ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠥᠪᠥᠷ ᠮᠣᠩᠭᠤᠯ ᠤᠨ ᠤᠣ ᠵᠢᠩ ᠬᠠᠭᠠᠰ ᠳᠠᠮᠵᠢᠭᠤᠯᠤᠭᠴᠢ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠭᠡᠷ᠎ᠡ ᠲᠣᠭᠲᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2022/8/19
     8 ᠰᠠᠷ᠎ᠠ ᠶᠢᠨ 18 ᠤ ᠡᠳᠦᠷ ᠤᠨ ᠦᠳᠡ ᠶᠢᠨ ᠬᠤᠶᠢᠨ᠎ᠠ᠂ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠣᠨ ᠥᠪᠥᠷ ᠮᠣᠩᠭᠤᠯ ᠤᠨ ᠤᠣ ᠵᠢᠩ ᠬᠠᠭᠠᠰ ᠳᠠᠮᠵᠢᠭᠤᠯᠤᠭᠴᠢ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ︽ᠬᠠᠭᠠᠰ ᠳᠠᠮᠵᠢᠭᠤᠯᠤᠭᠴᠢ ᠲᠠᠩ ᠲᠠᠯᠠᠰᠲᠤ ᠴᠠᠬᠢᠭᠤᠷ ᠰᠠᠪᠠᠭ᠎ᠠ ᠵᠢᠴᠢ ᠴᠠᠬᠢᠭᠤᠷ ᠢᠯᠲᠠᠰᠤ ᠶᠢᠨ ᠦᠢᠯᠡᠳᠪᠦᠷᠢᠯᠡᠯ ᠤᠨ ᠱᠤᠭᠤᠮ ᠤᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠵᠥᠪᠯᠡᠯᠴᠡᠭᠡᠷ︾ ᠲᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ᠃ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠪᠤᠭᠤᠲᠤ ᠶᠢᠨ ᠲᠣᠨᠤᠭ ᠲᠥᠬᠦᠭᠡᠷᠦᠮᠵᠢ ᠦᠶᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠯᠢ ᠬᠠᠢ ᠯᠢᠶᠠᠩ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠥᠪᠥᠷ ᠮᠣᠩᠭᠤᠯ ᠤᠨ ᠤᠣ ᠵᠢᠩ ᠬᠠᠭᠠᠰ ᠳᠠᠮᠵᠢᠭᠤᠯᠤᠭᠴᠢ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠹᠠᠨ ᠬᠦᠶ ᠯᠢᠨ ᠲᠠᠢ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠵᠥᠪᠯᠡᠯᠴᠡᠭᠡᠷ ᠲᠤ ᠭᠠᠷ ᠤᠨ ᠥᠰᠥᠭ ᠵᠢᠷᠤᠪᠠ᠃ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ᠂ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃      ᠥᠪᠥᠷ ᠮᠣᠩᠭᠤᠯ ᠤᠨ ᠤᠣ ᠵᠢᠩ ᠬᠠᠭᠠᠰ ᠳᠠᠮᠵᠢᠭᠤᠯᠤᠭᠴᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯ ᠵᠢᠶᠠᠩᠰᠢ ᠶᠢᠨ ᠫᠠᠨ ᠮᠧᠩ ᠬᠠᠭᠠᠰ ᠳᠠᠮᠵᠢᠭᠤᠯᠤᠭᠴᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ ᠪᠡᠯᠡ ᠣᠷᠣᠭᠤᠯᠤᠨ ᠬᠤᠪᠢ ᠡᠵᠡᠮᠳᠡᠭᠰᠡᠨ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠺᠣᠮᠫᠠᠨᠢ᠂ ᠭᠤᠣᠯᠳᠠᠭᠤ ᠬᠠᠭᠠᠰ ᠳᠠᠮᠵᠢᠭᠤᠯᠤᠭᠴᠢ ᠶᠢᠨ ᠴᠠᠬᠢᠭᠤᠷ ᠰᠢᠳᠠᠮ᠂ ᠴᠠᠬᠢᠭᠤᠷ ᠢᠯᠲᠠᠰᠤ ᠵᠡᠷᠭᠡ ᠪᠦᠲᠦᠭᠡᠭᠳᠡᠬᠦᠨ ᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ ᠪᠠ ᠪᠣᠷᠣᠯᠠᠭᠤᠯᠬᠤ ᠠᠵᠢᠯ ᠢ ᠡᠷᠬᠢᠯᠡᠵᠦ ᠪᠤᠢ᠃ ᠲᠡᠭᠦᠨ ᠤ ᠬᠤᠪᠢ ᠡᠵᠡᠮᠳᠡᠭᠰᠡᠨ ᠺᠣᠮᠫᠠᠨᠢ ᠵᠢᠶᠠᠩᠰᠢ ᠶᠢᠨ ᠫᠠᠨ ᠮᠧᠩ ᠬᠠᠭᠠᠰ ᠳᠠᠮᠵᠢᠭᠤᠯᠤᠭᠴᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯ ᠨᠢᠭᠡᠨ ᠬᠠᠭᠠᠰ ᠳᠠᠮᠵᠢᠭᠤᠯᠤᠭᠴᠢ ᠶᠢᠨ ᠮᠠᠲ᠋ᠧᠷᠢᠶᠠᠯ ᠢ ᠰᠤᠳᠤᠯᠤᠨ ᠨᠡᠭᠡᠭᠡᠬᠦ᠂ ᠦᠢᠯᠡᠳᠬᠦ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠬᠠᠭᠠᠰ ᠳᠠᠮᠵᠢᠭᠤᠯᠤᠭᠴᠢ ᠶᠢᠨ ᠮᠠᠲ᠋ᠧᠷᠢᠶᠠᠯ ᠤᠨ ᠺᠣᠮᠫᠠᠨᠢ ᠪᠠᠶᠢᠵᠤ᠂ ᠬᠠᠭᠠᠰ ᠳᠠᠮᠵᠢᠭᠤᠯᠤᠭᠴᠢ ᠶᠢ ᠰᠠᠯᠭᠠᠬᠤ ᠲᠣᠨᠣᠭᠯᠠᠭᠠᠰᠤ ᠶᠢᠨ ᠴᠠᠬᠢᠭᠤᠷ ᠢᠯᠲᠠᠰᠤ ᠦᠢᠯᠡᠳᠬᠦ ᠲᠠᠯ᠎ᠠ ᠪᠠᠷ ᠤᠯᠤᠰ ᠤᠨ ᠳᠣᠲᠣᠭᠠᠳᠤ ᠶᠢᠨ ᠲᠡᠷᠢᠭᠦᠨ ᠤ ᠪᠠᠶᠢᠷᠢᠨ ᠳᠤ ᠪᠠᠶᠢᠳᠠᠭ᠃      ᠲᠣᠰ ᠤᠳᠠᠭ᠎ᠠ ᠭᠡᠷ᠎ᠡ ᠲᠣᠭᠲᠠᠭᠰᠠᠨ ᠲᠥᠷᠥᠯ ᠵᠦᠢᠯ ᠳᠤ ᠪᠤᠭᠤᠲᠤ ᠶᠢᠨ ᠲᠣᠨᠤᠭ ᠲᠥᠬᠦᠭᠡᠷᠦᠮᠵᠢ ᠦᠶᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠰᠢᠨ᠎ᠡ ᠲᠥᠯᠦᠪᠵᠢᠭᠦᠯᠭᠡ ᠶᠢᠨ ᠲᠣᠭᠤᠷᠢᠭ ᠲᠤ  ᠵᠢᠶᠠᠨ ᠬᠤᠸᠠ ᠤᠮᠠᠷ᠎ᠠ ᠵᠠᠮ ᠪᠠ ᠴᠢᠩ ᠴᠤᠸᠠᠩ ᠵᠠᠮ ᠤᠨ ᠠᠭᠤᠯᠵᠠᠷ ᠬᠤᠪᠣᠷ ᠰᠢᠷᠣᠢ ᠶᠢᠨ ᠬᠦᠷᠢᠶᠡᠯᠡᠩ ᠳᠤ ᠪᠠᠶᠢᠷᠢᠯᠠᠵᠦ᠂ ᠪᠦᠲᠦᠭᠡᠨ ᠪᠠᠶᠢᠭᠤᠯᠤᠯᠲᠠ ᠳᠤ ᠨᠡᠶᠢᠲᠡ 56 ᠮᠦ ᠭᠠᠵᠠᠷ ᠬᠡᠷᠡᠭᠯᠡᠨ᠎ᠡ᠃ ᠶᠡᠷᠦᠩᠬᠡᠢ ᠪᠡᠯᠡ ᠣᠷᠣᠭᠤᠯᠤᠯᠲᠠ ᠨᠢ 2.5 ᠳ᠋ᠦᠩᠰᠢᠭᠤᠷ ᠲᠥᠭᠦᠷᠢᠭ ᠪᠠᠶᠢᠵᠦ᠂ ᠵᠢᠯ ᠳᠤ 720 ᠲᠣᠨ ᠬᠠᠭᠠᠰ ᠳᠠᠮᠵᠢᠭᠤᠯᠤᠭᠴᠢ ᠶᠢᠨ ᠲᠠᠰ ᠤᠨ ᠴᠠᠬᠢᠭᠤᠷ ᠤᠨ ᠮᠠᠲ᠋ᠧᠷᠢᠶᠠᠯ ᠤᠨ ᠦᠢᠯᠡᠳᠪᠦᠷᠢᠯᠡᠯ ᠤᠨ ᠱᠤᠭᠤᠮ ᠢ ᠪᠠᠶᠢᠭᠤᠯᠬᠤ ᠪᠠᠷ ᠪᠣᠶ᠃ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠯ ᠤᠨ ᠦᠢᠯᠡᠳᠬᠦᠨ ᠤ ᠥᠷᠲᠡᠭ ᠢ 1.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠢᠯ ᠤᠨ ᠲᠤᠰᠢᠶᠠᠬᠤ ᠭᠠᠶᠢᠯᠢ ᠶᠢᠨ ᠣᠷᠣᠯᠭ᠎ᠠ ᠶᠢ 1000 ᠲᠦᠮᠡᠨ ᠲᠥᠭᠦᠷᠢᠭ ᠠᠴᠠ ᠳᠡᠭᠡᠭᠰᠢ ᠪᠠᠶᠢᠯᠭᠠᠨ᠎ᠠ᠃      ᠲᠣᠰ ᠲᠥᠷᠥᠯ ᠤᠨ ᠪᠦᠲᠦᠭᠡᠨ ᠪᠠᠶᠢᠭᠤᠯᠤᠯᠲᠠ ᠨᠢ ᠮᠠᠨ ᠤ ᠲᠤᠭᠤᠷᠢᠭ ᠤᠨ ᠠᠵᠤ ᠦᠢᠯᠡᠰ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠮᠠᠨ ᠤ ᠲᠤᠭᠤᠷᠢᠭ ᠴᠢᠨᠠᠭᠰᠢᠯᠠᠪᠠᠯ ᠪᠤᠭᠤᠲᠤ ᠬᠤᠲᠠ ᠶᠢᠨ ᠬᠠᠭᠠᠰ ᠳᠠᠮᠵᠢᠭᠤᠯᠤᠭᠴᠢ ᠶᠢᠨ ᠠᠵᠤ ᠦᠢᠯᠡᠰ ᠤᠨ ᠬᠦᠷᠢᠶᠡᠨ ᠳᠠᠬᠢ ᠬᠤᠭᠤᠰᠤᠨ ᠢ ᠨᠥᠬᠦᠪᠦᠷᠢᠯᠡᠵᠦ᠂ ᠮᠠᠨ ᠤ ᠲᠤᠭᠤᠷᠢᠭ ᠤᠨ ᠠᠵᠤ ᠦᠢᠯᠡᠰ ᠤᠨ ᠳᠡᠭᠡᠳᠦ ᠲᠠᠰ ᠤᠨ ᠲᠣᠨᠤᠭ ᠲᠥᠬᠦᠭᠡᠷᠦᠮᠵᠢ ᠦᠶᠯᠡᠳᠬᠦ ᠦᠢᠯᠡᠰ ᠳᠠᠰᠢ ᠬᠥᠭᠵᠢᠬᠦ ᠶᠢ ᠲᠦᠯᠬᠢᠨ ᠠᠬᠢᠭᠤᠯᠬᠤ ᠪᠣᠯᠣᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号