ᠴᠢᠩᠱᠠᠨ ᠲᠣᠭᠤᠷᠢᠭ 2022 ᠣᠨ ᠤ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠴᠠᠯᠢᠩ ᠢ ᠮᠡᠳᠡᠭᠦᠯᠬᠦ ᠠᠵᠢᠯ ᠢ ᠤᠷᠤᠭᠰᠢᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2022/8/19
     ︽2022 ᠣᠨ ᠤ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠴᠠᠯᠢᠩ ᠢ ᠮᠡᠳᠡᠭᠦᠯᠬᠦ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠴᠢᠩᠱᠠᠨ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠠᠵᠢᠯ ᠶᠠᠪᠤᠳᠠᠯ ᠭᠦᠢᠴᠡᠳᠬᠡᠬᠦ ᠵᠠᠷᠴᠢᠮ ᠶᠣᠰᠣᠭᠠᠷ᠂ ᠲᠤᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠢ ᠭᠠᠷᠲᠠᠨ ᠭᠦᠢᠴᠡᠳᠬᠡᠬᠦ ᠲᠠᠰ ᠳᠠᠷᠠᠭᠠᠯᠠᠯ ᠢᠶᠠᠨ ᠳᠥᠭᠦᠮᠴᠢᠯᠡᠨ᠂ ︽ᠰᠦᠯᠵᠢᠶᠡᠨ ᠳᠡᠭᠡᠷ᠎ᠡ ᠭᠦᠢᠴᠡᠳᠬᠡᠬᠦ︾ ᠶᠢ ᠪᠥᠬᠦ ᠬᠦᠴᠦᠨ ᠢᠶᠠᠷ ᠢᠶᠠᠨ ᠬᠡᠷᠡᠭᠵᠢᠭᠦᠯᠵᠦ᠂ 2022 ᠣᠨ ᠤ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠴᠠᠯᠢᠩ ᠢ ᠮᠡᠳᠡᠭᠦᠯᠬᠦ ᠠᠵᠢᠯ ᠢ ᠤᠷᠤᠭᠰᠢᠲᠠᠢ ᠪᠡᠶᠡᠯᠡᠭᠦᠯᠦᠭᠰᠡᠨ ᠪᠠᠶᠢᠨ᠎ᠠ᠃ ᠣᠲᠣ ᠪᠣᠯᠲᠠᠯ᠎ᠠ᠂ ᠴᠢᠩᠱᠠᠨ ᠲᠣᠭᠤᠷᠢᠭ ᠤᠨ ᠳᠠᠭᠠᠳᠬᠠᠯ ᠳᠤ ᠣᠷᠣᠯᠴᠠᠭᠰᠠᠨ 1020 ᠨᠢᠭᠡᠴᠡ ᠰᠦᠢᠳᠬᠡᠯ ᠲᠤᠰᠢᠶᠠᠬᠤ ᠴᠠᠯᠢᠩ ᠤᠨ ᠮᠡᠳᠡᠭᠦᠯᠦᠯᠲᠡ ᠪᠠᠨ ᠰᠠᠨᠠᠭᠠᠴᠢᠯᠠᠭ᠎ᠠ ᠠᠴᠠ ᠪᠠᠨ ᠪᠡᠶᠡᠯᠡᠭᠦᠯᠵᠦ᠂ ᠪᠤᠰᠤᠳ 2003 ᠨᠢᠭᠡᠴᠡ ᠲᠦᠷᠦᠭᠦᠸ ᠨᠢᠭᠡ ᠵᠢᠯ ᠤᠨ ᠰᠦᠢᠳᠬᠡᠯ ᠲᠤᠰᠢᠶᠠᠬᠤ ᠴᠠᠯᠢᠩ ᠢᠶᠠᠷ ᠢᠶᠠᠨ ᠲᠣᠰ ᠵᠢᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ ᠪᠤᠯᠭᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号