ᠰᠤᠷᠪᠤᠯᠵᠢᠯᠠᠭᠰᠠᠨ ᠭᠤᠣᠯ ᠰᠡᠳᠦᠪ᠄ ᠬᠤᠲᠠ ᠶᠢᠨ ᠰᠢᠨᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ | ᠬᠤᠲᠠ ᠶᠢᠨ ᠳᠡᠰ ᠳᠡᠪᠰᠢᠬᠦ ᠶᠢ ᠠᠬᠢᠭᠤᠯᠤᠨ᠎ᠠ | ᠰᠤᠷᠪᠤᠯᠵᠢᠯᠠᠭᠰᠠᠨ ᠴᠠᠭ᠄ 2022 ᠣᠨ ᠤ 7 ᠰᠠᠷ᠎ᠠ ᠶᠢᠨ 25 ᠤ ᠡᠳᠦᠷ | ᠰᠤᠷᠪᠤᠯᠵᠢᠯᠠᠭ᠎ᠠ ᠬᠦᠯᠢᠶᠡᠭᠰᠡᠨ ᠵᠤᠴᠢᠨ᠄ ᠴᠢᠩᠱᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ | ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠣᠪᠴᠢᠶᠠᠨ ᠳᠠᠷᠤᠭ᠎ᠠ ᠼᠤᠤ ᠵᠢᠦᠢ | ᠰᠤᠷᠪᠤᠯᠵᠢᠯᠠᠭᠰᠠᠨ ᠠᠬᠤᠢ ᠪᠠᠶᠢᠳᠠᠯ᠄ ︽ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠬᠡᠷᠡᠭᠵᠢᠭᠦᠯᠬᠦ︾ ᠶᠢ | ᠮᠠᠨ ᠤ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠥᠯᠦᠪᠵᠢᠭᠦᠯᠭᠡ ᠶᠢᠨ | ᠲᠣᠪᠴᠢ ᠳᠤ ᠪᠢᠴᠢᠵᠦ ᠣᠷᠣᠭᠤᠯᠬᠤ ᠶᠢ ᠳᠠᠭᠠᠯᠳᠤᠨ᠂ ᠬᠤᠲᠠ ᠶᠢᠨ ᠣᠷᠣᠨ ᠵᠠᠢ ᠶᠢᠨ ᠪᠦᠲᠦᠴᠡ ᠶᠢ | ᠰᠢᠯᠢᠳᠡᠭᠵᠢᠭᠦᠯᠬᠦ ᠪᠠ ᠶᠠᠰᠤ ᠴᠢᠨᠠᠷ ᠢ ᠳᠡᠭᠡᠭᠰᠢᠯᠡᠭᠦᠯᠬᠦ ᠳᠤ ᠵᠠᠮ ᠵᠢᠭᠠᠵᠤ ᠥᠭᠴᠡᠢ᠃ ᠠᠷᠠᠳ ᠲᠦᠮᠡᠨ ᠢᠶᠠᠷ ᠭᠤᠣᠯ | ᠪᠣᠯᠭᠠᠬᠤ ᠶᠢ ᠪᠠᠷᠢᠮᠲᠠᠯᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠰᠢᠰᠲ᠋ᠧᠮ ᠤᠨ | ᠦᠵᠡᠯᠲᠡ ᠶᠢ ᠪᠠᠷᠢᠮᠲᠠᠯᠠᠵᠤ᠂ ᠬᠤᠳᠠ ᠶᠢᠨ ᠳᠤᠲᠠᠭᠤᠳᠠᠯ ᠪᠠᠭᠤᠷᠠᠢ ᠲᠠᠯ᠎ᠠ ᠶᠢ ᠴᠢᠷᠮᠠᠶᠢᠨ ᠨᠥᠬᠦᠪᠦᠷᠢᠯᠡᠵᠦ᠂ | ᠬᠤᠳᠠ ᠶᠢᠨ ᠴᠢᠳᠠᠪᠬᠢ ᠶᠢ ᠴᠢᠩᠭᠠᠳᠬᠠᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠰᠠᠶᠢᠵᠢᠷᠠᠭᠤᠯᠵᠤ᠂ ᠬᠤᠳᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠪᠦᠬᠦ ᠬᠤᠳᠠ ᠶᠢᠨ ᠦᠵᠡᠰᠬᠦᠯᠡᠩᠲᠦ | ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠤᠳᠠ᠂ ᠵᠣᠯ ᠵᠢᠷᠭᠠᠯᠲᠤ ᠠᠮᠤᠷ ᠠᠮᠤᠭᠤᠯᠠᠩ ᠬᠤᠳᠠ ᠶᠢ ᠪᠦᠬᠦ | ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃ | 【ᠬᠥᠲᠥᠯᠥᠭᠴᠢ】 | ᠦᠨᠦ ᠵᠢᠯ ᠤᠨ ᠴᠢᠩᠱᠠᠨ ᠲᠣᠭᠤᠷᠢᠭ ᠲᠤ ᠬᠡᠷᠡᠭᠵᠢᠭᠦᠯᠦᠭᠰᠡᠨ ᠠᠷᠠᠳ ᠲᠤ ᠠᠰᠢᠭ ᠬᠦᠷᠲᠡᠭᠡᠬᠦ | ᠭᠤᠣᠯᠳᠠᠯᠭ᠎ᠠ ᠲᠠᠢ ᠢᠨᠵᠧᠨᠧᠷᠢᠩ ᠶᠠᠭᠤ ᠶᠠᠭᠤ ᠪᠠᠶᠢᠬᠤ ᠶᠢ ᠲᠠᠨᠢᠯᠴᠠᠭᠤᠯᠤᠭᠠᠳ ᠥᠭᠭᠦᠨ᠎ᠡ ᠤᠤ︖ | 【ᠰᠤᠷᠪᠤᠯᠵᠢᠯᠠᠭ᠎ᠠ ᠬᠦᠯᠢᠶᠡᠭᠰᠡᠨ ᠵᠣᠴᠢᠨ ᠼᠤᠤ ᠵᠢᠦᠢ】 | 2022 ᠣᠨ ᠳᠤ᠂ ᠴᠢᠩᠱᠠᠨ ᠲᠣᠭᠤᠷᠢᠭ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠱᠠᠲᠤ | ᠦᠶ᠎ᠡ ᠶᠢᠨ ᠴᠢᠨᠠᠷᠲᠠᠢ ᠣᠨᠴᠠᠯᠢᠭ ᠢ ᠦᠨᠳᠦᠰᠦᠯᠡᠨ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠮᠢ | ᠠᠬᠤᠢ ᠶᠢ ᠲᠡᠷᠢᠭᠦᠨ ᠳᠤ ᠲᠠᠯᠪᠢᠬᠤ᠂ ᠠᠷᠪᠢᠯᠠᠨ ᠭᠠᠮᠨᠠᠬᠤ ᠶᠢ ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠢ | ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠨᠡᠶᠢᠲᠡ 6 ᠲᠥᠷᠥᠯ ᠤᠨ | 62 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ ᠨᠡᠶᠢᠲᠡ 111695.33 ᠲᠦᠮᠡᠨ ᠲᠥᠭᠦᠷᠢᠭ ᠤᠨ | ᠪᠡᠯᠡ ᠣᠷᠣᠭᠤᠯᠬᠤ ᠪᠠᠷ ᠲᠥᠯᠥᠪᠯᠡᠵᠦ ᠪᠣᠶ᠃ ᠡᠭᠦᠨ ᠲᠤ ᠬᠤᠳᠠ ᠶᠢᠨ ᠵᠠᠮ ᠤᠨ ᠪᠦᠲᠦᠭᠡᠨ ᠪᠠᠶᠢᠭᠤᠯᠤᠯᠲᠠ᠂ | ᠬᠤᠭᠤᠯᠠᠢ ᠶᠢᠨ ᠲᠣᠣᠷ ᠢ ᠰᠢᠨᠡᠳᠬᠡᠬᠦ᠂ ᠠᠷᠤ ᠵᠡᠭᠡᠯᠢ ᠵᠢᠵᠢᠭ ᠭᠤᠳᠤᠮᠵᠢ ᠶᠢ ᠥᠭᠡᠷᠡᠴᠢᠯᠡᠬᠦ ᠪᠠᠷ ᠭᠤᠣᠯ ᠪᠣᠯᠭᠠᠭᠰᠠᠨ | ᠵᠠᠮ ᠬᠠᠷᠢᠯᠴᠠᠭ᠎ᠠ ᠶᠢ ᠰᠠᠶᠢᠵᠢᠷᠠᠭᠤᠯᠬᠤ ᠢᠨᠵᠧᠨᠧᠷᠢᠩ᠂ ᠬᠠᠷᠮᠠᠨ ᠴᠡᠴᠡᠷᠯᠢᠭ᠂ ᠰᠢᠷ᠎ᠠ ᠰᠢᠷᠣᠢ ᠶᠢ ᠢᠯᠡ ᠭᠠᠷᠭᠠᠬᠤ ᠶᠢ | ᠴᠡᠭᠴᠡᠯᠡᠨ ᠵᠠᠰᠠᠬᠤ᠂ ᠠᠭᠤᠳᠠᠮ ᠲᠠᠯᠠᠪᠠᠢ ᠶᠢᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠪᠠᠷ ᠭᠤᠣᠯ ᠪᠣᠯᠭᠠᠭᠰᠠᠨ | ᠬᠤᠳᠠ ᠶᠢ ᠭᠤᠶᠣᠵᠢᠭᠤᠯᠬᠤ ᠢᠨᠵᠧᠨᠧᠷᠢᠩ᠂ ᠤᠰᠤ ᠬᠤᠷᠠᠬᠤ ᠴᠡᠭ ᠪᠠ ᠪᠣᠷᠣᠭᠠᠨ ᠪᠣᠬᠢᠷ ᠬᠤᠯᠢᠮᠠᠭ ᠤᠷᠤᠰᠬᠠᠯ ᠢ | ᠴᠡᠭᠴᠡᠯᠡᠨ ᠵᠠᠰᠠᠬᠤ᠂ ᠨᠡᠶᠢᠲᠡ ᠶᠢᠨ ᠵᠣᠷᠯᠣᠩ ᠤᠨ ᠪᠦᠲᠦᠭᠡᠨ ᠪᠠᠶᠢᠭᠤᠯᠤᠯᠲᠠ ᠪᠠᠷ ᠭᠤᠣᠯ ᠪᠣᠯᠭᠠᠭᠰᠠᠨ ᠳᠤᠲᠠᠭᠤᠳᠠᠯ | ᠢ ᠨᠥᠬᠦᠪᠦᠷᠢᠯᠡᠬᠦ᠂ ᠴᠢᠩᠭ᠎ᠠ ᠪᠠᠭᠤᠷᠠᠢ ᠲᠥᠷᠥᠯ ᠤᠨ ᠢᠨᠵᠧᠨᠧᠷᠢᠩ᠂ ᠬᠠᠭᠤᠴᠢᠨ ᠲᠣᠭᠤᠷᠢᠭ ᠢ ᠥᠭᠡᠷᠡᠴᠢᠯᠡᠬᠦ ᠪᠠᠷ | ᠭᠤᠣᠯ ᠪᠣᠯᠭᠠᠭᠰᠠᠨ ᠬᠤᠳᠠ ᠶᠢ ᠰᠢᠨᠡᠳᠬᠡᠬᠦ ᠢᠨᠵᠧᠨᠧᠷᠢᠩ ᠪᠠᠭᠲᠠᠨ᠎ᠠ᠃ | 【ᠬᠥᠲᠥᠯᠥᠭᠴᠢ】 | ᠰᠠᠭᠤᠭᠠᠯᠢ ᠠᠷᠠᠳ ᠤᠨ ᠬᠠᠭᠤᠴᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠳᠤ ᠶᠠᠮᠠᠷ | ᠶᠠᠮᠠᠷ ᠰᠢᠨ᠎ᠡ ᠠᠷᠭ᠎ᠠ ᠬᠡᠮᠵᠢᠶ᠎ᠡ ᠪᠠᠶᠢᠬᠤ ᠪᠣᠶ︖ | 【ᠰᠤᠷᠪᠤᠯᠵᠢᠯᠠᠭ᠎ᠠ ᠬᠦᠯᠢᠶᠡᠭᠰᠡᠨ ᠵᠣᠴᠢᠨ ᠼᠤᠤ ᠵᠢᠦᠢ】 | ᠣᠶᠢᠷ᠎ᠠ ᠶᠢᠨ ᠵᠢᠯ ᠠᠴᠠ᠂ ᠴᠢᠩᠱᠠᠨ ᠲᠣᠭᠤᠷᠢᠭ ᠤᠨ ᠬᠢᠨ ᠰᠠᠭᠤᠭᠠᠯᠢ ᠠᠷᠠᠳ ᠤᠨ ᠬᠠᠭᠤᠴᠢᠨ | ᠲᠣᠭᠤᠷᠢᠭ ᠢ ᠰᠢᠨᠡᠳᠬᠡᠨ ᠵᠠᠰᠠᠬᠤ ᠪᠠ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠤ ᠦᠢᠯᠡᠰ ᠲᠤ ᠲᠣᠬᠢᠷᠠᠬᠤ ᠶᠢ | ᠨᠢᠭᠲᠠ ᠤᠶᠠᠯᠳᠤᠭᠤᠯᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ | ︽ᠬᠤᠪᠢᠰᠬᠠᠯ ᠤᠨ ᠪᠠᠷᠢᠯᠭ᠎ᠠ ᠶᠢᠨ ᠭᠠᠵᠠᠷ︾ ᠢ ᠬᠠᠮᠲᠤᠷᠠᠨ ᠬᠠᠮᠲᠤ ᠪᠠᠷ ᠪᠠᠶᠢᠭᠤᠯᠵᠤ᠂ ︽ᠤᠷᠢᠳᠠᠪᠠᠷ ᠭᠠᠵᠠᠷ ᠳᠣᠣᠷ᠎ᠠ | ᠳᠠᠷᠠᠭ᠎ᠠ ᠪᠠᠷ ᠨᠢ ᠭᠠᠵᠠᠷ ᠳᠡᠭᠡᠷ᠎ᠡ ᠭᠠᠷᠭᠠᠬᠤ︾ ︽ᠤᠷᠢᠳᠠᠪᠠᠷ ᠠᠷᠠᠳ ᠤᠨ ᠠᠮᠢᠳᠤᠷᠠᠯ ᠢ ᠬᠥᠭᠵᠢᠭᠦᠯᠵᠦ᠂ ᠳᠠᠷᠠᠭ᠎ᠠ ᠨᠢ | ᠳᠡᠭᠡᠭᠰᠢᠯᠡᠭᠦᠯᠬᠦ︾ ᠰᠡᠳᠬᠢᠴᠡ ᠪᠠᠷ᠂ ᠰᠠᠭᠤᠭᠠᠯᠢ ᠠᠷᠠᠳ ᠤᠨ ᠲᠣᠭᠤᠷᠢᠭ ᠤᠨ ᠬᠡᠪᠴᠢᠶ᠎ᠡ᠂ ᠰᠠᠭᠤᠷᠢ ᠲᠥᠬᠦᠭᠡᠷᠦᠮᠵᠢ | ᠵᠡᠷᠭᠡ ᠪᠣᠳᠠᠲᠠᠢ ᠪᠠᠶᠢᠳᠠᠯ ᠲᠠᠢ ᠤᠶᠠᠯᠳᠤᠭᠤᠯᠵᠤ᠂ ︽5678︾ ᠠᠵᠢᠯ ᠤᠨ ᠠᠷᠭ᠎ᠠ ᠪᠠᠷ ᠰᠠᠭᠤᠷᠢ ᠲᠦᠷᠦᠯ᠂ | ᠲᠡᠭᠦᠯᠳᠡᠷᠵᠢᠭᠦᠯᠬᠦ ᠲᠦᠷᠦᠯ᠂ ᠳᠡᠭᠡᠭᠰᠢᠯᠡᠭᠦᠯᠬᠦ ᠲᠦᠷᠦᠯ ᠤᠨ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠬᠦ ᠪᠠᠷ | ᠲᠣᠭᠲᠠᠵᠠᠢ᠃ ᠲᠤᠬᠠᠶᠢᠯᠠᠪᠠᠯ᠄ 5 ᠨᠤᠷᠠᠭᠠᠬᠤ᠄ ︽ᠵᠢᠵᠢᠭ ᠰᠡᠷᠢᠭᠦᠨ ᠭᠡᠷ᠂ ᠵᠢᠵᠢᠭ ᠨᠡᠭᠦᠷᠡᠰᠦᠨ ᠬᠥᠮᠥᠷᠭᠡ᠂ ᠬᠠᠪᠴᠢᠮᠠᠯ | ᠭᠡᠷ᠂ ᠨᠣᠭᠤᠭᠠᠨ ᠤ ᠵᠣᠭᠤᠷᠢ᠂ ᠨᠣᠭᠤᠭᠠᠨ ᠲᠠᠷᠢᠶ᠎ᠠ︾ ᠶᠢ ᠨᠤᠷᠠᠭᠠᠨ᠎ᠠ︔ 6 ᠥᠭᠡᠷᠡᠴᠢᠯᠡᠯᠲᠡ᠄ ︽ᠤᠰᠤ ᠬᠠᠩᠭᠠᠬᠤ᠂ | ᠤᠰᠤ ᠵᠠᠯᠠᠬᠤ᠂ ᠢᠯᠴᠢ ᠬᠠᠩᠭᠠᠬᠤ᠂ ᠰᠢᠲᠠᠮᠠᠬᠠᠢ ᠬᠡᠢ᠂ ᠴᠠᠬᠢᠯᠭᠠᠨ ᠬᠠᠩᠭᠠᠬᠤ᠂ ᠪᠠᠭᠤᠷᠠᠢ ᠴᠠᠬᠢᠯᠭᠠᠨ︾ ᠢ | ᠥᠭᠡᠷᠡᠴᠢᠯᠡᠨ᠎ᠡ︔ 7 ᠲᠡᠭᠦᠯᠳᠡᠷᠵᠢᠭᠦᠯᠦᠯᠲᠡ᠄ ︽ᠵᠠᠮ᠂ ᠬᠢᠨᠠᠨ ᠡᠵᠡᠮᠳᠡᠬᠦ᠂ ᠡᠭᠦᠳᠡᠨ ᠬᠤᠷᠢᠭ᠎ᠠ᠂ ᠭᠡᠷ ᠤᠨ ᠣᠷᠣᠢ ᠶᠢᠨ | ᠤᠰᠤ ᠶᠢ ᠰᠡᠷᠭᠡᠶᠢᠯᠡᠬᠦ᠂ ᠠᠰᠠᠷ ᠢ ᠴᠣᠬᠤᠶᠢᠳᠠᠬᠤ᠂ ᠵᠢᠵᠢᠭ ᠲᠣᠭᠤᠷᠢᠭ ᠢ ᠪᠢᠲᠡᠭᠦᠮᠵᠢᠯᠡᠬᠦ᠂ ᠭᠡᠷᠡᠯᠲᠦᠭᠦᠯᠭᠡ ᠶᠢᠨ | ᠲᠥᠬᠦᠭᠡᠷᠦᠮᠵᠢ︾ ᠶᠢ ᠲᠡᠭᠦᠯᠳᠡᠷᠵᠢᠭᠦᠯᠦᠨ᠎ᠡ︔ 8 ᠳᠡᠭᠡᠭᠰᠢᠯᠡᠯᠲᠡ᠄ ︽ᠠᠷᠠᠳ ᠲᠤ ᠲᠥᠬᠦᠮ ᠦᠵᠡᠭᠦᠯᠬᠦ ᠬᠡᠲᠦ | ᠳᠡᠯᠭᠡᠭᠦᠷ᠂ ᠰᠡᠷᠢᠭᠦᠨ ᠲᠢᠩᠰᠡ ᠶᠢᠨ ᠰᠠᠭᠤᠳᠠᠯ᠂ ᠴᠠᠬᠢᠯᠭᠠᠨ ᠴᠡᠨᠡᠭᠯᠡᠬᠦ ᠲᠥᠬᠦᠭᠡᠷᠦᠮᠵᠢ᠂ ᠪᠡᠶ᠎ᠡ ᠴᠢᠭᠢᠷᠠᠭᠵᠢᠭᠤᠯᠬᠤ | ᠪᠠᠭᠠᠵᠢ ᠬᠡᠷᠡᠭᠰᠡᠯ᠂ ᠣᠶᠤᠨᠴᠢ ᠲᠦᠷᠭᠡᠨ ᠬᠦᠷᠭᠡᠯᠲᠡ᠂ ᠡᠮᠴᠢᠯᠡᠭᠡᠨ ᠤ ᠲᠠᠯᠠᠪᠤᠷ ᠭᠠᠵᠠᠷ᠂ ᠰᠣᠶᠣᠯ ᠪᠡᠶ᠎ᠡ ᠶᠢᠨ ᠲᠠᠮᠢᠷ | ᠵᠤᠭ᠎ᠠ ᠴᠡᠩᠭᠡᠯ᠂ ᠨᠠᠰᠤᠲᠠᠶᠢᠴᠤᠳ ᠲᠤ ᠬᠡᠦᠬᠡᠳ ᠰᠠᠭᠠᠲᠠᠭᠤᠯᠬᠤ︾ ᠶᠢ ᠨᠡᠮᠡᠨ᠎ᠡ᠃ | 【ᠬᠥᠲᠥᠯᠥᠭᠴᠢ】 | ᠵᠠᠬ᠎ᠠ ᠳᠡᠯᠭᠡᠭᠦᠷ ᠢ ᠨᠢᠭᠡ ᠴᠣᠭᠴᠠᠵᠢᠭᠤᠯᠬᠤ ᠠᠵᠢᠯᠯᠠᠭᠠᠨ ᠤ ᠵᠠᠭᠪᠤᠷ ᠲᠤ ᠶᠠᠮᠠᠷ ᠶᠠᠮᠠᠷ ᠲᠤᠰᠬᠠᠶᠢᠵᠢᠭᠰᠠᠨ | ᠳᠡᠭᠡᠭᠰᠢᠯᠡᠯᠲᠡ ᠲᠠᠢ ᠪᠣᠯᠤᠭᠰᠠᠨ ᠪᠣᠶ︖ | 【ᠰᠤᠷᠪᠤᠯᠵᠢᠯᠠᠭ᠎ᠠ ᠬᠦᠯᠢᠶᠡᠭᠰᠡᠨ ᠵᠣᠴᠢᠨ ᠼᠤᠤ ᠵᠢᠦᠢ】 | 2022 ᠣᠨ ᠤ 3 ᠰᠠᠷ᠎ᠠ ᠳᠤ᠂ ︽ᠲᠤᠰᠬᠠᠢ ᠮᠡᠷᠭᠡᠵᠢᠯ ᠤᠨ ᠬᠥᠮᠥᠨ ᠲᠤᠰᠬᠠᠢ ᠠᠵᠢᠯ ᠬᠢᠬᠦ︾ ᠰᠡᠳᠬᠢᠴᠡ | ᠪᠠ ᠵᠠᠷᠴᠢᠮ ᠵᠢᠴᠢ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ᠂ ᠮᠠᠨ ᠤ | ᠲᠣᠪᠴᠢᠶ᠎ᠠ ᠶᠢᠨ ᠬᠠᠷᠢᠶᠠᠨ ᠳᠠᠬᠢ ᠨᠣᠭᠤᠭᠠᠷᠠᠭᠤᠯᠤᠯᠲᠠ ᠶᠢᠨ ᠶᠡᠷᠦᠩᠬᠡᠶᠢᠯᠡᠭᠰᠡᠨ ᠠᠷᠠᠴᠢᠯᠠᠯᠲᠠ᠂ ᠬᠤᠲᠠ ᠶᠢᠨ | ᠶᠠᠪᠤᠳᠠᠯ ᠤᠨ ᠶᠡᠷᠦᠩᠬᠡᠶᠢᠯᠡᠭᠰᠡᠨ ᠠᠷᠠᠴᠢᠯᠠᠯᠲᠠ᠂ ᠭᠤᠣᠯ ᠤᠨ ᠵᠠᠮ ᠤᠨ ᠶᠡᠷᠦᠩᠬᠡᠶᠢᠯᠡᠭᠰᠡᠨ ᠠᠷᠠᠴᠢᠯᠠᠯᠲᠠ ᠵᠢᠴᠢ | ᠵᠠᠮ ᠤᠨ ᠳ᠋ᠧᠩ ᠤᠨ ᠬᠠᠮᠠᠭᠠᠯᠠᠯᠲᠠ ᠵᠡᠷᠭᠡ ᠠᠵᠢᠯ ᠢ ᠨᠢᠭᠡᠨᠲᠡ ᠱᠧᠨᠵᠧᠨ ᠤ ᠢᠦᠢ ᠾᠧ ᠲᠢᠶᠠᠨ ᠣᠶᠤᠨᠲᠤ | ᠬᠤᠲᠠ ᠶᠢᠨ ᠡᠵᠡᠩᠨᠡᠯᠲᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠰᠢᠯᠵᠢᠭᠦᠯᠦᠨ ᠲᠤᠰᠢᠶᠠᠵᠤ ᠠᠷᠠᠴᠢᠯᠠᠨ | ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠵᠢᠩᠬᠢᠨᠢ ᠪᠠᠷ ᠡᠬᠢᠯᠡᠭᠦᠯᠪᠡ᠃ ᠡᠨᠡ ᠨᠢ ᠴᠢᠩᠱᠠᠨ ᠲᠣᠭᠤᠷᠢᠭ ᠤᠨ | ᠬᠤᠲᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠴᠡᠴᠡᠷᠯᠢᠭ᠂ ᠬᠤᠲᠠ ᠶᠢᠨ ᠶᠠᠪᠤᠳᠠᠯ ᠤᠨ | ᠬᠠᠮᠢᠶᠠᠷᠤᠯᠲᠠ ᠶᠢᠨ ᠠᠵᠢᠯ ᠨᠢᠭᠡᠨ ᠴᠤ᠋ ᠰᠢᠨ᠎ᠡ ᠵᠠᠭᠪᠤᠷ ᠲᠤ ᠣᠷᠣᠭᠰᠠᠨ ᠢ ᠬᠠᠷᠠᠭᠤᠯᠵᠤ᠂ ᠬᠤᠲᠠ ᠶᠢᠨ | ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ᠂ ᠬᠤᠲᠠ ᠶᠢᠨ ᠣᠷᠴᠢᠨ | ᠲᠣᠭᠤᠷᠢᠨ ᠢ ᠰᠠᠶᠢᠵᠢᠷᠠᠭᠤᠯᠬᠤ᠂ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠬᠦ ᠳᠤ | ᠢᠯᠡᠳᠲᠡ ᠠᠬᠢᠭᠤᠯᠬᠤ ᠦᠢᠯᠡᠳᠦᠯ ᠦᠵᠡᠭᠦᠯᠬᠦ ᠪᠣᠯᠣᠨ᠎ᠠ᠃ ᠢᠦᠢ ᠾᠧ ᠲᠢᠶᠠᠨ ᠺᠣᠮᠫᠠᠨᠢ ᠶᠢᠨ ᠬᠢᠨ ᠪᠠᠷᠠᠭᠠᠨ ᠤ | ᠰᠦᠯᠵᠢᠶ᠎ᠡ ᠪᠠ ᠲᠣᠮᠣ ᠳ᠋ᠠᠶᠢᠲ᠋ᠠ ᠵᠡᠷᠭᠡ ᠬᠤᠰᠢᠭᠤᠷᠠᠯ ᠮᠡᠷᠭᠡᠵᠢᠯ ᠤᠨ ᠠᠷᠭ᠎ᠠ ᠪᠠᠷᠢᠯ ᠳᠤ ᠠᠩᠬᠠᠷᠤᠯ ᠢᠶᠠᠨ | ᠲᠥᠪᠯᠡᠷᠡᠭᠦᠯᠬᠦ ᠪᠠᠷ ᠳᠠᠮᠵᠢᠭᠤᠯᠵᠤ᠂ ︽ᠢᠦᠢ ᠾᠧ ᠲᠢᠶᠠᠨ ᠣᠶᠤᠨᠲᠤ ᠣᠷᠴᠢᠨ ᠲᠣᠭᠤᠷᠢᠨ ᠤ ᠠᠷᠢᠭᠤᠨ ᠴᠡᠪᠡᠷ ᠤᠨ | ᠰᠢᠰᠲ᠋ᠧᠮ︾ ᠢ ᠳᠡᠯᠭᠡᠷᠡᠭᠦᠯᠦᠨ ᠬᠡᠷᠡᠭᠯᠡᠵᠦ᠂ ᠴᠢᠩᠱᠠᠨ ᠲᠣᠭᠤᠷᠢᠭ ᠤᠨ ᠬᠤᠳᠠ ᠶᠢᠨ ᠶᠠᠪᠤᠳᠠᠯ ᠤᠨ | ᠨᠣᠭᠤᠭᠠᠷᠠᠭᠤᠯᠤᠯᠲᠠ᠂ ᠣᠷᠴᠢᠨ ᠲᠣᠭᠤᠷᠢᠨ ᠤ ᠠᠷᠢᠭᠤᠨ ᠴᠡᠪᠡᠷ ᠢ ᠪᠦᠲᠦᠮᠵᠢᠲᠡᠢ ᠠᠭᠤᠰᠤᠯᠴᠠᠭᠤᠯᠵᠤ᠂ ᠪᠦᠬᠦ | ᠲᠤᠭᠤᠷᠢᠭ ᠤᠨ ᠠᠷᠠᠴᠢᠯᠠᠵᠤ ᠬᠠᠮᠠᠭᠠᠯᠠᠬᠤ ᠶᠢ ᠪᠦᠬᠦ ᠲᠠᠯ᠎ᠠ ᠪᠠᠷ ᠪᠦᠷᠬᠦᠭᠦᠯᠬᠦ ᠪᠠ ᠵᠠᠪᠰᠠᠷ ᠦᠭᠡᠢ ᠵᠣᠯᠭᠠᠭᠤᠯᠬᠤ | ᠠᠵᠢᠯ ᠢ ᠪᠦᠷᠢᠯᠳᠦᠭᠦᠯᠬᠦ ᠳᠤ ᠬᠦᠴᠦ ᠨᠡᠮᠡᠷᠢᠯᠡᠵᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠣᠳᠣᠬᠠᠨ ᠳᠤ ᠶᠠᠭ ᠳᠦᠷᠢ ᠪᠠᠨ ᠬᠤᠪᠢᠷᠠᠭᠤᠯᠵᠤ᠂ ᠳᠦᠷᠢᠮ ᠢ ᠪᠦᠷᠢᠨᠰᠢᠭᠦᠯᠬᠦ᠂ ᠡᠩᠨᠡᠭᠡ ᠶᠢ ᠬᠦᠴᠦᠷᠬᠡᠭᠵᠢᠭᠦᠯᠬᠦ᠂ | ᠴᠢᠩᠭ᠎ᠠ ᠬᠢᠨᠠᠨ ᠰᠢᠯᠭᠠᠬᠤ ᠲᠠᠯ᠎ᠠ ᠪᠠᠷ ᠬᠦᠴᠦ ᠣᠷᠣᠭᠤᠯᠵᠤ᠂ ᠬᠢᠨᠠᠯᠲᠠ ᠲᠠᠯᠪᠢᠵᠤ ᠬᠡᠮᠵᠢᠶᠡᠵᠢᠭᠦᠯᠦᠨ ᠬᠢᠨᠠᠨ | ᠰᠢᠯᠭᠠᠬᠤ ᠶᠢ ᠬᠤᠳᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠴᠡᠴᠡᠷᠯᠢᠭ᠂ ᠬᠤᠳᠠ ᠶᠢᠨ | ᠶᠠᠪᠤᠳᠠᠯ ᠢ ᠨᠢᠭᠡ ᠴᠣᠭᠴᠠᠵᠢᠭᠤᠯᠤᠭᠰᠠᠨ ᠵᠠᠬ᠎ᠠ ᠳᠡᠯᠭᠡᠭᠦᠷ ᠤᠨ ᠠᠵᠢᠯᠯᠠᠭᠠᠨ ᠤ ᠪᠦᠬᠦ ᠶᠠᠪᠤᠴᠠ ᠳᠤ ᠲᠤᠤᠱᠯᠠᠭᠤᠯᠵᠤ᠂ | ᠬᠠᠷᠢᠶ᠎ᠠ ᠣᠷᠣᠨ ᠤ ᠤᠯᠠᠨ ᠲᠦᠮᠡᠨ ᠳᠤ ᠭᠤᠶᠤ ᠰᠠᠶᠢᠬᠠᠨ᠂ ᠴᠡᠪᠡᠷ ᠲᠡᠭᠰᠢ᠂ ᠡᠶ᠎ᠡ ᠵᠣᠬᠢᠴᠠᠩᠭᠤᠢ ᠣᠷᠣᠰᠢᠨ | ᠰᠠᠭᠤᠬᠤ ᠳᠤ ᠲᠣᠬᠢᠷᠠᠮᠵᠢᠲᠠᠢ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠵᠤ ᠥᠭᠴᠡᠢ᠃ | 【ᠬᠥᠲᠥᠯᠥᠭᠴᠢ】 | ᠬᠤᠲᠠ ᠶᠢᠨ ᠨᠡᠪᠲᠡᠷᠡᠬᠦ ᠴᠢᠳᠠᠪᠤᠷᠢ ᠵᠢᠴᠢ ᠬᠤᠲᠠ ᠶᠢᠨ ᠴᠢᠳᠠᠮᠵᠢ ᠶᠢ ᠳᠡᠭᠡᠭᠰᠢᠯᠡᠭᠦᠯᠬᠦ ᠲᠠᠯ᠎ᠠ ᠪᠠᠷ ᠶᠠᠮᠠᠷ | ᠶᠠᠮᠠᠷ ᠠᠷᠭ᠎ᠠ ᠬᠡᠮᠵᠢᠶ᠎ᠡ ᠠᠪᠬᠤ ᠪᠣᠶ︖ | 【ᠰᠤᠷᠪᠤᠯᠵᠢᠯᠠᠭ᠎ᠠ ᠬᠦᠯᠢᠶᠡᠭᠰᠡᠨ ᠵᠣᠴᠢᠨ ᠼᠤᠤ ᠵᠢᠦᠢ】 | ᠬᠤᠳᠠ ᠶᠢᠨ ᠵᠠᠮ ᠤᠨ ᠪᠦᠲᠦᠭᠡᠨ ᠪᠠᠶᠢᠭᠤᠯᠤᠯᠲᠠ᠂ ᠬᠤᠭᠤᠯᠠᠢ ᠶᠢᠨ ᠲᠣᠣᠷ ᠢ ᠰᠢᠨᠡᠳᠬᠡᠬᠦ᠂ ᠠᠷᠤ ᠵᠡᠭᠡᠯᠢ | ᠵᠢᠵᠢᠭ ᠭᠤᠳᠤᠮᠵᠢ ᠶᠢ ᠥᠭᠡᠷᠡᠴᠢᠯᠡᠬᠦ ᠪᠠᠷ ᠭᠤᠣᠯ ᠪᠣᠯᠭᠠᠭᠰᠠᠨ ᠵᠠᠮ ᠬᠠᠷᠢᠯᠴᠠᠭ᠎ᠠ ᠶᠢ ᠰᠠᠶᠢᠵᠢᠷᠠᠭᠤᠯᠬᠤ | ᠠᠵᠢᠯᠯᠠᠭ᠎ᠠ ᠶᠢ ᠶᠠᠪᠤᠭᠳᠠᠭᠤᠯᠵᠤ᠂ ᠵᠠᠮ ᠨᠡᠪᠲᠡᠷᠡᠯᠭᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ 2022 ᠣᠨ ᠳᠤ | ᠨᠡᠶᠢᠲᠡ 16 ᠲᠥᠷᠥᠯ ᠵᠦᠢᠯ ᠤᠨ ᠬᠤᠲᠠ ᠶᠢᠨ ᠶᠠᠪᠤᠳᠠᠯ ᠤᠨ ᠵᠠᠮ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ | ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠦᠨ᠂ ᠡᠭᠦᠨ ᠳᠤ ᠵᠠᠮ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ | ᠪᠠᠶᠢᠭᠤᠯᠬᠤ ︵7 ᠵᠦᠢᠯ︶᠂ ᠠᠷᠤ ᠵᠡᠭᠡᠯᠢ ᠵᠢᠵᠢᠭ ᠭᠤᠳᠤᠮᠵᠢ ᠶᠢ ᠵᠠᠰᠠᠬᠤ ︵5 ᠵᠦᠢᠯ︶᠂ ᠪᠣᠷᠣᠭᠠᠨ ᠤ ᠪᠣᠬᠢᠷᠳᠤᠯ ᠢ | ᠬᠤᠯᠢᠯᠳᠤᠭᠤᠯᠤᠨ ᠵᠠᠰᠠᠬᠤ ︵ᠨᠢᠭᠡᠨᠲᠡ ᠪᠡᠶᠡᠯᠡᠭᠦᠯᠦᠭᠰᠡᠨ ᠪᠠᠷᠢᠯᠭ᠎ᠠ ᠶᠢᠨ ᠬᠡᠮᠵᠢᠶ᠎ᠡ 78%︶ ᠵᠢᠴᠢ ᠤᠰᠤ | ᠲᠠᠲᠠᠷᠠᠭᠤᠯᠬᠤ ᠬᠤᠭᠤᠯᠠᠢ ᠶᠢᠨ ᠲᠣᠣᠷ ᠢ ᠥᠭᠡᠷᠡᠴᠢᠯᠡᠨ ᠵᠠᠰᠠᠬᠤ ᠢᠨᠵᠧᠨᠧᠷᠢᠩ ︵3 ᠵᠦᠢᠯ︶ ᠪᠠᠭᠲᠠᠨ᠎ᠠ᠃ ᠳᠡᠭᠡᠷ᠎ᠡ | ᠳᠤᠷᠠᠳᠤᠭᠰᠠᠨ ᠪᠠᠷᠢᠯᠭ᠎ᠠ ᠶᠢᠨ ᠠᠵᠢᠯ ᠳᠠᠭᠤᠰᠤᠭᠰᠠᠨ ᠤ ᠲᠠᠷᠠᠭ᠎ᠠ ᠨᠠᠷᠢᠨ ᠭᠤᠳᠤᠮᠵᠢ ᠶᠢᠨ ᠵᠠᠮ ᠳᠣᠩᠰᠣᠯᠬᠤ᠂ | ᠬᠤᠭᠤᠯᠠᠢ ᠬᠠᠭᠤᠴᠢᠷᠠᠬᠤ᠂ ᠬᠡᠷᠡᠮ ᠡᠪᠳᠡᠷᠡᠵᠦ ᠬᠠᠭᠤᠴᠢᠷᠠᠬᠤ ᠵᠡᠷᠭᠡ ᠠᠰᠠᠭᠤᠳᠠᠯ ᠢ ᠰᠠᠶᠢᠵᠢᠷᠠᠭᠤᠯᠵᠤ᠂ ᠬᠤᠳᠠ ᠶᠢᠨ | ᠲᠣᠭᠤᠷᠢᠭ ᠤᠨ ᠦᠵᠡᠮᠵᠢ ᠶᠢ ᠤᠯᠠᠮ ᠨᠢᠭᠡ ᠠᠯᠬᠤᠮ ᠭᠤᠶᠣᠯᠠᠵᠤ᠂ ᠬᠤᠳᠠ ᠶᠢᠨ ᠲᠣᠭᠤᠷᠢᠭ ᠤᠨ ᠵᠠᠮ | ᠨᠡᠪᠲᠡᠷᠡᠯᠭᠡ ᠶᠢᠨ ᠴᠢᠳᠠᠪᠤᠷᠢ ᠶᠢ ᠰᠢᠯᠢᠳᠡᠭᠵᠢᠭᠦᠯᠵᠦ᠂ ᠴᠢᠩᠱᠠᠨ ᠲᠣᠭᠤᠷᠢᠭ ᠤᠨ ᠭᠠᠵᠠᠷ ᠳᠣᠣᠷᠠᠬᠢ ᠤᠰᠤ ᠵᠠᠯᠠᠬᠤ | ᠰᠢᠰᠲ᠋ᠧᠮ ᠢ ᠲᠡᠭᠦᠯᠳᠡᠷᠵᠢᠭᠦᠯᠵᠦ᠂ ᠮᠧᠩ ᠨᠢᠦ ᠵᠠᠮ ᠵᠢᠴᠢ ᠴᠢᠩᠱᠠᠨ ᠲᠣᠭᠤᠷᠢᠭ ᠤᠨ ᠬᠡᠪᠴᠢᠶᠡᠨ ᠳᠠᠬᠢ ᠤᠯᠠᠨ | ᠵᠤᠷᠪᠤᠰ ᠵᠠᠮ ᠤᠨ ᠤᠰᠤ ᠵᠠᠯᠠᠬᠤ ᠠᠰᠠᠭᠤᠳᠠᠯ ᠢ ᠰᠢᠢᠳᠪᠦᠷᠢᠯᠡᠨ᠎ᠡ᠃ |