ᠰᠢᠨᠵᠢᠯᠡᠬᠦ ᠤᠬᠠᠭᠠᠨᠴᠢ ᠵᠠᠮ ᠤᠨ ᠵᠡᠭᠡᠯᠢ ᠭᠤᠳᠤᠮᠵᠢ ᠶᠢᠨ ᠤᠭᠲᠤᠯᠭ᠎ᠠ ᠬᠤᠶᠠᠳᠤᠭᠠᠷ ᠨᠡᠶᠢᠭᠡᠮ ᠲᠣᠭᠤᠷᠢᠭ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/8/19
     ᠬᠠᠷᠢᠶᠠᠲᠤ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠥᠮᠥᠰ ᠤᠨ ᠣᠷᠣᠰᠢᠨ ᠰᠠᠭᠤᠬᠤ ᠴᠡᠪᠡᠷ ᠲᠡᠭᠰᠢ ᠣᠷᠴᠢᠨ ᠲᠣᠭᠤᠷᠢᠨ ᠢ ᠪᠣᠶ ᠪᠤᠯᠭᠠᠵᠦ᠂ ᠪᠣᠯᠪᠠᠰᠤᠨ ᠡᠶ᠎ᠡ ᠵᠣᠬᠢᠴᠠᠯ ᠲᠠᠢ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠬᠤ ᠶᠢᠨ ᠲᠦᠯᠦᠭᠡ᠂ ᠣᠶᠢᠷ᠎ᠠ ᠳᠤ᠂ ᠰᠢᠨᠵᠢᠯᠡᠬᠦ ᠤᠬᠠᠭᠠᠨᠴᠢ ᠵᠠᠮ ᠤᠨ ᠵᠡᠭᠡᠯᠢ ᠭᠤᠳᠤᠮᠵᠢ ᠶᠢᠨ ᠤᠭᠲᠤᠯᠭ᠎ᠠ ᠬᠤᠶᠠᠳᠤᠭᠠᠷ ᠨᠡᠶᠢᠭᠡᠮ ᠲᠣᠭᠤᠷᠢᠭ ᠲᠤ ᠣᠷᠴᠢᠨ ᠠᠬᠤᠢ ᠶᠢ ᠭᠤᠶᠣᠵᠢᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠰᠠᠶᠢᠨ ᠳᠤᠷᠠᠴᠤᠤᠯ ᠵᠢᠵᠢᠭ ᠲᠣᠭᠤᠷᠢᠭ ᠤᠨ ᠳᠣᠲᠣᠷᠠᠬᠢ ᠠᠰᠠᠷ ᠤᠨ ᠬᠤᠩᠭᠢᠯ ᠢ 12 ᠭᠠᠵᠠᠷ ᠴᠡᠪᠡᠷᠯᠡᠨ᠂ 30 ᠵᠢᠵᠢᠭ ᠵᠠᠷ ᠢ ᠠᠷᠢᠯᠭᠠᠵᠤ᠂ 60 ᠳᠤᠭᠤᠢ ᠲᠡᠷᠭᠡ ᠶᠢ ᠲᠤᠭᠲᠠᠭᠰᠠᠨ ᠭᠠᠵᠠᠷ ᠵᠤᠭᠰᠤᠭᠠᠵᠠᠢ᠃ ᠡᠭᠦᠨ ᠤ ᠵᠡᠷᠭᠡ ᠳᠤ ᠰᠠᠶᠢᠨ ᠳᠤᠷᠠᠴᠤᠤᠯ ᠪᠠᠰᠠ ᠰᠠᠭᠤᠭᠠᠯᠢ ᠠᠷᠠᠳ ᠲᠤ ᠵᠢᠵᠢᠭ ᠳᠡᠪᠢᠭᠦᠷ᠂ ᠭᠠᠷ ᠤᠭᠤᠲᠠ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ 150 ᠬᠤᠪᠢ ᠲᠠᠷᠬᠠᠭᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠤᠨ ᠠᠵᠢᠯ ᠢ ᠣᠶᠢᠯᠠᠭᠠᠬᠤ ᠨᠣᠷᠮ᠎ᠠ᠂ ᠣᠷᠤᠯᠴᠠᠬᠤ ᠬᠡᠮᠵᠢᠶ᠎ᠡ ᠪᠠ ᠬᠠᠨᠤᠮᠵᠢᠲᠠᠶ ᠪᠠᠶᠢᠬᠤ ᠨᠣᠷᠮ᠎ᠠ  ᠶᠢ ᠳᠡᠭᠡᠭᠰᠢᠯᠡᠭᠦᠯᠵᠡᠢ᠃ ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠰᠠᠶᠢᠨ ᠳᠤᠷᠠᠴᠤᠤᠯ ᠤᠨ ᠬᠤᠰᠢᠭᠤᠴᠢ ᠠᠩᠭᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠪᠣᠳᠠᠲᠤ ᠠᠵᠢᠯᠯᠠᠭ᠎ᠠ ᠪᠠᠷ ᠢᠶᠠᠨ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠬᠤ ᠶᠢ ᠳᠠᠶᠢᠴᠢᠯᠠᠭᠰᠠᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号