ᠬᠥᠮᠥᠨ ᠬᠡᠷᠡᠭᠯᠡᠬᠦ ᠨᠢᠭᠡᠴᠡ ᠶᠢᠨ ᠠᠵᠢᠯᠴᠢᠨ ᠬᠡᠷᠡᠭᠯᠡᠬᠦ ᠬᠠᠮᠢᠶᠠᠷᠤᠯᠲᠠ ᠶᠢᠨ ᠪᠠᠶᠢᠳᠠᠯ ᠢ ᠪᠦᠬᠦ ᠲᠠᠯ᠎ᠠ ᠪᠠᠷ | ᠡᠵᠡᠮᠰᠢᠵᠦ᠂ ᠨᠢᠭᠡᠴᠡ ᠶᠢᠨ ᠠᠵᠢᠯᠴᠢᠨ ᠬᠡᠷᠡᠭᠯᠡᠬᠦ ᠠᠵᠢᠯᠯᠠᠭ᠎ᠠ ᠶᠢ ᠵᠢᠷᠤᠮᠵᠢᠭᠤᠯᠵᠤ᠂ ᠬᠥᠳᠡᠯᠮᠦᠷᠢᠴᠢᠳ ᠤᠨ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠦᠯᠦᠭᠡ᠂ ᠴᠢᠩᠱᠠᠨ ᠲᠣᠭᠤᠷᠢᠭ ᠤᠨ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ | ᠠᠩᠭᠢ ᠬᠥᠮᠥᠨ ᠬᠡᠷᠡᠭᠯᠡᠬᠦ ᠨᠢᠭᠡᠴᠡ ᠶᠢᠨ ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠢ | ᠵᠢᠷᠤᠮᠯᠠᠭᠰᠠᠨ ᠪᠠᠶᠢᠳᠠᠯ ᠢ ᠪᠢᠴᠢᠭ ᠢᠶᠠᠷ ᠬᠢᠨᠠᠨ ᠪᠠᠶᠢᠴᠠᠭᠠᠬᠤ ᠠᠵᠢᠯ ᠢ ᠥᠷᠨᠢᠭᠦᠯᠵᠦ᠂ ᠬᠢᠨᠠᠨ ᠪᠠᠶᠢᠴᠠᠭᠠᠬᠤ | ᠠᠭᠤᠯᠭ᠎ᠠ ᠳᠤ ᠬᠥᠮᠥᠨ ᠬᠡᠷᠡᠭᠯᠡᠬᠦ ᠨᠢᠭᠡᠴᠡ ᠶᠢᠨ ᠳᠣᠲᠣᠭᠠᠳᠤ ᠶᠢᠨ ᠳᠦᠷᠢᠮ ᠲᠣᠭᠲᠠᠭᠠᠯ᠂ ᠬᠥᠳᠡᠯᠮᠦᠷᠢ ᠶᠢᠨ ᠭᠡᠷ᠎ᠡ | ᠲᠣᠭᠲᠠᠭᠠᠬᠤ᠂ ᠠᠵᠢᠯᠯᠠᠬᠤ ᠴᠠᠭ ᠪᠠ ᠠᠮᠠᠷᠠᠯᠲᠠ ᠶᠢᠨ ᠴᠢᠯᠦᠭᠡ᠂ ᠴᠠᠯᠢᠩ ᠥᠭᠬᠦ ᠵᠡᠷᠭᠡ ᠪᠠᠶᠢᠳᠠᠯ ᠢ ᠪᠠᠭᠲᠠᠭᠠᠨ᠎ᠠ᠃ | ᠲᠣᠰ ᠤᠳᠠᠭᠠᠨ ᠤ ᠬᠢᠨᠠᠨ ᠪᠠᠶᠢᠴᠠᠭᠠᠯᠲᠠ ᠶᠢᠨ ᠠᠵᠢᠯ ᠢ ︽ᠠᠵᠤ ᠠᠬᠤᠶᠢᠯᠠᠯ ᠤᠨ ᠬᠥᠳᠡᠯᠮᠦᠷᠢ ᠶᠢᠨ | ᠪᠠᠲᠤᠯᠠᠭ᠎ᠠ ᠶᠢᠨ ᠬᠠᠤᠯᠢ ᠶᠢ ᠰᠠᠬᠢᠬᠤ ᠦᠨᠡᠨᠴᠢ ᠢᠲᠡᠭᠡᠮᠵᠢ ᠶᠢᠨ ᠵᠡᠷᠭᠡ ᠳᠡᠰ ᠢ ᠦᠨᠡᠯᠡᠬᠦ ᠠᠷᠭ᠎ᠠ︾ ᠶᠢᠨ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠥᠷᠨᠢᠭᠦᠯᠵᠦ᠂ ᠬᠠᠷᠢᠴᠠᠯ ᠢᠶᠠᠷ ᠰᠤᠭᠤᠴᠢᠨ ᠪᠠᠶᠢᠴᠠᠭᠠᠬᠤ ᠶᠢ ︽ᠬᠤᠶᠠᠷ ᠢ | ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠠᠷᠭ᠎ᠠ ᠮᠠᠶ᠋ᠢᠭ ᠲᠠᠢ ᠤᠶᠠᠯᠳᠤᠭᠤᠯᠤᠨ C᠂ D ᠲᠠᠰ ᠢᠶᠠᠷ | ᠦᠨᠡᠯᠡᠭᠳᠡᠭᠰᠡᠨ 53 ᠬᠥᠮᠥᠨ ᠬᠡᠷᠡᠭᠯᠡᠬᠦ ᠨᠢᠭᠡᠴᠡ ᠶᠢ ᠪᠠᠶᠢᠴᠠᠭᠠᠵᠤ᠂ 1437 ᠠᠵᠢᠯᠲᠠᠨ ᠠᠵᠢᠯᠴᠢᠨ ᠳᠤ | ᠬᠤᠯᠪᠣᠭᠳᠠᠵᠠᠢ᠃ ᠲᠣᠰ ᠤᠳᠠᠭᠠᠨ ᠤ ᠪᠠᠶᠢᠴᠠᠭᠠᠯᠲᠠ ᠶᠢᠨ C ᠲᠠᠰ ᠤᠨ 37 ᠨᠢᠭᠡᠴᠡ ᠶᠢᠨ ᠳᠣᠲᠣᠷ᠎ᠠ᠂ 30 | ᠳᠤᠮᠳᠠ ᠵᠢᠵᠢᠭ ᠬᠡᠯᠪᠡᠷᠢ ᠶᠢᠨ ᠠᠵᠤ ᠠᠬᠤᠶᠢᠯᠠᠯ ᠨᠢ ᠴᠠᠯᠢᠩ ᠢ ᠴᠠᠭ ᠲᠤᠬᠠᠢ ᠳᠤᠨᠢ ᠲᠤᠭ᠎ᠠ ᠶᠣᠰᠣᠭᠠᠷ ᠨᠢ ᠥᠭᠴᠦ | ᠳᠡᠶᠢᠯᠬᠦ ᠪᠥᠭᠡᠳ 7 ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠨᠢ ᠡᠳ᠋ ᠤᠨ ᠶᠠᠪᠤᠳᠠᠯ ᠤᠨ ᠲᠣᠭᠠᠴᠠᠭ᠎ᠠ | ᠬᠢᠬᠦ ᠶᠢᠨ ᠨᠥᠯᠥᠭᠡ ᠶᠢ ᠬᠦᠷᠲᠡᠵᠦ᠂ ᠡᠩ ᠤᠨ ᠪᠠᠶᠢᠳᠠᠯ ᠳᠤ ᠳᠠᠷᠠᠭ᠎ᠠ ᠰᠠᠷ᠎ᠠ ᠶᠢᠨ ᠳᠤᠮᠳᠠᠴᠢ ᠪᠤᠶᠤ ᠰᠠᠷ᠎ᠠ ᠶᠢᠨ | ᠰᠡᠭᠦᠯᠴᠢ ᠪᠠᠷ ᠴᠠᠯᠢᠩ ᠥᠭᠲᠡᠭ︔ D ᠳᠡᠰ ᠤᠨ 16 ᠬᠥᠮᠥᠨ ᠬᠡᠷᠡᠭᠯᠡᠬᠦ ᠨᠢᠭᠡᠴᠡ ᠶᠢᠨ ᠳᠣᠲᠣᠷ᠎ᠠ᠂ 15 ᠠᠵᠤ | ᠠᠬᠤᠶᠢᠯᠠᠯ ᠴᠠᠯᠢᠩ ᠢ ᠴᠠᠭ ᠲᠤᠬᠠᠢ ᠳᠤᠨᠢ ᠲᠤᠭ᠎ᠠ ᠶᠣᠰᠣᠭᠠᠷ ᠨᠢ ᠥᠭᠴᠦ᠂ ᠵᠥᠪᠬᠡᠨ 1 ᠶᠢᠨ ᠵᠢᠵᠢᠭ ᠬᠡᠯᠪᠡᠷᠢ ᠶᠢᠨ | ᠠᠵᠤ ᠠᠬᠤᠶᠢᠯᠠᠯ ᠳᠤ ᠴᠠᠯᠢᠩ ᠥᠷᠢᠲᠦᠬᠦ ᠴᠠᠭ ᠨᠢ ᠨᠡᠯᠢᠶᠡᠳ ᠤᠷᠲᠤ ᠪᠠᠶᠢᠬᠤ ᠠᠰᠠᠭᠤᠳᠠᠯ ᠣᠷᠣᠰᠢᠵᠤ᠂ ᠶᠡᠭᠡ | ᠠᠩᠭᠢ ᠶᠢᠨ ᠬᠢᠨ ᠲᠤᠰ ᠠᠵᠤ ᠠᠬᠤᠶᠢᠯᠠᠯ ᠢ ᠲᠡᠷᠡ ᠳᠠᠷᠤᠢ ᠳᠤᠨᠢ ᠬᠠᠷᠢᠭᠤᠴᠠᠯᠭ᠎ᠠ ᠲᠠᠢ ᠪᠠᠷ ᠥᠭᠡᠷᠡᠴᠢᠯᠡᠬᠦ | ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ ᠪᠠᠶᠢᠴᠠᠭᠠᠭᠳᠠᠵᠤ ᠪᠠᠶᠢᠭ᠎ᠠ ᠬᠥᠮᠥᠨ ᠬᠡᠷᠡᠭᠯᠡᠬᠦ ᠨᠢᠭᠡᠴᠡ ᠶᠢᠨ | ᠳᠣᠲᠣᠭᠠᠳᠤ ᠶᠢᠨ ᠳᠦᠷᠢᠮ ᠲᠣᠭᠲᠠᠭᠠᠯ᠂ ᠬᠥᠳᠡᠯᠮᠦᠷᠢ ᠶᠢᠨ ᠭᠡᠷ᠎ᠡ ᠲᠣᠭᠲᠠᠭᠠᠬᠤ ᠵᠡᠷᠭᠡ ᠲᠠᠯ᠎ᠠ ᠪᠠᠷ ᠴᠥᠮ | ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠵᠥᠷᠢᠴᠡᠭᠰᠡᠨ ᠪᠠᠶᠢᠳᠠᠯ ᠪᠠᠶᠢᠬᠤ ᠦᠭᠡᠢ᠃ | ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ | ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠪᠠᠨ ᠦᠷᠭᠦᠯᠵᠢᠯᠡᠨ | ᠴᠢᠩᠭᠠᠳᠬᠠᠵᠤ ᠲᠤᠰᠬᠠᠢ ᠵᠦᠢᠯ ᠢᠶᠠᠷ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ | ᠡᠷᠬᠡᠪᠰᠢ ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠬᠤ ᠶᠢ | ᠱᠠᠯᠠᠪᠳᠠᠭᠤᠯᠵᠦ᠂ ᠠᠵᠢᠯᠴᠢᠨ ᠬᠡᠷᠡᠭᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠠᠰᠠᠭᠤᠳᠠᠯ ᠣᠷᠣᠰᠢᠵᠤ ᠪᠠᠶᠢᠭ᠎ᠠ | ᠠᠵᠤ ᠠᠬᠤᠶᠢᠯᠠᠯ ᠢ ᠴᠠᠭ ᠲᠤᠬᠠᠢ ᠳᠤᠨᠢ ᠱᠠᠯᠠᠪᠳᠠᠨ ᠱᠠᠭᠠᠷᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ | ᠥᠭᠡᠷᠡᠴᠢᠯᠡᠭᠦᠯᠵᠦ᠂ ᠬᠥᠳᠡᠯᠮᠦᠷᠢ ᠠᠵᠢᠯᠴᠢᠨ ᠬᠡᠷᠡᠭᠯᠡᠬᠦ ᠬᠠᠷᠢᠴᠠᠭ᠎ᠠ ᠶᠢᠨ ᠲᠣᠭᠲᠠᠭᠤᠨ ᠪᠠᠶᠢᠬᠤ ᠪᠠ | ᠬᠥᠳᠡᠯᠮᠦᠷᠢᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠦᠲᠦᠮᠵᠢᠲᠡᠶ ᠬᠠᠮᠠᠭᠠᠯᠠᠵᠤ᠂ ᠡᠶ᠎ᠡ ᠵᠣᠬᠢᠴᠠᠯ ᠲᠠᠢ | ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃ |