ᠴᠢᠩ ᠹᠦ᠋ ᠪᠠᠯᠭᠠᠰᠤᠨ ᠤ ᠶᠢᠨ ᠬᠠᠢ ᠨᠡᠶᠢᠭᠡᠮ ᠲᠣᠭᠤᠷᠢᠭ ᠰᠠᠭᠤᠭᠠᠯᠢ ᠠᠷᠠᠳ ᠲᠤ ᠮᠠᠰᠢᠨᠲᠤ ᠪᠤᠰᠤ ᠲᠡᠷᠭᠡᠨ ᠤ ᠲᠡᠷᠭᠡ ᠵᠣᠭᠰᠤᠭᠠᠬᠤ ᠫᠧᠩ ᠨᠡᠮᠡᠵᠦ ᠥᠭᠪᠡ
ᠨᠡᠶᠢᠲᠡᠯᠡᠭᠰᠡᠨ ᠴᠠᠭ᠄
2022/8/22
     ᠠᠷᠠᠳ ᠢᠷᠭᠡᠳ ᠤᠨ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠬᠤ ᠶᠢᠨ ᠲᠥᠯᠥᠭᠡ᠂ ᠣᠶᠢᠷ᠎ᠠ ᠳᠤ᠂ ᠴᠢᠩ ᠹᠦ᠋ ᠪᠠᠯᠭᠠᠰᠤᠨ ᠤ ᠶᠢᠨ ᠬᠠᠢ ᠨᠡᠶᠢᠭᠡᠮ ᠲᠣᠭᠤᠷᠢᠭ ᠣᠯᠠᠨ ᠲᠦᠮᠡᠨ ᠤ ᠬᠡᠷᠡᠭᠴᠡᠭᠡ ᠶᠢ ᠪᠣᠳᠣᠯᠬᠢᠯᠠᠨ᠂ ᠶᠠᠩ ᠭᠤᠸᠠᠩ ᠱᠠᠩ ᠴᠧᠩ ᠱᠠᠩ ᠾᠧ ᠶᠤᠸᠠᠨ ᠳᠤᠭᠤᠢ ᠲᠡᠷᠭᠡ ᠪᠠ ᠴᠠᠬᠢᠯᠭᠠᠨ ᠬᠥᠳᠡᠯᠭᠡᠭᠦᠷᠲᠦ ᠲᠡᠷᠭᠡᠨ ᠤ ᠵᠣᠭᠰᠣᠭᠠᠯ ᠬᠦᠷᠦᠯᠴᠡᠬᠦ ᠦᠭᠡᠢ ᠪᠠᠶᠢᠬᠤ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠨᠢᠭᠡᠳᠦᠯᠲᠡᠢ ᠲᠥᠯᠥᠪᠵᠢᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠰᠠᠭᠤᠭᠠᠯᠢ ᠠᠷᠠᠳ ᠲᠤ ᠮᠠᠰᠢᠨᠲᠤ ᠪᠤᠰᠤ ᠲᠡᠷᠭᠡᠨ ᠤ ᠲᠡᠷᠭᠡ ᠵᠣᠭᠰᠤᠭᠠᠬᠤ ᠫᠧᠩ ᠢ ᠬᠤᠶᠠᠷ ᠨᠡᠮᠠᠨ ᠪᠠᠶᠢᠭᠤᠯᠵᠦ᠂ ᠰᠠᠭᠤᠭᠠᠯᠢ ᠠᠷᠠᠳ ᠤᠨ ᠲᠡᠷᠭᠡ ᠵᠣᠭᠰᠤᠭᠠᠬᠤ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠵᠡᠢ᠃ ᠲᠡᠷᠭᠡᠨ ᠤ ᠰᠠᠷᠠᠪᠴᠢ ᠶᠢ ᠨᠡᠮᠡᠵᠦ ᠪᠠᠶᠢᠭᠤᠯᠤᠭᠰᠠᠨ ᠨᠢ ᠰᠠᠭᠤᠭᠠᠯᠢ ᠠᠷᠠᠳ ᠲᠤ ᠲᠥᠬᠦᠮ ᠦᠵᠡᠭᠦᠯᠵᠦ᠂ ᠠᠮᠤᠷ ᠲᠦᠪᠰᠢᠨ᠂ ᠴᠡᠪᠡᠷ ᠲᠡᠭᠰᠢ ᠨᠡᠶᠢᠭᠡᠮ ᠲᠣᠭᠤᠷᠢᠭ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠣᠶ ᠪᠣᠯᠭᠠᠵᠠᠢ᠃ ᠳᠠᠷᠠᠭᠠᠴᠢ ᠶᠢᠨ ᠠᠯᠬᠤᠮ ᠳᠤ᠂ ᠨᠡᠶᠢᠭᠡᠮ ᠲᠣᠭᠤᠷᠢᠭ ᠤᠨ  ᠬᠢᠨ ᠦᠷᠭᠦᠯᠵᠢᠯᠡᠨ ᠤᠯᠠᠨ ᠲᠦᠮᠡᠨ ᠤ ᠪᠣᠳᠠᠲᠤ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠤᠯᠠᠨ ᠲᠦᠮᠡᠨ ᠳᠤ ᠨᠡᠩ ᠤᠯᠠᠨ ᠪᠣᠳᠠᠲᠤ ᠶᠠᠪᠤᠳᠠᠯ ᠰᠠᠶᠢᠨ ᠶᠠᠪᠤᠳᠠᠯ ᠬᠢᠵᠦ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号