ᠴᠢᠩᠱᠠᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ
ᠨᠡᠶᠢᠲᠡᠯᠡᠭᠰᠡᠨ ᠴᠠᠭ᠄
2022/8/23
     ᠭᠤᠣᠯ ᠡᠭᠦᠷᠭᠡ ᠬᠠᠷᠢᠭᠤᠴᠠᠯᠭ᠎ᠠ᠄      ︵ᠨᠢᠭᠡ︶ ᠨᠠᠮ ᠤᠨ ᠦᠨᠳᠦᠰᠦᠲᠡᠨ ᠤ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠪᠠ ᠲᠤᠭᠤᠷᠢᠭ ᠤᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠣᠨᠣᠯ᠂ ᠦᠨᠳᠦᠰᠦᠲᠡᠨ ᠤ ᠠᠵᠢᠯ ᠤᠨ ᠴᠢᠬᠤᠯᠠ ᠶᠡᠭᠡ ᠶᠠᠪᠤᠳᠠᠯ ᠳᠤ ᠪᠠᠶᠢᠴᠠᠭᠠᠨ ᠰᠤᠳᠤᠯᠤᠯᠲᠠ ᠬᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠴᠢᠩᠱᠠᠨ ᠲᠣᠭᠤᠷᠢᠭ ᠤᠨ ᠦᠨᠳᠦᠰᠦᠲᠡᠨ ᠤ ᠪᠠ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠥᠰᠥᠭ ᠪᠢᠴᠢᠭ ᠤᠨ ᠠᠵᠢᠯ ᠤᠨ ᠬᠠᠮᠢᠶ᠎ᠠ ᠪᠦᠬᠦᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠨ᠎ᠡ᠃ ᠦᠨᠳᠦᠰᠦᠲᠡᠨ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠬᠡᠷᠡᠭ ᠶᠠᠪᠤᠳᠠᠯ ᠤᠨ ᠬᠠᠮᠢᠶᠠᠷᠤᠯᠲᠠ ᠳᠤ ᠬᠤᠯᠪᠣᠭᠳᠠᠬᠤ ᠬᠠᠤᠯᠢ ᠲᠣᠭᠲᠠᠭᠠᠯ᠂ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠦᠨᠳᠦᠰᠦᠲᠡᠨ ᠤ ᠤᠨᠤᠯ᠂ ᠦᠨᠳᠦᠰᠦᠲᠡᠨ ᠤ ᠲᠦᠷᠦ ᠶᠢᠨ ᠪᠣᠳᠣᠯᠭ᠎ᠠ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃      ︵ᠬᠤᠶᠠᠷ︶ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠴᠥᠭᠡᠨ ᠲᠣᠭᠠᠲᠤ ᠦᠨᠳᠦᠰᠦᠲᠡᠨ ᠤ ᠡᠷᠬᠡ ᠠᠰᠢᠭ ᠤᠨ ᠬᠡᠷᠡᠭ ᠶᠠᠪᠤᠳᠠᠯ ᠢ ᠰᠢᠢᠳᠪᠦᠷᠢᠯᠡᠬᠦ ᠳᠤ ᠬᠢᠨᠠᠯᠲᠠ ᠲᠠᠯᠪᠢᠵᠤ᠂ ᠴᠥᠭᠡᠨ ᠲᠣᠭᠠᠲᠤ ᠦᠨᠳᠦᠰᠦᠲᠡᠨ ᠤ ᠬᠠᠤᠯᠢ ᠶᠣᠰᠣᠨ ᠤ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ ᠠᠵᠢᠯ ᠤᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠨᠳᠦᠰᠦᠲᠡᠨ ᠤ ᠬᠠᠷᠢᠴᠠᠭᠠᠨ ᠳᠠᠬᠢ ᠴᠢᠬᠤᠯᠠ ᠵᠦᠢᠯᠡᠰ ᠢ ᠵᠣᠬᠢᠴᠠᠭᠤᠯᠤᠨ ᠰᠢᠢᠳᠪᠦᠷᠢᠯᠡᠵᠦ᠂ ᠮᠠᠨ ᠤ ᠲᠤᠭᠤᠷᠢᠭ ᠤᠨ ᠨᠡᠶᠢᠭᠡᠮ ᠤᠨ ᠲᠣᠭᠲᠠᠭᠤᠨ ᠢ ᠵᠣᠬᠢᠴᠠᠭᠤᠯᠤᠨ ᠬᠠᠮᠠᠭᠠᠯᠠᠬᠤ ᠠᠵᠢᠯ ᠳᠤ ᠣᠷᠣᠯᠴᠠᠨ᠂ ᠦᠨᠳᠦᠰᠦᠲᠡᠨ ᠨᠦᠭᠦᠳ ᠤᠨ ᠬᠠᠮᠲᠤᠪᠠᠷ ᠪᠦᠯᠬᠦᠮᠳᠡᠨ ᠲᠡᠮᠡᠴᠡᠬᠦ᠂ ᠬᠠᠮᠲᠤᠪᠠᠷ ᠴᠡᠴᠡᠭᠯᠡᠨ ᠬᠥᠭᠵᠢᠬᠦ ᠶᠢ ᠠᠬᠢᠭᠤᠯᠵᠤ᠂ ᠤᠯᠤᠰ ᠣᠷᠣᠨ ᠤ ᠨᠢᠭᠡᠳᠦᠯ ᠢ ᠬᠠᠮᠠᠭᠠᠯᠠᠨ᠎ᠠ᠃      ︵ᠭᠤᠷᠪᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠦᠨᠳᠦᠰᠦᠲᠡᠨ ᠤ ᠠᠵᠢᠯ ᠤᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠣᠬᠢᠴᠠᠭᠤᠯᠤᠨ ᠱᠠᠯᠠᠪᠳᠠᠭᠤᠯᠬᠤ ᠶᠢ ᠬᠠᠷᠢᠭᠤᠴᠠᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠠᠵᠤ ᠠᠬᠤᠢ ᠶᠢᠨ ᠬᠥᠭᠵᠢᠯᠲᠡ ᠪᠠ ᠨᠡᠶᠢᠭᠡᠮ ᠤᠨ ᠠᠵᠢᠯ ᠦᠢᠯᠡᠰ ᠤᠨ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠳᠠᠬᠢ ᠬᠡᠷᠡᠭᠵᠢᠭᠦᠯᠬᠦ ᠪᠠ ᠵᠣᠯᠭᠠᠭᠤᠯᠬᠤ ᠶᠢ ᠠᠬᠢᠭᠤᠯᠤᠨ᠎ᠠ᠃ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠵᠢᠯ  ᠢ ᠰᠠᠶᠢᠲᠦᠷ ᠬᠢᠨ᠎ᠡ᠃ ᠦᠨᠳᠦᠰᠦᠲᠡᠨ ᠤ ᠠᠷᠠᠯᠵᠢᠶ᠎ᠠ᠂ ᠦᠨᠳᠦᠰᠦᠲᠡᠨ ᠤ ᠣᠨᠴᠠ ᠬᠡᠷᠡᠭᠴᠡᠭᠡᠨ ᠤ ᠡᠳ᠋ᠯᠡᠯ ᠤᠨ ᠦᠢᠯᠡᠳᠪᠦᠷᠢᠯᠡᠯ ᠢ ᠵᠣᠬᠢᠴᠠᠭᠤᠯᠬᠤ ᠵᠡᠷᠭᠡ ᠬᠠᠮᠢᠶ᠎ᠠ ᠪᠦᠬᠦᠢ ᠠᠵᠢᠯ ᠳᠤ ᠣᠷᠣᠯᠴᠠᠵᠤ᠂ ︽ᠯᠠᠯᠤ ᠶᠢᠨ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠢ ᠬᠢᠨᠠᠨ ᠵᠥᠪᠰᠢᠶᠡᠷᠡᠬᠦ ᠵᠢᠴᠢ ᠯᠠᠯᠤ ᠶᠢᠨ ᠢᠳᠡᠭᠡᠨ ᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ ᠦᠨᠳᠦᠰᠦᠲᠡᠨ ᠤ ᠪᠦᠷᠢᠯᠳᠦᠭᠦᠨ ᠢ ᠬᠠᠯᠠᠨ ᠥᠭᠡᠷᠡᠴᠢᠯᠡᠬᠦ ᠶᠢ ᠬᠢᠨᠠᠨ ᠬᠠᠷᠭᠤᠭᠤᠯᠬᠤ ᠠᠵᠢᠯ ᠢ ᠳᠠᠭᠠᠭᠠᠨ ᠭᠦᠢᠴᠡᠳᠭᠡᠨ᠎ᠡ᠃      ︵ᠳᠥᠷᠪᠡ︶ ᠴᠥᠭᠡᠨ ᠲᠣᠭᠠᠲᠤ ᠦᠨᠳᠦᠰᠦᠲᠡᠨ ᠤ ᠦᠢᠯᠡᠰ ᠵᠡᠷᠭᠡ ᠲᠤᠰᠬᠠᠢ ᠵᠦᠢᠯ ᠤᠨ ᠲᠥᠯᠦᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠪᠥᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠬᠠᠮᠢᠶ᠎ᠠ ᠪᠦᠬᠦᠢ ᠬᠦᠷᠢᠶᠡᠨ ᠤ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠲᠤ ᠣᠷᠣᠯᠴᠠᠵᠤ᠂ ᠦᠨᠳᠦᠰᠦᠲᠡᠨ ᠤ ᠬᠡᠷᠡᠭ ᠶᠠᠪᠤᠳᠠᠯ   ᠤᠨ ᠦᠢᠯᠡᠴᠢᠯᠡᠭᠡᠨ ᠤ ᠰᠢᠰᠲ᠋ᠧᠮᠵᠢ ᠪᠠ ᠦᠨᠳᠦᠰᠦᠲᠡᠨ ᠤ ᠬᠡᠷᠡᠭ ᠶᠠᠪᠤᠳᠠᠯ   ᠤᠨ ᠬᠠᠮᠢᠶᠠᠷᠤᠯᠲᠠ ᠶᠢᠨ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃      ︵ᠲᠠᠪᠤ︶ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠪᠥᠬᠦ ᠲᠤᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠶᠢᠰᠢᠶᠠᠨ ᠬᠥᠬᠢᠭᠦᠯᠬᠦ ᠠᠵᠢᠯᠯᠠᠭ᠎ᠠ ᠶᠢ ᠳᠠᠭᠠᠭᠠᠨ ᠭᠦᠢᠴᠡᠳᠬᠡᠨ᠎ᠡ᠃      ︵ᠵᠢᠷᠭᠤᠭ᠎ᠠ︶ ᠪᠥᠬᠦ ᠲᠤᠭᠤᠷᠢᠭ ᠤᠨ ᠮᠣᠩᠭᠤᠯ ᠦᠭᠡ ᠬᠡᠯᠡ ᠥᠰᠥᠭ ᠪᠢᠴᠢᠭ ᠤᠨ ᠠᠵᠢᠯ ᠢ ᠬᠤᠷᠸ᠎ᠠ ᠲᠠᠯ᠎ᠠ ᠠᠴᠠ ᠬᠠᠮᠢᠶᠠᠷᠴᠤ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠥᠰᠥᠭ ᠪᠢᠴᠢᠭ ᠢ ᠰᠤᠷᠤᠯᠴᠠᠬᠤ᠂ ᠬᠡᠷᠡᠭᠯᠡᠬᠦ᠂ ᠰᠤᠳᠤᠯᠬᠤ᠂ ᠬᠥᠭᠵᠢᠭᠦᠯᠬᠦ᠂ ᠤᠯᠠᠮᠵᠢᠯᠠᠬᠤ ᠵᠡᠷᠭᠡ ᠠᠵᠢᠯ ᠢ ᠵᠢᠯᠣᠭᠤᠳᠤᠨ ᠬᠠᠮᠢᠶᠠᠷᠤᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾ ᠶᠢ ᠬᠡᠷᠡᠭᠵᠢᠭᠦᠯᠬᠦ ᠠᠷᠭ᠎ᠠ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠦᠷ ᠬᠢᠨ᠎ᠡ᠃ ᠮᠣᠩᠭᠤᠯ ᠬᠡᠯᠡ ᠪᠢᠴᠢᠭ ᠰᠤᠷᠴᠤ ᠬᠡᠷᠡᠭᠯᠡᠬᠦ ᠶᠢ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠳᠠᠭᠠᠭᠠᠨ ᠡᠷᠭᠢᠯᠡᠨ᠎ᠡ᠃ ᠮᠣᠩᠭᠤᠯ ᠦᠭᠡ ᠬᠡᠯᠡ ᠥᠰᠥᠭ ᠪᠢᠴᠢᠭ ᠤᠨ ᠮᠡᠳᠡᠭᠡ ᠵᠠᠩᠭᠢᠵᠢᠯᠲᠠ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ︔      ︵ᠳᠣᠯᠤᠭ᠎ᠠ︶ ᠦᠨᠳᠦᠰᠦᠲᠡᠨ ᠤ ᠬᠡᠷᠡᠭ ᠶᠠᠪᠤᠳᠠᠯ ᠳᠤ ᠬᠤᠯᠪᠣᠭᠳᠠᠬᠤ ᠭᠠᠳᠠᠭᠠᠳᠤ ᠤᠬᠠᠭᠤᠯᠭ᠎ᠠ ᠶᠢᠨ ᠠᠵᠢᠯ ᠳᠤ ᠣᠷᠣᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠬᠤᠯᠠ ᠶᠡᠭᠡ ᠦᠨᠳᠦᠰᠦᠲᠡᠨ ᠤ ᠰᠣᠶᠣᠯ ᠤᠨ ᠠᠵᠢᠯᠯᠠᠭ᠎ᠠ ᠶᠢ ᠡᠷᠭᠢᠯᠡᠬᠦ ᠪᠠ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠠᠵᠢᠯ ᠢ ᠳᠠᠭᠠᠭᠠᠨ ᠡᠷᠭᠢᠯᠡᠨ᠎ᠡ᠃      ︵ᠨᠠᠢᠮᠠ︶ ᠲᠤᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠲᠤᠰᠢᠶᠠᠯ ᠬᠠᠪᠰᠤᠷᠭᠠᠭᠰᠠᠨ ᠭᠡᠰᠢᠭᠦᠨ ᠤ ᠳᠦᠷᠢᠮ ᠢ ᠬᠡᠷᠡᠭᠵᠢᠭᠦᠯᠦᠨ ᠠᠬᠢᠭᠤᠯᠵᠤ᠂ ᠭᠡᠰᠢᠭᠦᠨ ᠨᠢᠭᠡᠴᠡ ᠲᠠᠢ ᠬᠠᠷᠢᠯᠴᠠᠨ᠎ᠠ᠃ ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠲᠣᠭᠲᠠᠭᠠᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠪᠠ ᠴᠥᠭᠡᠨ ᠲᠣᠭᠠᠲᠤ ᠦᠨᠳᠦᠰᠦᠲᠡᠨ ᠤ ᠲᠥᠯᠥᠭᠡᠯᠡᠭᠴᠢ ᠬᠥᠮᠥᠰ ᠲᠠᠢ ᠬᠠᠷᠢᠯᠴᠠᠨ᠎ᠠ᠃      ︵ᠶᠢᠰᠦ︶ ︽ᠠᠵᠢᠯ ᠲᠥᠷᠥᠯ ᠢ ᠬᠠᠮᠢᠶᠠᠷᠴᠤ ᠠᠶᠦᠯᠭᠦᠢ ᠶᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠴᠤ ᠠᠶᠦᠯᠭᠦᠢ ᠶᠢ ᠬᠠᠮᠢᠶᠠᠷᠬᠤ᠂ ᠦᠢᠯᠡᠳᠪᠦᠷᠢᠯᠡᠯ ᠢ ᠬᠠᠮᠢᠶᠠᠷᠴᠤ ᠠᠶᠦᠯᠭᠦᠢ ᠶᠢ ᠬᠠᠮᠢᠶᠠᠷᠬᠤ︾ ᠵᠢᠴᠢ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠵᠠᠷᠴᠢᠮ ᠤᠨ ᠶᠣᠰᠣᠭᠠᠷ ᠲᠤᠰ ᠨᠢᠭᠡᠴᠡ ᠶᠢᠨ ᠢᠶᠠᠨ ᠠᠶᠦᠯᠭᠦᠢ ᠦᠢᠯᠡᠳᠪᠦᠷᠢᠯᠡᠯ ᠪᠠ ᠭᠠᠯ ᠤᠨᠲᠠᠷᠠᠭᠠᠬᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠲᠠᠪᠦᠷᠢᠵᠢᠭᠤᠯᠤᠨ᠎ᠠ᠃      ︵ᠠᠷᠪᠠ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠳᠠᠭᠠᠭᠠᠯᠭᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠦᠨ᠎ᠡ᠃      ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄      ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠵᠣᠬᠢᠴᠠᠭᠤᠯᠬᠤ ᠪᠠ ᠱᠠᠯᠠᠪᠳᠠᠭᠤᠯᠤᠨ ᠰᠢᠢᠳᠪᠦᠷᠢᠯᠡᠭᠦᠯᠬᠦ ᠶᠢ ᠬᠠᠷᠢᠭᠤᠴᠠᠨ᠎ᠠ᠄ ᠮᠡᠳᠡᠭᠡ ᠵᠠᠩᠭᠢ᠂ ᠨᠢᠭᠤᠴᠠ ᠶᠢ ᠬᠠᠮᠠᠭᠠᠯᠠᠬᠤ᠂ ᠡᠳ᠋ ᠤᠨ ᠶᠠᠪᠤᠳᠠᠯ᠂ ᠲᠠᠩᠰᠠ ᠡᠪᠬᠡᠮᠡᠯ᠂ ᠵᠠᠬᠢᠳᠠᠯ ᠰᠣᠷᠪᠤᠯᠵᠢᠯᠠᠭ᠎ᠠ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠪᠠ ᠠᠵᠢᠯ ᠦᠢᠯᠡᠰ ᠤᠨ ᠨᠢᠭᠡᠴᠡ ᠶᠢᠨ ᠨᠠᠮ ᠤᠨ ᠪᠠᠶᠢᠭᠤᠯᠤᠯᠲᠠ᠂ ᠰᠠᠬᠢᠯᠭ᠎ᠠ ᠪᠠᠲᠤ ᠪᠠᠶᠢᠴᠠᠭᠠᠬᠤ᠂ ᠦᠵᠡᠯ ᠤᠬᠠᠮᠰᠠᠷ ᠤᠨ ᠬᠡᠯᠪᠡᠷᠢ᠂ ᠤᠶᠤᠨ ᠤ ᠪᠣᠯᠪᠠᠰᠤᠨ᠂ ᠲᠥᠯᠥᠪᠯᠡᠭᠡ ᠲᠠᠢ ᠪᠠᠷ ᠬᠡᠦᠬᠡᠳ ᠠᠪᠬᠤ᠂ ᠤᠯᠠᠨ ᠲᠦᠮᠡᠨ ᠤ ᠪᠦᠯᠬᠦᠮ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠥᠰ ᠤᠨ ᠬᠠᠮᠢᠶᠠᠷᠤᠯᠲᠠ ᠦᠢᠯᠡᠴᠢᠯᠡᠭᠡ ᠵᠡᠷᠭᠡ ᠠᠵᠢᠯ ᠢ ᠬᠠᠷᠢᠭᠤᠴᠠᠨ᠎ᠠ᠃ ᠴᠥᠭᠡᠨ ᠲᠣᠭᠠᠲᠤ ᠦᠨᠳᠦᠰᠦᠲᠡᠨ ᠤ ᠴᠢᠬᠤᠯᠠ ᠰᠤᠷᠤᠯᠴᠠᠯᠭ᠎ᠠ᠂ ᠲᠣᠭᠤᠷᠢᠨ ᠦᠵᠡᠬᠦ᠂ ᠰᠢᠨᠵᠢᠯᠡᠨ ᠪᠠᠶᠢᠴᠠᠭᠠᠬᠤ ᠵᠡᠷᠭᠡ ᠶᠠᠪᠤᠳᠠᠯ ᠤᠨ ᠪᠣᠳᠠᠲᠠᠢ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠪᠠ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ᠂ ᠬᠥᠳᠡᠯᠮᠦᠷᠢ ᠴᠠᠯᠢᠩ᠂ ᠪᠠᠶᠢᠭᠤᠯᠤᠮᠵᠢ ᠶᠢᠨ ᠣᠷᠣᠨ ᠲᠤᠭ᠎ᠠ᠂ ᠺᠠᠳ᠋ᠷ ᠤᠨ ᠬᠥᠮᠦᠵᠢᠯ ᠪᠤᠯᠪᠠᠰᠤᠷᠠᠯ ᠵᠡᠷᠭᠡ ᠠᠵᠢᠯ ᠢ ᠬᠠᠷᠢᠭᠤᠴᠠᠨ᠎ᠠ᠃ ︽ᠠᠵᠢᠯ ᠲᠥᠷᠥᠯ ᠢ ᠬᠠᠮᠢᠶᠠᠷᠴᠤ ᠠᠶᠦᠯᠭᠦᠢ ᠶᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠴᠤ ᠠᠶᠦᠯᠭᠦᠢ ᠶᠢ ᠬᠠᠮᠢᠶᠠᠷᠬᠤ᠂ ᠦᠢᠯᠡᠳᠪᠦᠷᠢᠯᠡᠯ ᠢ ᠬᠠᠮᠢᠶᠠᠷᠴᠤ ᠠᠶᠦᠯᠭᠦᠢ ᠶᠢ ᠬᠠᠮᠢᠶᠠᠷᠬᠤ︾ ᠵᠢᠴᠢ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠵᠠᠷᠴᠢᠮ ᠶᠣᠰᠣᠭᠠᠷ ᠲᠣᠰ ᠨᠢᠭᠡᠴᠡ ᠶᠢᠨ ᠢᠶᠠᠨ ᠠᠶᠦᠯᠭᠦᠢ ᠦᠢᠯᠡᠳᠪᠦᠷᠢᠯᠡᠯ ᠪᠠ ᠭᠠᠯ ᠤᠨᠲᠠᠷᠠᠭᠠᠬᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃      ︵ᠬᠤᠶᠠᠷ︶ ᠦᠨᠳᠦᠰᠦᠲᠡᠨ ᠤ ᠬᠡᠷᠡᠭ ᠡᠷᠬᠢᠯᠡᠬᠦ ᠲᠠᠰᠤᠭ᠃ ᠪᠥᠬᠦ ᠲᠤᠭᠤᠷᠢᠭ ᠤᠨ ᠴᠥᠭᠡᠨ ᠲᠣᠭᠠᠲᠤ ᠦᠨᠳᠦᠰᠦᠲᠡᠨ ᠤ ᠠᠵᠤ ᠠᠬᠤᠢ ᠶᠢᠨ ᠬᠥᠭᠵᠢᠯᠲᠡ ᠶᠢᠨ ᠤᠨᠴᠠᠭᠠᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠵᠣᠬᠢᠴᠠᠭᠤᠯᠬᠤ ᠪᠤᠶᠤ ᠬᠠᠮᠵᠢᠯᠴᠠᠵᠤ ᠪᠠᠶᠢᠭᠠᠳ ᠪᠣᠳᠠᠲᠠᠢ ᠤᠴᠢᠷ ᠢ ᠰᠢᠢᠳᠪᠦᠷᠢᠯᠡᠨ᠎ᠡ᠃ ᠦᠨᠳᠦᠰᠦᠲᠡᠨ ᠤ ᠠᠵᠢᠯ ᠤᠨ ᠲᠠᠯ᠎ᠠ ᠪᠠᠷ ᠬᠢ ᠬᠤᠯᠪᠣᠭᠳᠠᠯ ᠪᠦᠬᠦᠢ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠦᠨᠳᠦᠰᠦᠲᠡᠨ ᠤ ᠲᠦᠷᠦ ᠶᠢᠨ ᠪᠣᠳᠣᠯᠭ᠎ᠠ᠂ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠪᠠ ᠬᠥᠬᠢᠭᠦᠯᠦᠨ ᠰᠠᠶᠢᠰᠢᠶᠠᠬᠤ ᠠᠵᠢᠯ ᠢ ᠳᠠᠭᠠᠭᠠᠨ ᠡᠷᠭᠢᠯᠡᠨ᠎ᠡ᠃ ᠴᠥᠭᠡᠨ ᠲᠣᠭᠠᠲᠤ ᠦᠨᠳᠦᠰᠦᠲᠡᠨ ᠤ ᠵᠠᠩ ᠳᠠᠳᠬᠠᠯ ᠢ ᠬᠦᠨᠳᠦᠳᠬᠡᠬᠦ ᠳᠤ ᠬᠤᠯᠪᠣᠭᠳᠠᠬᠤ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠦᠨᠳᠦᠰᠦᠲᠡᠨ ᠤ ᠪᠦᠷᠢᠯᠳᠦᠭᠦᠨ ᠢ ᠥᠭᠡᠷᠡᠴᠢᠯᠡᠬᠦ ᠶᠠᠪᠤᠳᠠᠯ ᠢ ᠮᠡᠳᠡᠭᠦᠯᠦᠨ᠎ᠡ᠃ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢᠨ ᠬᠠᠮᠢᠶᠠᠷᠤᠯᠲᠠ ᠪᠠ ᠶᠠᠳᠠᠭᠤ ᠶᠢ ᠲᠡᠳᠬᠦᠬᠦ ᠠᠵᠢᠯ ᠢ ᠰᠠᠶᠢᠲᠤᠷ ᠬᠢᠨ᠎ᠡ᠃ ᠦᠨᠳᠦᠰᠦᠲᠡᠨ ᠤ ᠠᠷᠠᠯᠵᠢᠶ᠎ᠠ᠂ ᠦᠨᠳᠦᠰᠦᠲᠡᠨ ᠤ ᠣᠨᠴᠠ ᠬᠡᠷᠡᠭᠴᠡᠭᠡᠨ ᠤ ᠲᠠᠸᠠᠷ ᠤᠨ ᠦᠢᠯᠡᠳᠪᠦᠷᠢᠯᠡᠯ ᠵᠡᠷᠭᠡ ᠬᠤᠯᠪᠣᠭᠳᠠᠯ ᠪᠦᠬᠦᠢ ᠠᠵᠢᠯ ᠢ ᠵᠣᠬᠢᠴᠠᠭᠤᠯᠬᠤ ᠳᠤ ᠣᠷᠣᠯᠴᠠᠨ᠎ᠠ᠃ ᠲᠤᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠲᠤᠰᠢᠶᠠᠯ ᠬᠠᠪᠰᠤᠷᠭᠠᠭᠰᠠᠨ ᠭᠡᠰᠢᠭᠦᠨ ᠤ ᠳᠦᠷᠢᠮ ᠢ ᠬᠡᠷᠡᠭᠵᠢᠭᠦᠯᠦᠨ᠂ ᠭᠡᠰᠢᠭᠦᠨ ᠨᠢᠭᠡᠴᠡ ᠲᠠᠢ ᠬᠠᠷᠢᠯᠴᠠᠬᠤ ᠶᠢ ᠠᠬᠢᠭᠤᠯᠤᠨ᠎ᠠ᠃ ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠲᠣᠭᠲᠠᠭᠠᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠪᠠ ᠴᠥᠭᠡᠨ ᠲᠣᠭᠠᠲᠤ ᠦᠨᠳᠦᠰᠦᠲᠡᠨ ᠤ ᠲᠥᠯᠥᠭᠡᠯᠡᠭᠴᠢ ᠬᠥᠮᠥᠰ ᠲᠠᠢ ᠦᠨᠳᠦᠰᠦᠲᠡᠨ ᠤ ᠬᠡᠷᠡᠭ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠪᠠ ᠦᠨᠳᠦᠰᠦᠲᠡᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠦᠨ᠎ᠡ᠃ ᠦᠨᠳᠦᠰᠦᠲᠡᠨ ᠤ ᠠᠵᠢᠯ ᠵᠢᠴᠢ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠦᠷᠦ ᠶᠢᠨ ᠪᠣᠳᠣᠯᠭ᠎ᠠ᠂ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠡᠭᠦᠷᠭᠡᠯᠡᠨ᠎ᠡ᠃ ᠦᠨᠳᠦᠰᠦᠲᠡᠨ ᠤ ᠬᠠᠷᠢᠴᠠᠭᠠᠨ ᠤ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢᠨ ᠠᠰᠠᠭᠤᠳᠠᠯ ᠢ ᠰᠤᠳᠤᠯᠵᠤ᠂ ᠬᠤᠯᠪᠣᠭᠳᠠᠯ ᠪᠦᠬᠦᠢ ᠵᠣᠬᠢᠴᠠᠭᠤᠯᠤᠨ ᠰᠢᠢᠳᠪᠦᠷᠢᠯᠡᠬᠦ ᠠᠵᠢᠯ ᠢ ᠡᠭᠦᠷᠭᠡᠯᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠦᠨᠳᠦᠰᠦᠲᠡᠨ ᠤ ᠠᠵᠢᠯ ᠤᠨ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠣᠬᠢᠴᠠᠭᠤᠯᠤᠨ ᠱᠠᠯᠠᠪᠳᠠᠭᠤᠯᠬᠤ ᠶᠢ ᠬᠠᠷᠢᠭᠤᠴᠠᠨ᠎ᠠ᠃ ︽ᠯᠠᠯᠤ ᠶᠢᠨ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠢ ᠬᠢᠨᠠᠨ ᠵᠥᠪᠰᠢᠶᠡᠷᠡᠬᠦ ᠵᠢᠴᠢ ᠪᠦᠬᠦ ᠲᠤᠭᠤᠷᠢᠭ ᠤᠨ ᠯᠠᠯᠤ ᠶᠢᠨ ᠢᠳᠡᠭᠡᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠥᠬᠦ ᠲᠤᠭᠤᠷᠢᠭ ᠤᠨ ᠮᠣᠩᠭᠤᠯ ᠦᠭᠡ ᠬᠡᠯᠡ ᠥᠰᠥᠭ ᠪᠢᠴᠢᠭ ᠢ ᠰᠤᠷᠤᠯᠴᠠᠬᠤ᠂ ᠬᠡᠷᠡᠭᠯᠡᠬᠦ᠂ ᠰᠤᠳᠤᠯᠬᠤ ᠪᠠ ᠬᠥᠭᠵᠢᠭᠦᠯᠬᠦ ᠵᠡᠷᠭᠡ ᠠᠵᠢᠯ ᠢ ᠵᠢᠯᠣᠭᠤᠳᠤᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾ ᠶᠢ ᠬᠡᠷᠡᠭᠵᠢᠭᠦᠯᠬᠦ ᠠᠷᠭ᠎ᠠ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠦᠷ ᠬᠢᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠣᠷᠴᠢᠭᠤᠯᠭ᠎ᠠ ᠶᠢᠨ ᠠᠵᠢᠯᠲᠠᠨ ᠤ ᠲᠤᠰᠬᠠᠢ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠰᠠᠶᠢᠲᠤᠷ ᠬᠢᠨ᠎ᠡ᠃ ᠮᠣᠩᠭᠤᠯ ᠦᠭᠡ ᠬᠡᠯᠡ ᠥᠰᠥᠭ ᠪᠢᠴᠢᠭ ᠰᠤᠷᠴᠤ ᠬᠡᠷᠡᠭᠯᠡᠬᠦ ᠶᠢ ᠰᠠᠶᠢᠰᠢᠶᠠᠨ ᠬᠥᠬᠢᠭᠦᠯᠬᠦ ᠠᠵᠢᠯᠯᠠᠭ᠎ᠠ ᠶᠢ ᠡᠭᠦᠷᠭᠡᠯᠡᠨ᠎ᠡ᠃ ᠮᠣᠩᠭᠤᠯ ᠦᠭᠡ ᠬᠡᠯᠡ ᠥᠰᠥᠭ ᠪᠢᠴᠢᠭ ᠤᠨ ᠮᠡᠳᠡᠭᠡ ᠵᠠᠩᠭᠢᠵᠢᠭᠤᠯᠬᠤ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠬᠤᠯᠠ ᠶᠡᠭᠡ ᠦᠨᠳᠦᠰᠦᠲᠡᠨ ᠤ ᠰᠣᠶᠣᠯ ᠤᠨ ᠠᠵᠢᠯᠯᠠᠭ᠎ᠠ ᠡᠷᠬᠢᠯᠡᠬᠦ ᠪᠠ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠠᠵᠢᠯ ᠢ ᠳᠠᠭᠠᠭᠠᠨ ᠬᠢᠨ᠎ᠡ᠃      ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ᠄      ᠯᠢᠦ ᠰᠢᠤᠸᠠᠢ ᠴᠢᠩ       ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ      ᠪᠦᠬᠦ ᠲᠤᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠠᠵᠢᠯ ᠢ ᠡᠷᠬᠢᠯᠡᠨ᠎ᠡ      ᠯᠢᠦ ᠼᠠᠢ ᠯᠧ       ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠬᠢᠯᠡᠭᠴᠢ      ᠡᠷᠬᠢᠯᠡᠭᠴᠢ ᠶᠢᠨ ᠠᠵᠢᠯ ᠢ ᠬᠠᠪᠰᠤᠷᠤᠨ ᠠᠯᠪᠠᠨ ᠭᠡᠷ᠂ ᠦᠨᠳᠦᠰᠦᠲᠡᠨ ᠤ ᠬᠡᠷᠡᠭ ᠡᠷᠬᠢᠯᠡᠬᠦ ᠲᠠᠰᠤᠭ ᠢ ᠬᠤᠪᠢᠳᠠᠨ ᠬᠠᠮᠢᠶᠠᠷᠤᠨ᠎ᠠ      ᠠᠵᠢᠯᠯᠠᠬᠤ ᠬᠠᠶ᠋ᠢᠭ᠄ ᠴᠢᠩᠱᠠᠨ ᠲᠣᠭᠤᠷᠢᠭ ᠤᠨ ᠰᠢᠩ ᠱᠧᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠠᠰᠠᠷ ᠤᠨ 11 ᠳ᠋ᠤᠭᠡᠷ ᠠᠰᠠᠷ      ᠠᠵᠢᠯᠯᠠᠬᠤ ᠴᠠᠭ᠄ ᠦᠳᠡ ᠶᠢᠨ ᠡᠮᠦᠨ᠎ᠡ᠄ 8᠄ 30 ︱ 12᠄ 00    ᠦᠳᠡ ᠶᠢᠨ ᠬᠤᠶᠢᠨ᠎ᠠ  ᠄ 2᠄ 30 ︱ 5᠄ 30      ᠬᠠᠷᠢᠯᠴᠠᠬᠤ ᠤᠲᠠᠰᠤ᠄ 0472 ︱ 6961105      ᠬᠠᠷᠢᠭᠤᠴᠠᠯᠭᠠᠲᠠᠨ᠄ ᠯᠢᠦ ᠼᠠᠢ ᠯᠧ
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号