ᠪᠤᠭᠤᠲᠤ ᠬᠤᠲᠠ ᠶᠢᠨ ᠵᠠᠯᠠᠭᠤᠴᠤᠳ ᠪᠠᠭᠠᠴᠤᠳ ᠤᠨ ᠬᠦᠭᠵᠢᠭᠦᠯᠦᠯᠲᠡ ᠶᠢᠨ ᠲᠥᠪ ᠵᠣᠨ ᠤ ᠠᠮᠠᠷᠠᠯᠲᠠ ᠶᠢᠨ ᠬᠤᠭᠤᠴᠠᠭᠠᠨ ᠳᠤ ᠪᠠᠶᠠᠯᠢᠭ ᠰᠠᠶᠢᠬᠠᠨ ᠬᠦᠳᠡᠯᠭᠡᠭᠡᠨ ᠢ ᠦᠷᠨᠢᠭᠦᠯᠪᠡ
ᠨᠡᠶᠢᠲᠡᠯᠡᠭᠰᠡᠨ ᠴᠠᠭ᠄
2022/8/3
     ᠵᠤᠨ ᠤ ᠠᠮᠠᠷᠠᠯᠲᠠ ᠶᠢᠨ ᠬᠤᠭᠤᠴᠠᠭᠠᠨ ᠳᠤ᠂ ᠪᠤᠭᠤᠲᠤ ᠬᠤᠳᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠵᠠᠯᠭᠠᠭ᠎ᠠ ᠪᠠᠷ ᠵᠠᠯᠠᠭᠤᠴᠤᠳ ᠪᠠᠭᠠᠴᠤᠳ ᠤᠨ ᠬᠦᠭᠵᠢᠭᠦᠯᠦᠯᠲᠡ ᠶᠢᠨ ᠲᠥᠪ ᠲᠤ ᠬᠦᠷᠴᠦ ᠰᠢᠲᠠᠷ᠎ᠠ᠂ ᠫᠢᠩᠫᠠᠩ ᠪᠥᠮᠪᠦᠭᠡ᠂ ᠬᠠᠳᠠ ᠮᠠᠴᠤᠬᠤ᠂ ᠴᠠᠰᠤᠨ ᠳᠤ ᠭᠤᠯᠭᠤᠬᠤ᠂ ᠦᠭᠡ ᠬᠡᠯᠡ ᠤᠷᠠᠯᠢᠭ᠂ ᠬᠡᠦᠬᠡᠳ ᠤᠨ ᠨᠠᠶᠢᠷᠠᠯ ᠳᠠᠭᠤᠤ᠂ ᠪᠥᠵᠢᠭ᠂ ᠲᠡᠭᠦᠯᠳᠡᠷ ᠬᠤᠭᠤᠷ᠂ ᠤᠷᠠᠨ ᠪᠢᠴᠢᠯᠭᠡ᠂ ᠤᠷᠠᠨ ᠵᠢᠷᠤᠭ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠠᠷᠪᠠᠨ ᠶᠡᠭᠡ ᠲᠦᠷᠦᠯ ᠤᠨ 60 ᠭᠠᠷᠤᠢ ᠵᠦᠢᠯ ᠤᠨ ᠬᠢᠴᠢᠶᠡᠯ ᠢ ᠰᠤᠷᠤᠯᠴᠠᠵᠤ᠂ ᠥᠪᠡᠷ ᠤᠨ ᠠᠮᠠᠷᠠᠯᠲᠠ ᠶᠢᠨ ᠬᠤᠭᠤᠴᠠᠭᠠᠨ ᠤ ᠠᠮᠢᠳᠤᠷᠠᠯ ᠢᠶᠠᠨ ᠪᠠᠶᠠᠯᠢᠭᠵᠢᠭᠤᠯᠵᠠᠢ᠃ ᠡᠭᠦᠨ ᠤ ᠬᠠᠮᠲᠤ᠂ ᠵᠠᠯᠠᠭᠤᠴᠤᠳ ᠪᠠᠭᠠᠴᠤᠳ ᠤᠨ ᠬᠦᠭᠵᠢᠭᠦᠯᠦᠯᠲᠡ ᠶᠢᠨ ᠲᠥᠪ ᠨᠢ ︽ᠲᠠᠪᠤᠨ ᠬᠥᠮᠦᠵᠢᠯ ᠢ ᠵᠡᠷᠭᠡᠪᠡᠷ ᠡᠷᠬᠢᠮᠯᠡᠬᠦ︾ ᠪᠦᠬᠦ ᠲᠠᠯ᠎ᠠ ᠶᠢᠨ ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ᠂ ᠪᠠᠭᠠᠴᠤᠳ ᠬᠡᠦᠬᠡᠳ ᠤᠨ ᠪᠡᠶ᠎ᠡ ᠰᠡᠳᠬᠢᠯ ᠤᠨ ᠬᠥᠭᠵᠢᠯᠲᠡ ᠶᠢᠨ ᠣᠨᠴᠠᠯᠢᠭ ᠪᠠ ᠡᠷᠡᠭᠦᠯ ᠢᠶᠠᠷ ᠦᠰᠦᠨ ᠪᠣᠶᠢᠵᠢᠬᠤ ᠬᠡᠷᠡᠭᠴᠡᠭᠡ ᠲᠠᠢ ᠤᠶᠠᠯᠳᠤᠭᠤᠯᠤᠨ᠂ ︽1+X︾ ᠬᠢᠴᠢᠶᠡᠯ ᠤᠨ ᠰᠢᠰᠲ᠋ᠧᠮᠵᠢ ᠳᠤ ᠲᠦᠰᠢᠭᠯᠡᠨ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠣᠶᠢᠵᠢᠬᠤ ᠬᠡᠷᠡᠭᠴᠡᠭᠡ ᠳᠤ ᠵᠣᠬᠢᠴᠠᠭᠰᠠᠨ ᠶᠣᠰᠣ ᠰᠤᠷᠲᠠᠬᠤᠨ ᠤ ᠬᠥᠮᠦᠵᠢᠯ᠂ ᠣᠶᠤᠨ ᠤ ᠬᠥᠮᠦᠵᠢᠯ᠂ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ᠂ ᠬᠥᠳᠡᠯᠮᠦᠷᠢ ᠶᠢᠨ ᠬᠥᠮᠦᠵᠢᠯ ᠤᠨ ᠬᠢᠴᠢᠶᠡᠯ ᠢ ᠤᠷᠠᠯᠢᠭ ᠤᠨ ᠬᠢᠴᠢᠶᠡᠯ᠂ ᠰᠤᠳᠤᠯᠤᠨ ᠰᠤᠷᠤᠯᠴᠠᠬᠤ ᠬᠥᠮᠦᠵᠢᠯ᠂ ᠬᠥᠳᠡᠯᠮᠦᠷᠢ ᠶᠢᠨ ᠬᠥᠮᠦᠵᠢᠯ᠂ ᠶᠡᠷᠦᠩᠬᠡᠶᠢᠯᠡᠭᠰᠡᠨ ᠦᠢᠯᠡᠳᠦᠯᠭᠡ᠂ ᠰᠤᠷᠬᠤ ᠨᠠᠰᠤᠨ ᠠᠴᠠ ᠡᠮᠦᠨᠡᠬᠢ ᠬᠥᠮᠦᠵᠢᠯ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠥᠩᠭᠡᠷᠡᠭᠡᠯᠲᠡ ᠶᠢᠨ ᠡᠯ᠎ᠡ ᠭᠤᠭᠴᠤᠭ᠎ᠠ ᠳᠤ ᠠᠭᠤᠰᠬᠠᠨ ᠣᠷᠣᠭᠤᠯᠵᠤ᠂ ᠪᠠᠭᠠᠴᠤᠳ ᠬᠡᠦᠬᠡᠳ ᠲᠤ ᠪᠠᠶᠠᠷ ᠬᠥᠷ ᠲᠠᠢ ᠦᠰᠦᠨ ᠪᠣᠶᠢᠵᠢᠬᠤ ᠲᠠᠪᠴᠠᠩ ᠪᠠᠶᠢᠭᠤᠯᠵᠤ ᠥᠭᠭᠦᠨ᠎ᠡ᠃  
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号