲ᠋ᠧᠷᠢᠶᠠᠯ ᠢ ᠬᠡᠷᠡᠭᠵᠢᠭᠦᠯᠬᠦ ᠡᠲᠡᠭᠡᠳ ᠪᠣᠯ ᠴᠢᠩᠱᠠᠨ ᠲᠣᠭᠤᠷᠢᠭ ᠤᠨ ᠵᠡᠭᠡᠯᠢ ᠭᠤᠳᠤᠮᠵᠢ ︵ᠪᠠᠯᠭᠠᠰᠤ︶᠎ ᠶᠢᠨ ᠨᠡᠶᠢᠭᠡᠮ ᠲᠣᠭᠤᠷᠢᠭ ᠲᠤ ᠲᠤᠰᠬᠠᠶᠢᠯᠠᠨ ᠨᠡᠶᠢᠭᠡᠮ ᠤᠨ ᠬᠠᠮᠢᠶᠠᠷᠤᠯᠲᠠ ᠪᠠ ᠣᠯᠠᠨ ᠨᠡᠶᠢᠲᠡ ᠶᠢᠨ ᠬᠡᠷᠡᠭ ᠶᠠᠪᠤᠳᠠᠯ ᠤᠨ ᠦᠢᠯᠡᠴᠢᠯᠡᠭᠡ ᠶᠢ ᠡᠷᠭᠢᠯᠡᠵᠦ ᠪᠠᠶᠢᠭ᠎ᠠ ᠪᠥᠭᠡᠳ ᠬᠤᠲᠠ᠂ ᠲᠣᠭᠤᠷᠢᠭ ᠬᠤᠶᠠᠷ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠨᠥᠬᠦᠪᠦᠷᠢ ᠥᠭᠴᠦ ᠪᠠᠶᠢᠭ᠎ᠠ ᠪᠦᠬᠦᠯᠢ ᠡᠳᠦᠷ ᠤᠨ ᠳᠦᠷᠢᠮᠲᠦ ᠠᠵᠢᠯᠲᠠᠨ ᠪᠣᠯᠣᠨ᠎ᠠ᠃ ᠡᠭᠦᠨ ᠳᠤ ᠭᠤᠣᠯᠳᠠᠭᠤ ︽ᠭᠤᠷᠪᠠᠨ ᠠᠵᠢᠯ ᠤᠨ ᠪᠠᠶᠢᠷᠢ ᠠᠷᠪᠠᠨ ᠨᠠᠢᠮᠠᠨ ᠳᠡᠰ︾᠎ ᠤᠨ ᠠᠵᠢᠯ ᠮᠡᠷᠭᠡᠵᠢᠭᠰᠡᠨ ᠴᠠᠯᠢᠩ ᠬᠥᠯᠥᠰᠦ  ᠎ ᠶᠢᠨ ᠢᠵᠢ ᠪᠦᠷᠢᠳᠦᠭᠦᠯᠦᠨ ᠥᠭᠡᠷᠡᠴᠢᠯᠡᠬᠦ ᠰᠢᠰᠲ᠋ᠧᠮ ᠳᠤ ᠣᠷᠣᠭᠰᠠᠨ᠂ ᠬᠠᠤᠯᠢ ᠶᠣᠰᠣᠭᠠᠷ ᠰᠣᠩᠭᠤᠵᠤ ᠭᠠᠷᠭᠠᠭᠰᠠᠨ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾᠎ ᠤᠨ ᠪᠦᠷᠢᠯᠳᠦᠭᠦᠨ ᠪᠠ ᠨᠡᠶᠢᠭᠡᠮ ᠠᠴᠠ ᠢᠯᠡ ᠪᠠᠷ ᠤᠷᠢᠵᠤ ᠬᠡᠷᠡᠭᠯᠡᠭᠰᠡᠨ ᠨᠡᠶᠢᠭᠡᠮ ᠲᠣᠭᠤᠷᠢᠭ ᠤᠨ ᠠᠵᠢᠯᠲᠠᠨ ᠵᠢᠴᠢ ᠨᠡᠶᠢᠭᠡᠮ ᠲᠣᠭᠤᠷᠢᠭ ᠲᠤ ᠳᠣᠷᠣᠭᠰᠢ ᠲᠣᠮᠢᠯᠠᠭᠰᠠᠨ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠪᠠᠭᠲᠠᠨ᠎ᠠ᠃ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠭᠰᠠᠨ ᠡᠳᠦᠷ ︵2022 ᠣᠨ ᠤ 6 ᠰᠠᠷ᠎ᠠ ᠶᠢᠨ 7᠎ ᠤ ᠡᠳᠦᠷ︶᠎ ᠠᠴᠠ ᠡᠬᠢᠯᠡᠵᠦ ᠬᠡᠷᠡᠭᠵᠢᠭᠦᠯᠦᠨ᠎ᠡ᠃      ᠳᠥᠷᠪᠡ᠂ ᠪᠢᠴᠢᠭ ᠮᠠᠲ᠋ᠧᠷᠢᠶᠠᠯ ᠤᠨ ᠭᠤᠣᠯ ᠠᠭᠤᠯᠭ᠎ᠠ      ᠪᠢᠴᠢᠭ ᠮᠠᠲ᠋ᠧᠷᠢᠶᠠᠯ ᠳᠤ ᠨᠡᠶᠢᠲᠡ ᠵᠢᠷᠭᠤᠭᠠᠨ ᠪᠦᠯᠦᠭ 31 ᠵᠦᠢᠯ ᠪᠠᠶᠢᠵᠤ᠂ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠤᠨ ᠪᠠᠶᠢᠷᠢ ᠶᠢᠨ ᠬᠠᠮᠢᠶᠠᠷᠤᠯᠲᠠ᠂ ᠬᠢᠨᠠᠨ ᠰᠢᠯᠭᠠᠵᠤ ᠦᠨᠡᠯᠡᠬᠦ᠂ ᠰᠢᠯᠭᠠᠨ ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ᠂ ᠤᠷᠮᠠᠰᠢᠭᠤᠯᠬᠤ ᠠᠷᠭ᠎ᠠ ᠬᠡᠮᠵᠢᠶ᠎ᠡ ᠵᠡᠷᠭᠡ ᠠᠭᠤᠯᠭ᠎ᠠ ᠶᠢ ᠲᠣᠳᠣᠷᠬᠠᠶᠢᠯᠠᠭᠰᠠᠨ ᠪᠠᠶᠢᠨ᠎ᠠ᠃ ᠪᠣᠳᠠᠲᠠᠢ ᠪᠠᠷ ᠬᠡᠯᠡᠪᠡᠯ ᠳᠣᠣᠷᠠᠬᠢ ᠮᠡᠲᠦ᠄      ᠨᠢᠭᠡᠳᠦᠭᠡᠷ ᠪᠦᠯᠦᠭ ᠶᠡᠷᠦᠩᠬᠡᠢ ᠳᠦᠷᠢᠮ᠂ ᠨᠡᠶᠢᠲᠡ 3 ᠵᠦᠢᠯ᠃ ᠨᠢᠭᠡ ᠳᠤ ᠨᠡᠶᠢᠭᠡᠮ ᠲᠣᠭᠤᠷᠢᠭ ᠤᠨ ᠠᠵᠢᠯᠲᠠᠨ ᠤ ᠬᠦᠷᠢᠶ᠎ᠡ ᠬᠡᠪᠴᠢᠶ᠎ᠡ ᠶᠢ ᠲᠣᠳᠣᠷᠬᠠᠢ ᠲᠤᠭᠲᠠᠭᠠᠵᠦ᠂ ᠡᠭᠦᠨ ᠳᠤ ᠭᠤᠣᠯᠳᠠᠭᠤ ︽ᠭᠤᠷᠪᠠᠨ ᠠᠵᠢᠯ ᠤᠨ ᠪᠠᠶᠢᠷᠢ ᠠᠷᠪᠠᠨ ᠨᠠᠢᠮᠠᠨ ᠳᠡᠰ︾᠎ ᠤᠨ ᠠᠵᠢᠯ ᠮᠡᠷᠭᠡᠵᠢᠭᠰᠡᠨ ᠴᠠᠯᠢᠩ ᠬᠥᠯᠥᠰᠦ ᠶᠢᠨ ᠢᠵᠢ ᠪᠦᠷᠢᠳᠦᠭᠦᠯᠦᠨ ᠥᠭᠡᠷᠡᠴᠢᠯᠡᠬᠦ ᠰᠢᠰᠲ᠋ᠧᠮ᠂ ᠬᠠᠤᠯᠢ ᠶᠣᠰᠣᠭᠠᠷ ᠰᠣᠩᠭᠤᠵᠤ ᠭᠠᠷᠭᠠᠭᠰᠠᠨ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾᠎ ᠤᠨ ᠪᠦᠷᠢᠯᠳᠦᠭᠦᠨ ᠪᠠ ᠨᠡᠶᠢᠭᠡᠮ ᠨᠡᠶᠢᠲᠡ ᠠᠴᠠ ᠢᠯᠡ ᠪᠠᠷ ᠤᠷᠢᠵᠤ ᠬᠡᠷᠡᠭᠯᠡᠭᠰᠡᠨ ᠨᠡᠶᠢᠭᠡᠮ ᠲᠣᠭᠤᠷᠢᠭ ᠤᠨ ᠠᠵᠢᠯᠲᠠᠨ ᠵᠢᠴᠢ ᠨᠡᠶᠢᠭᠡᠮ ᠲᠣᠭᠤᠷᠢᠭ ᠲᠤ ᠲᠣᠮᠢᠯᠠᠭᠰᠠᠨ ᠠᠯᠪᠠᠨ  ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠪᠠᠭᠲᠠᠨ᠎ᠠ᠃ ᠬᠤᠶᠠᠷ ᠲᠤ ᠨᠡᠶᠢᠭᠡᠮ ᠲᠣᠭᠤᠷᠢᠭ ᠤᠨ ᠠᠵᠢᠯᠲᠠᠳ ᠢ ᠬᠢᠨᠠᠨ ᠰᠢᠯᠭᠠᠬᠤ ᠠᠷᠭ᠎ᠠ ᠶᠢ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠬᠠᠮᠲᠤ ᠪᠠᠷ ᠲᠣᠭᠲᠠᠭᠠᠵᠤ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ᠂ ᠪᠠᠯᠭᠠᠰᠤᠨ ᠤ ᠨᠠᠮ ᠤᠨ ᠬᠤᠷᠢᠶ᠎ᠠ ᠠᠴᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ᠭᠡᠵᠦ ᠲᠣᠳᠣᠷᠬᠠᠶᠢᠯᠠᠪᠠ᠃      ᠬᠤᠶᠠᠳᠤᠭᠠᠷ ᠪᠦᠯᠦᠭ ᠠᠵᠢᠯ ᠤᠨ ᠪᠠᠶᠢᠷᠢ ᠶᠢᠨ ᠬᠠᠮᠢᠶᠠᠷᠤᠯᠲᠠ᠂ ᠨᠡᠶᠢᠲᠡ 3 ᠵᠦᠢᠯ᠃ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠤᠨ ᠪᠠᠶᠢᠷᠢ ᠶᠢᠨ ᠲᠣᠳᠣᠷᠬᠠᠶᠢᠯᠠᠯᠲᠠ ᠶᠢᠨ ᠳᠦᠷᠢᠮ ᠢ ᠪᠠᠶᠢᠭᠤᠯᠵᠤ᠂ ᠨᠡᠶᠢᠭᠡᠮ ᠲᠣᠭᠤᠷᠢᠭ ᠤᠨ ᠠᠵᠢᠯᠲᠠᠨ ᠤ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠠᠵᠢᠯ ᠤᠨ ᠪᠠᠶᠢᠷᠢ ᠶᠢᠨ ᠶᠣᠰᠣᠭᠠᠷ ᠨᠠᠷᠢᠯᠢᠭ ᠣᠨᠣᠴᠠᠲᠠᠢ ᠪᠠᠷ ᠬᠠᠮᠢᠶᠠᠷᠬᠤ ᠪᠠ ᠰᠢᠯᠭᠠᠨ ᠦᠨᠡᠯᠡᠬᠦ ᠬᠡᠷᠡᠭᠲᠡᠢ ᠭᠡᠵᠦ ᠲᠣᠳᠣᠷᠬᠠᠢ ᠲᠣᠭᠲᠠᠭᠠᠪᠠ᠃      ᠭᠤᠷᠪᠠᠳᠤᠭᠠᠷ ᠪᠦᠯᠦᠭ ᠬᠢᠨᠠᠨ ᠰᠢᠯᠭᠠᠵᠤ ᠦᠨᠡᠯᠡᠬᠦ᠂ ᠨᠡᠶᠢᠲᠡ 7 ᠵᠦᠢᠯ᠃ ᠨᠢᠭᠡ ᠳᠤ ᠰᠢᠯᠭᠠᠨ ᠦᠨᠡᠯᠡᠬᠦ ᠳᠤ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠤᠨ ᠪᠠᠶᠢᠷᠢ ᠶᠢᠨ ᠲᠣᠳᠣᠷᠬᠠᠶᠢᠯᠠᠯᠲᠠ ᠶᠢᠨ ᠪᠢᠴᠢᠭ ᠢᠶᠠᠷ ᠦᠨᠳᠦᠰᠦᠨ ᠦᠨᠳᠦᠰᠦᠯᠡᠯ ᠪᠣᠯᠭᠠᠵᠤ᠂ ᠬᠠᠭᠠᠰ ᠵᠢᠯ ᠤᠨ ᠰᠢᠯᠭᠠᠨ ᠲᠣᠭᠲᠠᠭᠠᠯᠲᠠ᠂ ᠣᠨ ᠤ ᠰᠢᠯᠭᠠᠨ ᠦᠨᠡᠯᠡᠯᠲᠡ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠠᠵᠢᠯᠲᠠᠨ ᠤ ᠮᠣᠷᠠᠯ᠂ ᠴᠢᠳᠠᠪᠤᠷᠢ᠂ ᠠᠵᠢᠯ ᠳᠤ ᠭᠠᠷᠬᠤ᠂ ᠠᠵᠢᠯ ᠤᠨ ᠪᠦᠲᠦᠮᠵᠢ᠂ ᠠᠷᠢᠭᠤᠨ ᠴᠢᠬᠡᠴᠢ ᠵᠡᠷᠭᠡ ᠲᠠᠯ᠎ᠠ ᠶᠢᠨ ᠪᠣᠳᠠᠲᠤ ᠢᠯᠡᠷᠡᠯ ᠢ ᠪᠥᠬᠦ ᠲᠠᠯ᠎ᠠ ᠪᠠᠷ ᠰᠢᠯᠭᠠᠨ ᠦᠨᠡᠯᠡᠬᠦ ᠶᠢ ᠲᠣᠳᠣᠷᠬᠠᠶᠢᠯᠠᠬᠤ ᠬᠡᠷᠡᠭᠲᠡᠢ᠃ ᠬᠤᠶᠠᠷ ᠲᠤ ᠰᠢᠯᠢᠳᠡᠭ ᠢ ᠰᠢᠯᠭᠠᠷᠠᠭᠤᠯᠬᠤ ᠬᠠᠷᠢᠴᠠᠯ ᠢ ᠵᠠᠷᠴᠢᠮ ᠳᠡᠭᠡᠷ᠎ᠡ ᠪᠠᠨ 20% ᠎ ᠠᠴᠠ ᠬᠡᠲᠦᠷᠡᠭᠦᠯᠵᠦ ᠪᠣᠯᠬᠤ ᠦᠭᠡᠢ᠂ ︽ᠬᠢᠷᠢ ᠲᠡᠩᠴᠡᠭᠰᠡᠨ︾  ᠎ ᠢᠶᠠᠷ ᠦᠨᠡᠯᠡᠬᠦ ᠨᠢ 75% ᠣᠷᠴᠢᠮ  ᠎ ᠢ ᠡᠵᠡᠯᠡᠵᠦ᠂ ︽ᠦᠨᠳᠦᠰᠦᠨ ᠳᠡᠭᠡᠨ ᠬᠢᠷᠢ ᠲᠡᠩᠴᠡᠭᠰᠡᠨ︾ ᠪᠠ ︽ᠬᠢᠷᠢ ᠲᠡᠩᠴᠡᠭᠰᠡᠨ ᠦᠭᠡᠢ︾᠎ ᠪᠠᠷ ᠦᠨᠡᠯᠡᠬᠦ ᠬᠠᠷᠢᠴᠠᠯ ᠢ ᠵᠠᠷᠴᠢᠮ ᠳᠡᠭᠡᠷ᠎ᠡ ᠪᠠᠨ 5%᠎ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠪᠣᠳᠠᠲᠠᠢ ᠪᠠᠷ ᠡᠯ᠎ᠡ ᠵᠡᠭᠡᠯᠢ ᠪᠠᠯᠭᠠᠰᠤᠨ ᠤ ᠨᠠᠮ ︵ᠠᠵᠢᠯ︶᠎ ᠤᠨ ᠬᠤᠷᠢᠶ᠎ᠠ ᠠᠴᠠ ᠪᠣᠳᠠᠲᠠᠢ ᠪᠠᠶᠢᠳᠠᠯ ᠢ ᠦᠨᠳᠦᠰᠦᠯᠡᠨ ᠲᠣᠭᠲᠠᠭᠠᠨ᠎ᠠ ᠭᠡᠵᠦ ᠲᠣᠳᠣᠷᠬᠠᠢ ᠲᠣᠭᠲᠠᠭᠠᠵᠠᠢ᠃      ᠳᠥᠷᠪᠡᠳᠦᠭᠡᠷ ᠪᠦᠯᠦᠭ ᠰᠢᠯᠭᠠᠨ ᠲᠣᠭᠲᠠᠭᠠᠭᠰᠠᠨ ᠦᠷ᠎ᠡ ᠳ᠋ᠦᠩ ᠢ ᠬᠡᠷᠡᠭᠯᠡᠬᠦ᠂ ᠨᠡᠶᠢᠲᠡ 6 ᠵᠦᠢᠯ᠃ ᠨᠢᠭᠡ ᠳᠤ᠂ ︽ᠴᠢᠩᠱᠠᠨ ᠲᠣᠭᠤᠷᠢᠭ ᠤᠨ ᠨᠡᠶᠢᠭᠡᠮ ᠲᠣᠭᠤᠷᠢᠭ ᠤᠨ ᠠᠵᠢᠯᠲᠠᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ︵ᠴᠢᠩᠱᠠᠨ ᠵᠠᠰᠠᠭ ᠠᠯᠪᠠᠨ ᠲᠠᠷᠬᠠᠭᠠᠭᠰᠠᠨ ﹇2020﹈ 19 ᠳ᠋ᠤᠭᠡᠷ ᠲᠣᠭᠠᠲᠤ︶᠎ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠨᠡᠶᠢᠭᠡᠮ ᠲᠣᠭᠤᠷᠢᠭ ᠤᠨ ᠠᠵᠢᠯᠲᠠᠨ ᠤ ᠣᠨ ᠤ ᠰᠢᠯᠭᠠᠨ ᠦᠨᠡᠯᠡᠯᠲᠡ ᠳᠤ ᠰᠢᠯᠢᠳᠡᠭ ᠳᠡᠰ ᠢᠶᠠᠷ ᠲᠣᠭᠲᠠᠭᠠᠭᠰᠠᠨ ︵ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ᠂ ᠬᠠᠮᠢᠶᠠᠷᠤᠯᠲᠠ ᠦᠢᠯᠡᠴᠢᠯᠡᠭᠡᠨ ᠤ ᠥᠷᠲᠡᠭᠡᠨ ᠤ ᠳᠠᠷᠤᠭ᠎ᠠ ᠪᠠᠭᠲᠠᠬᠤ ᠦᠭᠡᠢ︶ ︽ᠳᠠᠷᠠᠭ᠎ᠠ ᠵᠢᠯ ᠳᠤᠨᠢ ᠰᠠᠷ᠎ᠠ ᠪᠦᠷᠢ 200 ᠲᠥᠭᠦᠷᠢᠭ ᠱᠠᠩᠨᠠᠬᠤ︾ ᠭᠡᠳᠡᠭ ᠢ ︽ᠰᠢᠯᠭᠠᠨ ᠬᠢᠨᠠᠭᠰᠠᠨ ᠤ ᠳᠠᠷᠠᠭ᠎ᠠ ᠨᠢᠭᠡ ᠤᠳᠠᠭ᠎ᠠ ᠳᠤ 6000 ᠲᠥᠭᠦᠷᠢᠭ ᠱᠠᠩᠨᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠵᠡᠷᠭᠡ ᠲᠤᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠳᠤ ᠵᠢᠭᠡᠯᠡᠨ ᠠᠵᠢᠯᠯᠠᠵᠤ ᠪᠠᠶᠢᠭ᠎ᠠ ᠨᠡᠶᠢᠭᠡᠮ ᠲᠣᠭᠤᠷᠢᠭ ᠤᠨ ᠠᠵᠢᠯᠲᠠᠨ ᠮᠥᠨ ᠬᠦ ᠳᠠᠷᠠᠭ᠎ᠠ ᠵᠢᠯ ᠳᠤᠨᠢ ᠰᠠᠷ᠎ᠠ ᠪᠦᠷᠢ 200 ᠲᠥᠭᠦᠷᠢᠭ ᠤᠨ ᠱᠠᠩᠨᠠᠯ ᠢ ᠯᠠ ᠭᠥᠷᠳᠡᠨ᠎ᠡ︾ ᠭᠡᠵᠦ ᠲᠣᠬᠢᠷᠠᠭᠤᠯᠪᠠ᠃ ᠮᠠᠨ ᠤ ᠲᠤᠭᠤᠷᠢᠭ ᠤᠨ ᠨᠡᠶᠢᠭᠡᠮ ᠲᠣᠭᠤᠷᠢᠭ ᠲᠤ ᠵᠠᠯᠭᠠᠭ᠎ᠠ ᠪᠠᠷ 5 ᠵᠢᠯ ᠠᠴᠠ ᠳᠡᠭᠡᠭᠰᠢ ᠲᠤᠰᠢᠶᠠᠯ ᠡᠭᠦᠷᠭᠡᠯᠡᠵᠦ᠂ ᠨᠡᠶᠢᠲᠡ 2 ᠵᠢᠯ ᠳᠤ ︽ᠰᠢᠯᠢᠳᠡᠭ︾ ᠨᠡᠶᠢᠭᠡᠮ ᠲᠣᠭᠤᠷᠢᠭ ᠤᠨ ᠠᠵᠢᠯᠲᠠᠨ ᠢᠶᠠᠷ ᠦᠨᠡᠯᠡᠭᠳᠡᠭᠰᠡᠨ ᠪᠠᠶᠢᠪᠠᠯ᠂ ︽ᠠᠵᠢᠯᠲᠠᠨ ᠤ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠴᠢᠩᠱᠠᠨ ᠲᠣᠭᠤᠷᠢᠭ ᠤᠨ ᠲᠦᠷ ᠬᠡᠷᠡᠭᠵᠢᠭᠦᠯᠬᠦ ᠠᠷᠭ᠎ᠠ︾᠎ ᠶᠢᠨ ᠪᠢᠴᠢᠭ ᠮᠠᠲ᠋ᠧᠷᠢᠶᠠᠯ ᠢᠶᠠᠷ ᠯᠠᠪᠯᠠᠯᠲᠠ ᠪᠣᠯᠭᠠᠵᠤ᠂ ᠠᠵᠢᠯ ᠦᠢᠯᠡᠰ ᠤᠨ ᠨᠢᠭᠡᠴᠡ ᠶᠢᠨ ᠠᠳᠠᠯᠢ ᠲᠥᠷᠥᠯ ᠤᠨ ᠠᠵᠢᠯᠲᠠᠨ ᠤ ᠣᠯᠭᠤᠮᠵᠢ ᠪᠠᠷ ᠴᠠᠯᠢᠩ ᠣᠯᠭᠤᠨ᠎ᠠ ︵ᠨᠡᠶᠢᠭᠡᠮ ᠲᠣᠭᠤᠷᠢᠭ ᠤᠨ ᠠᠵᠢᠯᠲᠠᠨ ᠤ ᠳᠣᠲᠣᠷᠠᠬᠢ ᠨᠢᠭᠡᠨᠲᠡ ᠠᠵᠢᠯ  ᠎ ᠠᠴᠠ ᠪᠠᠨ ᠪᠠᠭᠤᠭᠰᠠᠨ ᠴᠠᠯᠢᠩ ᠢ ᠬᠦᠷᠲᠡᠵᠦ ᠪᠠᠶᠢᠭ᠎ᠠ ᠬᠥᠮᠥᠰ ᠪᠠᠭᠲᠠᠬᠤ ᠦᠭᠡᠢ︶᠃ ᠤᠷᠢᠨ ᠬᠡᠷᠡᠭᠯᠡᠭᠰᠡᠨ ᠠᠵᠢᠯᠲᠠᠨ ᠨᠢ ᠠᠵᠢᠯ ᠦᠢᠯᠡᠰ ᠤᠨ ᠨᠢᠭᠡᠴᠡ ᠶᠢᠨ ᠠᠳᠠᠯᠢ ᠲᠥᠷᠥᠯ ᠤᠨ ᠠᠵᠢᠯᠲᠠᠨ ᠤ ᠴᠠᠯᠢᠩ ᠤᠨ ᠣᠯᠭᠤᠮᠵᠢ ᠳᠤ ᠬᠦᠷᠦᠭᠰᠡᠨ ᠪᠠᠶᠢᠪᠠᠯ᠂ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠬᠡᠪ ᠤᠨ ᠶᠣᠰᠣᠭᠠᠷ ᠴᠠᠯᠢᠩ ᠥᠰᠬᠡᠨ᠎ᠡ᠃ ᠬᠤᠶᠠᠷ ᠲᠤ ᠨᠡᠶᠢᠭᠡᠮ ᠲᠣᠭᠤᠷᠢᠭ ᠤᠨ ᠠᠵᠢᠯᠲᠠᠨ ᠤ ᠱᠠᠩᠨᠠᠯ ᠤᠨ ᠴᠢᠨᠠᠷᠲᠠᠢ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠶᠢ ᠬᠡᠷᠡᠭᠵᠢᠭᠦᠯᠵᠦ᠂ ᠣᠨ ᠤ ᠰᠢᠯᠭᠠᠨ ᠲᠣᠭᠲᠠᠭᠠᠭᠰᠠᠨ ᠦᠷ᠎ᠡ ᠳ᠋ᠦᠩ ᠢ ᠦᠨᠳᠦᠰᠦᠯᠡᠨ ᠰᠢᠯᠢᠳᠡᠭ ᠨᠢ ᠰᠠᠷ᠎ᠠ ᠪᠦᠷᠢ 300 ᠲᠥᠭᠦᠷᠢᠭ᠂ ᠬᠢᠷᠢ ᠲᠡᠩᠴᠡᠭᠰᠡᠨ ᠨᠢ ᠰᠠᠷ᠎ᠠ ᠪᠦᠷᠢ 200 ᠲᠥᠭᠦᠷᠢᠭ ᠤᠨ ᠪᠠᠷᠢᠮᠵᠢᠶ᠎ᠠ ᠪᠠᠷ ᠲᠣᠰ ᠵᠢᠯ ᠤᠨ ᠡᠴᠦᠰ ᠲᠤ ᠨᠢᠭᠡ ᠤᠳᠠᠭ᠎ᠠ ᠶᠢᠨ ᠴᠢᠨᠠᠷᠲᠠᠢ ᠪᠠᠷ ᠣᠯᠭᠤᠵᠤ᠂ ᠰᠢᠯᠭᠠᠨ ᠲᠣᠭᠲᠠᠭᠠᠭᠰᠠᠨ ᠦᠷ᠎ᠡ ᠳ᠋ᠦᠩ ᠨᠢ ᠦᠨᠳᠦᠰᠦᠨ ᠳᠡᠭᠡᠨ ᠬᠢᠷᠢ ᠲᠡᠩᠴᠡᠭᠰᠡᠨ ᠵᠢᠴᠢ ᠲᠡᠭᠦᠨ ᠠᠴᠠ ᠳᠣᠷᠣᠭᠰᠢᠬᠢ ᠲᠠᠰ ᠲᠤ ᠪᠠᠶᠢᠪᠠᠯ᠂ ᠱᠠᠩᠨᠠᠯ ᠤᠨ ᠴᠢᠨᠠᠷᠲᠠᠢ ᠠᠵᠢᠯ ᠤᠨ ᠠᠮᠵᠢᠯᠲᠠ ᠪᠦᠲᠦᠮᠵᠢ ᠶᠢ ᠬᠦᠷᠲᠡᠭᠡᠬᠦ ᠦᠭᠡᠢ︔ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠭᠡᠷ ᠱᠦᠵᠢ᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠦᠢᠯᠡᠴᠢᠯᠡᠭᠡᠨ ᠤ ᠥᠷᠲᠡᠭᠡ ᠶᠢᠨ ᠳᠠᠷᠤᠭ᠎ᠠ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠢ ᠣᠨ ᠤ ᠰᠢᠯᠭᠠᠨ ᠦᠨᠡᠯᠡᠭᠰᠡᠨ ᠦᠷ᠎ᠡ ᠳ᠋ᠦᠩ ᠢ ᠦᠨᠳᠦᠰᠦᠯᠡᠨ ᠰᠠᠷ᠎ᠠ ᠳᠤ 1000 ᠲᠥᠭᠦᠷᠢᠭ᠂ ᠰᠠᠷ᠎ᠠ ᠳᠤ ᠬᠢᠷᠢ ᠲᠡᠩᠴᠡᠭᠰᠡᠨ 850 ᠲᠥᠭᠦᠷᠢᠭ ᠤᠨ ᠪᠠᠷᠢᠮᠵᠢᠶ᠎ᠠ ᠪᠠᠷ ᠲᠣᠰ ᠵᠢᠯ ᠤᠨ ᠡᠴᠦᠰ ᠲᠤ ᠨᠢᠭᠡ ᠤᠳᠠᠭ᠎ᠠ ᠶᠢᠨ ᠴᠢᠨᠠᠷᠲᠠᠢ ᠪᠠᠷ ᠣᠯᠭᠤᠨ᠎ᠠ᠃ ᠭᠤᠷᠪᠠ ᠳᠤ ᠨᠡᠶᠢᠭᠡᠮ ᠲᠣᠭᠤᠷᠢᠭ ᠤᠨ ᠠᠵᠢᠯᠲᠠᠨ ᠢ ᠵᠠᠯᠬᠠᠭᠠᠨ ᠰᠢᠢᠳᠭᠡᠬᠦ ᠳᠤ ︽ᠴᠢᠩᠱᠠᠨ ᠲᠣᠭᠤᠷᠢᠭ ᠤᠨ ᠨᠡᠶᠢᠭᠡᠮ ᠲᠣᠭᠤᠷᠢᠭ ᠤᠨ ᠠᠵᠢᠯᠲᠠᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ︵ᠴᠢᠩᠱᠠᠨ ᠵᠠᠰᠠᠭ ᠠᠯᠪᠠᠨ ᠲᠠᠷᠬᠠᠭᠠᠭᠰᠠᠨ ﹇2020﹈ 19 ᠳ᠋ᠤᠭᠡᠷ ᠲᠣᠭᠠᠲᠤ︶᠎ ᠤᠨ ᠬᠤᠷᠢᠨ ᠳᠣᠯᠣᠳᠤᠭᠠᠷ ᠵᠦᠢᠯ ᠤᠨ ᠲᠣᠭᠲᠠᠭᠠᠯ ᠢ ᠴᠢᠩᠭ᠎ᠠ ᠵᠢᠷᠤᠮᠯᠠᠨ᠂ ︽ᠬᠤᠶᠠᠷ ᠵᠢᠯ ᠳᠠᠷᠠᠭᠠᠯᠠᠨ ᠬᠢᠨᠠᠨ ᠰᠢᠯᠭᠠᠭᠠᠳ ︿ᠬᠢᠷᠢ ᠲᠡᠩᠴᠡᠭᠦ ᠦᠭᠡᠢ﹀ ᠵᠡᠷᠭᠡ ᠪᠠᠷ ᠲᠣᠭᠲᠠᠭᠠᠭᠳᠠᠭᠰᠠᠨ᠂ ᠤᠴᠢᠷ ᠰᠢᠯᠲᠠᠭᠠᠨ ᠦᠭᠡᠢ ᠪᠠᠷ ᠨᠢᠭᠡ ᠵᠢᠯ ᠤᠨ ᠳᠣᠲᠣᠷ᠎ᠠ ᠨᠡᠶᠢᠲᠡ 30 ᠡᠳᠦᠷ ᠠᠴᠠ ᠬᠡᠲᠦᠷᠡᠭᠰᠡᠨ︾ ᠵᠡᠷᠭᠡ ᠪᠠᠶᠢᠳᠠᠯ ᠣᠷᠣᠰᠢᠵᠤ ᠪᠠᠶᠢᠪᠠᠯ᠂ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠢᠶᠠᠷ ᠢᠳᠬᠠᠵᠤ ᠭᠠᠷᠭᠠᠬᠤ᠂ ᠠᠵᠢᠯ ᠠᠴᠠ ᠨᠢ ᠵᠣᠭᠰᠤᠭᠠᠬᠤ ᠪᠤᠶᠤ ᠠᠵᠢᠯ ᠠᠴᠠ ᠨᠢ ᠬᠥᠭᠡᠭᠡᠨ᠎ᠡ᠃ ᠳᠥᠷᠪᠡ ᠳᠤ ᠨᠡᠶᠢᠭᠡᠮ ᠲᠣᠭᠤᠷᠢᠭ ᠤᠨ ᠠᠵᠢᠯᠲᠠᠨ ᠵᠠᠷᠴᠢᠮ ᠳᠡᠭᠡᠷ᠎ᠡ ᠪᠠᠨ ᠡᠯ᠎ᠡ ᠰᠠᠯᠠᠭ᠎ᠠ ᠮᠥᠴᠢᠷ ᠤᠳ ᠵᠢᠭᠡᠯᠡᠨ ᠰᠢᠯᠵᠢᠭᠦᠯᠵᠦ ᠪᠣᠯᠬᠤ ᠦᠭᠡᠢ᠂ ᠦᠨᠡᠨᠬᠦ ᠵᠢᠭᠡᠯᠡᠨ ᠰᠢᠯᠵᠢᠭᠦᠯᠬᠦ ᠴᠢᠬᠤᠯᠠ ᠲᠠᠢ ᠪᠣᠯ ᠵᠢᠭᠡᠯᠡᠨ ᠬᠡᠷᠡᠭᠯᠡᠬᠦ ᠶᠢ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠭᠦᠢᠴᠡᠳᠬᠡᠵᠦ᠂ ᠲᠣᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠪᠠ ᠠᠷᠠᠳ ᠤᠨ ᠶᠠᠪᠤᠳᠠᠯ ᠤᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠭᠤᠣᠯ ᠠᠵᠢᠯ᠂ ᠴᠢᠬᠤᠯᠠ ᠶᠡᠭᠡ ᠡᠭᠦᠷᠭᠡ ᠶᠢ ᠲᠥᠪᠯᠡᠷᠡᠭᠦᠯᠦᠨ ᠰᠢᠯᠵᠢᠭᠦᠯᠬᠦ ᠴᠢᠬᠤᠯᠠᠲᠠᠢ ᠠᠴᠠ ᠭᠠᠳᠠᠨ᠎ᠠ᠂ ᠪᠤᠰᠤᠳ ᠪᠠᠶᠢᠳᠠᠯ ᠤᠨ ᠵᠢᠭᠡᠯᠡᠨ ᠰᠢᠯᠵᠢᠭᠦᠯᠬᠦ ᠴᠠᠭ ᠨᠢ ᠡᠩ ᠤᠨ ᠪᠠᠶᠢᠳᠠᠯ ᠳᠤ 2 ᠰᠠᠷ᠎ᠠ ᠪᠠᠶᠢᠵᠤ᠂ ᠬᠠᠮᠤᠭ ᠤᠨ ᠣᠷᠳᠣ ᠳᠠᠭᠠᠨ 3 ᠰᠠᠷ᠎ᠠ ᠠᠴᠠ ᠬᠡᠲᠦᠷᠡᠵᠦ ᠪᠣᠯᠬᠤ ᠦᠭᠡᠢ᠂ ᠬᠡᠷᠪᠡ 3 ᠰᠠᠷ᠎ᠠ ᠠᠴᠠ ᠬᠡᠲᠦᠷᠡᠪᠡᠯ᠂ ᠠᠵᠢᠯ ᠦᠢᠯᠡᠰ ᠤᠨ ᠨᠢᠭᠡᠴᠡ ᠶᠢᠨ ᠠᠳᠠᠯᠢ ᠲᠥᠷᠥᠯ ᠤᠨ ᠠᠵᠢᠯᠲᠠᠨ ᠤ ᠣᠯᠭᠤᠮᠵᠢ ᠲᠠᠢ ᠬᠠᠷᠢᠴᠠᠭᠤᠯᠵᠤ ᠭᠥᠷᠳᠡᠪᠡᠯ ᠲᠣᠰ ᠣᠯᠭᠤᠮᠵᠢ ᠶᠢ ᠭᠥᠷᠳᠡᠬᠦ ᠶᠢ ᠬᠦᠴᠦᠨ ᠦᠭᠡᠢ ᠪᠣᠯᠭᠠᠵᠤ᠂ ᠪᠤᠰᠤᠳ ᠨᠡᠶᠢᠭᠡᠮ ᠲᠣᠭᠤᠷᠢᠭ ᠤᠨ ᠠᠵᠢᠯᠲᠠᠨ ᠤ ᠱᠠᠩᠨᠠᠯ ᠤᠨ ᠴᠢᠨᠠᠷᠲᠠᠢ ᠠᠵᠢᠯ ᠤᠨ ᠪᠦᠲᠦᠮᠵᠢ ᠶᠢᠨ ᠴᠠᠯᠢᠩ ᠢ ᠬᠦᠴᠦᠨ ᠦᠭᠡᠢ ᠪᠣᠯᠭᠠᠨ᠎ᠠ᠃ ᠡᠭᠦᠨ ᠤ ᠬᠠᠮᠲᠤ᠂ ᠵᠡᠭᠡᠯᠢ ᠭᠤᠳᠤᠮᠵᠢ ︵ᠪᠠᠯᠭᠠᠰᠤ︶᠎ ᠶᠢᠨ ᠲᠤᠬᠠᠢ ᠶᠢᠨ ᠵᠢᠯ ᠤᠨ ᠵᠢᠭᠡᠯᠡᠨ ᠰᠢᠯᠵᠢᠭᠦᠯᠦᠭᠰᠡᠨ ᠬᠥᠮᠥᠨ ᠤ ᠲᠤᠭ᠎ᠠ ᠶᠢ 2 ᠬᠥᠮᠥᠨ ᠠᠴᠠ ᠬᠡᠲᠦᠷᠡᠭᠦᠯᠵᠦ ᠪᠣᠯᠬᠤ ᠦᠭᠡᠢ᠂ 2 ᠬᠥᠮᠥᠨ ᠠᠴᠠ ᠬᠡᠲᠦᠷᠡᠭᠰᠡᠨ ᠵᠡᠭᠡᠯᠢ ᠭᠤᠳᠤᠮᠵᠢ ︵ᠪᠠᠯᠭᠠᠰᠤ︶᠎ ᠶᠢᠨ ᠲᠤᠬᠠᠢ ᠶᠢᠨ ᠵᠢᠯ ᠤᠨ ᠨᠡᠶᠢᠭᠡᠮ ᠲᠣᠭᠤᠷᠢᠭ ᠤᠨ ᠠᠵᠢᠯᠲᠠᠨ ᠤ ᠰᠢᠯᠢᠳᠡᠭ ᠢ ᠰᠢᠯᠭᠠᠷᠠᠭᠤᠯᠬᠤ ᠬᠠᠷᠢᠴᠠᠯ ᠢ ᠬᠠᠭᠠᠰ ᠢᠶᠠᠷ ᠪᠠᠭᠤᠷᠠᠭᠤᠯᠵᠤ᠂ 5 ᠬᠥᠮᠥᠨ ᠠᠴᠠ ᠬᠡᠲᠦᠷᠡᠭᠰᠡᠨ ᠵᠡᠭᠡᠯᠢ ᠭᠤᠳᠤᠮᠵᠢ ︵ᠪᠠᠯᠭᠠᠰᠤ︶᠎ ᠶᠢᠨ ᠲᠤᠬᠠᠢ ᠶᠢᠨ ᠵᠢᠯ ᠤᠨ ᠨᠡᠶᠢᠭᠡᠮ ᠲᠣᠭᠤᠷᠢᠭ ᠤᠨ ᠠᠵᠢᠯᠲᠠᠨ ᠤ ᠰᠢᠯᠢᠳᠡᠭ ᠢ ᠰᠢᠯᠭᠠᠷᠠᠭᠤᠯᠬᠤ ᠣᠷᠣᠨ ᠲᠤᠭ᠎ᠠ ᠶᠢ ᠬᠦᠴᠦᠨ ᠦᠭᠡᠢ ᠪᠣᠯᠭᠠᠨ᠎ᠠ ᠭᠡᠵᠦ ᠲᠣᠭᠲᠠᠭᠠᠵᠠᠢ᠃      ᠲᠠᠪᠤᠳᠤᠭᠠᠷ ᠪᠦᠯᠦᠭ ᠤᠷᠮᠠᠰᠢᠭᠤᠯᠬᠤ ᠠᠷᠭ᠎ᠠ ᠬᠡᠮᠵᠢᠶ᠎ᠡ᠂ ᠨᠡᠶᠢᠲᠡ 10 ᠵᠦᠢᠯ᠃ ᠨᠢᠭᠡ ᠳᠤ ᠨᠡᠶᠢᠭᠡᠮ ᠤᠨ ᠠᠵᠢᠯ ᠤᠨ ᠲᠤᠬᠠᠶᠢᠯᠠᠭᠰᠠᠨ ᠠᠵᠢᠯ ᠤᠨ ᠬᠢᠷᠢ ᠬᠡᠮ ᠣᠯᠣᠭᠰᠠᠳ ᠢ ᠨᠢᠭᠡ ᠯᠡ ᠤᠳᠠᠭ᠎ᠠ ᠳᠤ 500 ᠲᠥᠭᠦᠷᠢᠭ᠂ 1000 ᠲᠥᠭᠦᠷᠢᠭ᠂ 1500 ᠲᠥᠭᠦᠷᠢᠭ ᠢᠶᠠᠷ ᠱᠠᠩᠨᠠᠨ᠎ᠠ᠃ ᠮᠠᠨ ᠤ ᠲᠤᠭᠤᠷᠢᠭ ᠤᠨ ᠨᠡᠶᠢᠭᠡᠮ ᠲᠣᠭᠤᠷᠢᠭ ᠤᠨ ᠠᠵᠢᠯ ᠢ 3 ᠵᠢᠯ ᠠᠴᠠ ᠳᠡᠭᠡᠭᠰᠢ ᠬᠢᠵᠦ᠂ ᠤᠯᠤᠰ ᠤᠨ ᠨᠡᠶᠢᠭᠡᠮ ᠤᠨ ᠠᠵᠢᠯ ᠤᠨ ᠪᠠᠭᠰᠢ ᠶᠢᠨ ᠬᠢᠷᠢ ᠬᠡᠮ ᠤᠨ ᠰᠢᠯᠭᠠᠯᠲᠠ ᠳᠤ ᠨᠡᠷ᠎ᠡ ᠮᠡᠳᠡᠭᠦᠯᠬᠦ ᠶᠢᠨ ᠬᠠᠮᠲᠤ ᠨᠡᠶᠢᠭᠡᠮ ᠤᠨ ᠠᠵᠢᠯ ᠤᠨ ᠪᠠᠭᠰᠢ ᠶᠢᠨ ᠦᠨᠡᠮᠯᠡᠯ ᠣᠯᠣᠭᠰᠠᠨ ᠪᠠᠶᠢᠪᠠᠯ᠂ ᠨᠡᠷ᠎ᠡ ᠮᠡᠳᠡᠭᠦᠯᠬᠦ ᠵᠠᠷᠤᠳᠠᠯ᠂ ᠪᠤᠯᠪᠠᠰᠤᠷᠠᠯ ᠤᠨ ᠵᠠᠷᠤᠳᠠᠯ ᠵᠡᠷᠭᠡ ᠵᠠᠷᠤᠳᠠᠯ ᠳᠤ ᠲᠠᠩᠰᠠ ᠲᠠᠶᠢᠯᠬᠤ ᠨᠥᠬᠦᠪᠦᠷᠢ ᠣᠯᠭᠤᠨ᠎ᠠ᠃ ᠬᠤᠶᠠᠷ ᠲᠤ᠂ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠰᠣᠩᠭᠤᠭᠤᠯᠢ ᠳᠤ ᠣᠷᠣᠯᠴᠠᠭᠰᠠᠨ ᠬᠥᠳᠡᠯᠮᠦᠷᠢ ᠶᠢᠨ ᠵᠢᠱᠢᠶᠡᠴᠢ᠂ ᠨᠠᠷᠢᠨ ᠭᠤᠳᠤᠮᠵᠢ ᠶᠢᠨ ᠶᠡᠷᠦᠩᠬᠡᠢ ᠰᠠᠶᠢᠳ ᠵᠡᠷᠭᠡ ᠲᠤᠬᠠᠶᠢᠯᠠᠭᠰᠠᠨ ᠠᠵᠢᠯ ᠯᠤᠭ᠎ᠠ ᠨᠡᠯᠢᠶᠡᠳ ᠶᠡᠭᠡ ᠬᠤᠯᠪᠣᠭ᠎ᠠ ᠲᠠᠢ ᠢᠷᠠᠭᠤ ᠠᠯᠳᠠᠷ ᠢ ᠢᠳᠡᠪᠬᠢᠲᠡᠢ ᠪᠠᠷ ᠬᠦᠷᠭᠡᠨ ᠥᠭᠴᠦ᠂ ᠰᠢᠯᠭᠠᠷᠠᠭᠤᠯᠤᠭᠰᠠᠨ ᠤ ᠳᠠᠷᠠᠭ᠎ᠠ ᠨᠢᠭᠡ ᠤᠳᠠᠭ᠎ᠠ ᠶᠢᠨ ᠴᠢᠨᠠᠷᠲᠠᠢ ᠪᠠᠷ 3000 ︱ 5000 ᠲᠥᠭᠦᠷᠢᠭ ᠤᠨ ᠱᠠᠩᠨᠠᠯ ᠣᠯᠭᠤᠨ᠎ᠠ᠃      ᠵᠢᠷᠭᠤᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ᠂ ᠨᠡᠶᠢᠲᠡ ᠬᠤᠶᠠᠷ ᠵᠦᠢᠯ᠃ ᠲᠣᠳᠣᠷᠬᠠᠢ ᠠᠷᠭ᠎ᠠ ᠶᠢ ᠲᠤᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠲᠤᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃      ᠲᠠᠪᠤ᠂ ᠰᠢᠨ᠎ᠡ ᠬᠠᠭᠤᠴᠢᠨ ᠲᠦᠷᠦ ᠶᠢᠨ ᠪᠣᠳᠣᠯᠭ᠎ᠠ ᠶᠢᠨ ᠬᠠᠷᠢᠴᠠᠭᠤᠯᠤᠯ      1᠂ ᠰᠢᠯᠭᠠᠨ ᠦᠨᠡᠯᠡᠬᠦ ᠦᠨᠳᠦᠰᠦᠯᠡᠯ ᠢ ᠨᠡᠮᠡᠬᠦ᠄ ᠠᠵᠢᠯ ᠤᠨ ᠪᠠᠶᠢᠷᠢ ᠶᠢᠨ ᠲᠣᠳᠣᠷᠬᠠᠶᠢᠯᠠᠯᠲᠠ ᠶᠢᠨ ᠪᠢᠴᠢᠭ ᠢᠶᠠᠷ ᠦᠨᠳᠦᠰᠦᠯᠡᠯ ᠪᠣᠯᠭᠠᠬᠤ ᠶᠢ ᠲᠣᠳᠣᠷᠬᠠᠶᠢᠯᠠᠵᠤ᠂ ᠨᠡᠶᠢᠭᠡᠮ ᠲᠣᠭᠤᠷᠢᠭ ᠤᠨ ᠠᠵᠢᠯᠲᠠᠨ ᠤ ᠰᠢᠯᠭᠠᠨ ᠦᠨᠡᠯᠡᠬᠦ ᠠᠭᠤᠯᠭ᠎ᠠ ᠪᠣᠯᠭᠠᠨ᠎ᠠ᠃      2᠂ ᠴᠠᠯᠢᠩ ᠣᠯᠭᠤᠮᠵᠢ ᠶᠢᠨ ᠨᠡᠮᠡᠭᠳᠡᠯ᠄ ᠱᠠᠩᠨᠠᠯ ᠤᠨ ᠴᠢᠨᠠᠷᠲᠠᠢ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠢ ᠰᠢᠯᠭᠠᠨ ᠦᠨᠡᠯᠡᠬᠦ ᠳᠤ ᠬᠢᠷᠢ ᠲᠡᠩᠴᠡᠭᠰᠡᠳ ᠲᠤ ᠰᠠᠷ᠎ᠠ ᠳᠤ 150 ᠲᠥᠭᠦᠷᠢᠭ ᠤᠨ ᠪᠠᠷᠢᠮᠵᠢᠶ᠎ᠠ ᠲᠠᠢ ᠪᠠᠶᠢᠭᠰᠠᠨ ᠢ ᠰᠠᠷ᠎ᠠ ᠳᠤ 200 ᠲᠥᠭᠦᠷᠢᠭ ᠪᠣᠯᠭᠠᠨ ᠲᠣᠬᠢᠷᠠᠭᠤᠯᠵᠤ᠂ ᠲᠣᠰ ᠵᠢᠯ ᠤᠨ ᠡᠴᠦᠰ ᠲᠤ ᠨᠢᠭᠡ ᠤᠳᠠᠭ᠎ᠠ ᠶᠢᠨ ᠴᠢᠨᠠᠷᠲᠠᠢ ᠪᠠᠷ ᠣᠯᠭᠤᠨ᠎ᠠ᠃      3᠂ ᠰᠢᠯᠢᠳᠡᠭ ᠢ ᠰᠢᠯᠭᠠᠷᠠᠭᠤᠯᠬᠤ ᠤᠷᠮᠠᠰᠢᠭᠤᠯᠤᠯ ᠢ ᠨᠡᠮᠡᠭᠳᠡᠭᠦᠯᠬᠦ᠄ ᠴᠢᠩᠱᠠᠨ ᠲᠣᠭᠤᠷᠢᠭ ᠤᠨ ᠨᠡᠶᠢᠭᠡᠮ ᠲᠣᠭᠤᠷᠢᠭ ᠲᠤ 5 ᠵᠢᠯ ᠠᠴᠠ ᠳᠡᠭᠡᠭᠰᠢ ᠲᠤᠰᠢᠶᠠᠯ ᠡᠭᠦᠷᠭᠡᠯᠡᠭᠰᠡᠨ᠂ ᠨᠡᠶᠢᠲᠡ 2 ᠵᠢᠯ ᠳᠤ ︽ᠰᠢᠯᠢᠳᠡᠭ︾᠎ ᠢᠶᠠᠷ ᠦᠨᠡᠯᠡᠭᠳᠡᠭᠰᠡᠨ ᠨᠡᠶᠢᠭᠡᠮ ᠲᠣᠭᠤᠷᠢᠭ ᠤᠨ ᠠᠵᠢᠯᠲᠠᠨ ᠳᠤ ᠬᠠᠮᠢᠶ᠎ᠠ ᠪᠦᠬᠦᠢ ᠴᠠᠯᠢᠩ ᠣᠯᠭᠤᠮᠵᠢ ᠶᠢ ᠣᠯᠭᠤᠨ᠎ᠠ᠃      4᠂ ᠲᠤᠰᠬᠠᠢ ᠮᠡᠷᠭᠡᠵᠢᠯ ᠤᠨ ᠠᠬᠢᠭᠤᠯᠤᠯᠲᠠ ᠶᠢᠨ ᠨᠡᠮᠡᠭᠳᠡᠯ᠄ ᠤᠯᠤᠰ ᠤᠨ ᠲᠤᠰᠠᠯᠠᠬᠤ ᠨᠡᠶᠢᠭᠡᠮ ᠤᠨ ᠠᠵᠢᠯᠲᠠᠨ᠂ ᠨᠡᠶᠢᠭᠡᠮ ᠤᠨ ᠠᠵᠢᠯᠲᠠᠨ᠂ ᠳᠡᠭᠡᠳᠦ ᠵᠡᠷᠭᠡ ᠶᠢᠨ ᠨᠡᠶᠢᠭᠡᠮ ᠤᠨ ᠠᠵᠢᠯᠲᠠᠨ ᠢ ᠣᠯᠣᠭᠰᠠᠨ ᠨᠡᠶᠢᠭᠡᠮ ᠲᠣᠭᠤᠷᠢᠭ ᠤᠨ ᠠᠵᠢᠯᠲᠠᠨ ᠲᠤ ᠰᠠᠷ᠎ᠠ ᠪᠦᠷᠢ 100 ᠲᠥᠭᠦᠷᠢᠭ᠂ 200 ᠲᠥᠭᠦᠷᠢᠭ᠂ 300 ᠲᠥᠭᠦᠷᠢᠭ ᠤᠨ ᠮᠡᠷᠭᠡᠵᠢᠯ ᠤᠨ ᠴᠣᠯᠠ ᠶᠢᠨ ᠴᠠᠯᠢᠩ ᠣᠯᠭᠤᠭᠰᠠᠨ ᠰᠠᠭᠤᠷᠢᠨ ᠳᠡᠭᠡᠷ᠎ᠡ᠂ 500 ᠲᠥᠭᠦᠷᠢᠭ᠂ 1000 ᠲᠥᠭᠦᠷᠢᠭ᠂ 1500 ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠨᠡᠮᠡᠨ᠎ᠡ᠃      5᠂ ᠬᠥᠮᠥᠨ ᠬᠡᠷᠡᠭᠯᠡᠬᠦ ᠵᠢᠷᠤᠮᠵᠢᠯ ᠤᠨ ᠨᠡᠮᠡᠭᠳᠡᠯ᠄ ᠵᠡᠭᠡᠯᠢ ᠭᠤᠳᠤᠮᠵᠢ ︵ᠪᠠᠯᠭᠠᠰᠤ︶᠎ ᠶᠢᠨ ᠲᠤᠬᠠᠢ ᠶᠢᠨ ᠵᠢᠯ ᠳᠤ ᠵᠢᠭᠡᠯᠡᠨ ᠰᠢᠯᠵᠢᠭᠦᠯᠦᠭᠰᠡᠨ ︵ᠰᠢᠯᠵᠢᠭᠦᠯᠦᠨ ᠪᠣᠯᠪᠠᠰᠤᠷᠠᠭᠤᠯᠤᠭᠰᠠᠨ︶ ᠬᠥᠮᠥᠨ ᠤ ᠲᠤᠭ᠎ᠠ ᠶᠢ 2 ᠬᠥᠮᠥᠨ ᠠᠴᠠ ᠬᠡᠲᠦᠷᠡᠭᠦᠯᠵᠦ ᠪᠣᠯᠬᠤ ᠦᠭᠡᠢ᠂ 2 ᠬᠥᠮᠥᠨ ᠠᠴᠠ ᠬᠡᠲᠦᠷᠡᠭᠰᠡᠨ ᠵᠡᠭᠡᠯᠢ ᠭᠤᠳᠤᠮᠵᠢ ︵ᠪᠠᠯᠭᠠᠰᠤ︶᠎ ᠶᠢᠨ ᠲᠤᠬᠠᠢ ᠶᠢᠨ ᠵᠢᠯ ᠳᠤ ᠰᠢᠯᠢᠳᠡᠭ ᠢ ᠰᠢᠯᠭᠠᠷᠠᠭᠤᠯᠬᠤ ᠬᠠᠷᠢᠴᠠᠯ ᠢ ᠬᠠᠭᠠᠰ ᠢᠶᠠᠷ ᠬᠠᠰᠤᠵᠤ᠂ 5 ᠬᠥᠮᠥᠨ ᠠᠴᠠ ᠬᠡᠲᠦᠷᠡᠭᠰᠡᠨ ᠵᠡᠭᠡᠯᠢ ᠭᠤᠳᠤᠮᠵᠢ ︵ᠪᠠᠯᠭᠠᠰᠤ︶᠎ ᠶᠢᠨ ᠲᠤᠬᠠᠢ ᠶᠢᠨ ᠵᠢᠯ ᠳᠤ ᠰᠢᠯᠢᠳᠡᠭ ᠢ ᠰᠢᠯᠭᠠᠷᠠᠭᠤᠯᠬᠤ ᠣᠷᠣᠨ ᠲᠤᠭ᠎ᠠ ᠶᠢ ᠬᠠᠰᠤᠨ᠎ᠠ᠃      6᠂ ᠦᠢᠯᠡᠴᠢᠯᠡᠭᠡᠨ ᠤ ᠠᠷᠭ᠎ᠠ ᠵᠠᠮ ᠤᠨ ᠨᠡᠮᠡᠭᠳᠡᠯ᠄ ᠨᠡᠶᠢᠭᠡᠮ ᠲᠣᠭᠤᠷᠢᠭ ᠤᠨ ᠠᠵᠢᠯᠲᠠᠨ ᠤ ᠲᠣᠰ ᠬᠥᠮᠥᠨ ᠤ ᠪᠡᠶ᠎ᠡ ᠬᠡᠮ ᠢᠶᠠᠷ ᠢᠶᠠᠨ ᠠᠷᠠᠳ ᠤᠨ ᠠᠮᠢᠳᠤᠷᠠᠯ ᠤᠨ ᠲᠥᠷᠥᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠤᠶᠤ ᠨᠡᠶᠢᠭᠡᠮ ᠤᠨ ᠠᠵᠢᠯ ᠤᠨ ᠪᠠᠶᠢᠭᠤᠯᠤᠮᠵᠢ ᠶᠢ ᠳᠠᠭᠠᠭᠤᠯᠤᠨ ᠡᠷᠭᠢᠯᠡᠨ ᠪᠠᠶᠢᠭᠤᠯᠵᠤ᠂ ᠪᠠᠶᠢᠭᠤᠯᠤᠭᠳᠠᠭᠰᠠᠨ ᠤ ᠳᠠᠷᠠᠭ᠎ᠠ ᠨᠡᠶᠢᠭᠡᠮ ᠲᠣᠭᠤᠷᠢᠭ ᠤᠨ ᠵᠠᠰᠠᠯᠲᠠ ᠵᠡᠷᠭᠡ ᠲᠥᠷᠥᠯ ᠵᠦᠢᠯ ᠢ ᠳᠠᠭᠠᠭᠠᠨ ᠠᠪᠤᠭᠰᠠᠨ ᠪᠠᠶᠢᠪᠠᠯ᠂ ᠵᠠᠰᠠᠭ ᠤᠨ ᠣᠷᠳᠣᠨ ᠤᠷᠢᠳᠠᠪᠠᠷ ᠬᠤᠳᠠᠯᠳᠤᠨ ᠠᠪᠬᠤ ᠶᠢ ᠵᠣᠷᠢᠭᠵᠢᠭᠤᠯᠤᠨ᠎ᠠ᠃      ᠵᠢᠷᠭᠤᠭ᠎ᠠ᠂ ᠵᠠᠩᠭᠢᠯᠠᠭ᠎ᠠ ᠶᠢᠨ ᠦᠭᠡ ᠶᠢᠨ ᠲᠠᠶᠢᠯᠪᠤᠷᠢ      1᠂ ︽ᠭᠤᠷᠪᠠᠨ ᠠᠵᠢᠯ ᠤᠨ ᠪᠠᠶᠢᠷᠢ ᠠᠷᠪᠠᠨ ᠨᠠᠢᠮᠠᠳᠤᠭᠠᠷ ᠳᠡᠰ︾᠄ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠤᠨ ᠪᠠᠶᠢᠷᠢ ᠶᠢ ᠵᠢᠩᠬᠢᠨᠢ ᠲᠤᠰᠢᠶᠠᠯ᠂ ᠳᠡᠳ᠋ ᠲᠤᠰᠢᠶᠠᠯ ᠪᠠ ᠠᠵᠢᠯᠲᠠᠨ ᠭᠡᠵᠦ ᠭᠤᠷᠪᠠᠨ ᠲᠦᠷᠦᠯ ᠬᠤᠪᠢᠶᠠᠨ᠂ ᠡᠯ᠎ᠡ ᠠᠵᠢᠯ  ᠎ ᠤᠨ ᠪᠠᠶᠢᠷᠢ ᠲᠤ ᠨᠡᠶᠢᠭᠡᠮ ᠲᠣᠭᠤᠷᠢᠭ ᠤᠨ ᠠᠵᠢᠯᠲᠠᠨ ᠤ ᠨᠡᠶᠢᠭᠡᠮ ᠲᠣᠭᠤᠷᠢᠭ ᠲᠤ ᠠᠵᠢᠯᠯᠠᠭᠰᠠᠨ ᠣᠨ ᠵᠢᠯ ᠤᠨ ᠶᠣᠰᠣᠭᠠᠷ ᠵᠣᠬᠢᠴᠠᠩᠭᠤᠢ ᠵᠡᠷᠭᠡ ᠳᠡᠰ ᠲᠣᠬᠢᠷᠠᠭᠤᠯᠵᠤ᠂ ᠠᠵᠢᠯᠲᠠᠨ ᠨᠢ 1—12 ᠳᠡᠰ᠂ ᠳᠡᠳ᠋ ᠲᠤᠰᠢᠶᠠᠯ ᠨᠢ 4—15 ᠳᠡᠰ᠂ ᠵᠢᠩᠬᠢᠨᠢ ᠲᠤᠰᠢᠶᠠᠯ ᠨᠢ 7—18 ᠳᠡᠰ ᠪᠣᠯᠣᠨ᠎ᠠ᠃      2᠂ ᠠᠵᠢᠯ ᠤᠨ ᠪᠠᠶᠢᠷᠢ ᠶᠢᠨ ᠲᠣᠳᠣᠷᠬᠠᠶᠢᠯᠠᠯᠲᠠ ᠶᠢᠨ ᠪᠢᠴᠢᠭ᠄ ᠨᠢᠭᠡ ᠠᠵᠢᠯ ᠤᠨ ᠪᠠᠶᠢᠷᠢ ᠣᠯᠠᠨ ᠴᠢᠳᠠᠪᠤᠷᠢ ᠲᠠᠢ᠂ ᠶᠡᠷᠦᠩᠬᠡᠢ ᠰᠠᠯᠠᠭ᠎ᠠ ᠶᠢᠨ ᠪᠦᠷᠢᠨ ᠴᠢᠳᠠᠪᠤᠷᠢ ᠲᠠᠢ ᠪᠠᠶᠢᠬᠤ ᠶᠢ ᠳᠣᠪᠤᠶᠢᠯᠭᠠᠵᠤ᠂ ᠱᠤᠭᠤᠮ ᠱᠤᠭᠤᠮ ᠤᠨ ᠠᠵᠢᠯ ᠤᠨ ᠬᠤᠪᠢᠶᠠᠷᠢᠯᠠᠯ᠂ ᠡᠷᠦᠬᠡ ᠳᠤ ᠣᠷᠣᠬᠤ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ︵ᠨᠡᠶᠢᠭᠡᠮ ᠲᠣᠭᠤᠷᠢᠭ ᠤᠨ ᠬᠠᠮᠢᠶᠠᠷᠤᠯᠲᠠ ᠦᠢᠯᠡᠴᠢᠯᠡᠭᠡᠨ ᠤ ᠥᠷᠲᠡᠭᠡ︶᠎ ᠤᠨ ᠦᠢᠯᠡᠴᠢᠯᠡᠭᠡᠨ ᠤ ᠠᠵᠢᠯ ᠵᠡᠷᠭᠡ ᠲᠠᠯ᠎ᠠ ᠶᠢᠨ ᠦᠨᠳᠦᠰᠦᠨ ᠠᠭᠤᠯᠭ᠎ᠠ ᠶᠢ ᠪᠠᠭᠲᠠᠭᠠᠵᠤ᠂ ᠨᠡᠶᠢᠭᠡᠮ ᠲᠣᠭᠤᠷᠢᠭ ᠤᠨ ᠠᠵᠢᠯᠲᠠᠨ ᠨᠢᠭᠡᠪᠦᠷᠢ ᠶᠢᠨ ᠪᠣᠳᠠᠲᠠᠢ ᠠᠵᠢᠯ ᠤᠨ ᠲᠣᠬᠢᠷᠠᠭᠤᠯᠤᠯᠲᠠ᠂ ᠡᠭᠦᠷᠭᠡ ᠬᠠᠷᠢᠭᠤᠴᠠᠯᠭ᠎ᠠ ᠶᠢᠨ ᠱᠠᠭᠠᠷᠳᠠᠯᠭ᠎ᠠ ᠶᠢ ᠢᠯᠡᠷᠡᠭᠦᠯᠵᠦ᠂ ᠨᠢᠭᠡ ᠬᠥᠮᠥᠨ ᠳᠤ ᠨᠢᠭᠡ ᠨᠣᠮ᠂ ᠵᠢᠯ ᠳᠤ ᠨᠢᠭᠡ ᠨᠣᠮ ᠪᠢᠴᠢᠬᠦ ᠶᠢ ᠪᠡᠶᠡᠯᠡᠭᠦᠯᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号