ᠴᠢᠩᠱᠠᠨ ᠲᠣᠭᠤᠷᠢᠭ ᠤᠨ ᠦᠨ᠎ᠡ ᠬᠠᠩᠰᠢ ᠶᠢ ᠬᠢᠨᠠᠨ ᠪᠠᠶᠢᠴᠠᠭᠠᠵᠤ ᠮᠠᠭᠠᠳᠯᠠᠨ ᠲᠣᠭᠲᠠᠭᠠᠬᠤ ᠲᠥᠪ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠣᠬᠢᠯᠲᠠ ᠦᠭᠬᠦ ᠠᠵᠢᠯᠯᠠᠭ᠎ᠠ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2022/8/5
     ᠣᠶᠢᠷ᠎ᠠ ᠳᠤ᠂ ᠴᠢᠩᠱᠠᠨ ᠲᠣᠭᠤᠷᠢᠭ ᠤᠨ ᠦᠨ᠎ᠡ ᠬᠠᠩᠰᠢ ᠶᠢ ᠬᠢᠨᠠᠨ ᠪᠠᠶᠢᠴᠠᠭᠠᠵᠤ ᠮᠠᠭᠠᠳᠯᠠᠨ ᠲᠣᠭᠲᠠᠭᠠᠬᠤ ᠲᠥᠪ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠮᠵᠢᠬᠤ ᠭᠤᠶᠤᠴᠢᠯᠠᠯ ᠢ ᠲᠤᠰᠤᠨ ᠣᠯᠵᠤ᠂ ᠠᠯᠪᠠᠨ ᠤ ᠪᠠ ᠬᠤᠪᠢ ᠶᠢᠨ ᠡᠳ᠋ ᠬᠤᠭᠰᠢᠯ ᠢ ᠡᠪᠳᠡᠨ ᠰᠦᠢᠳᠬᠡᠭᠰᠡᠨ ᠬᠡᠷᠡᠭ ᠲᠤ ᠦᠨ᠎ᠡ ᠬᠠᠩᠰᠢ ᠶᠢ ᠮᠠᠭᠠᠳᠯᠠᠨ ᠲᠣᠭᠲᠠᠭᠠᠵᠠᠢ᠃ ᠬᠡᠷᠡᠭ ᠰᠢᠢᠳᠪᠦᠷᠢᠯᠡᠬᠦ ᠠᠷᠠᠳ ᠤᠨ ᠴᠠᠭᠳᠠᠭ᠎ᠠ ᠶᠢᠨ ᠲᠠᠨᠢᠯᠴᠠᠭᠤᠯᠤᠭᠰᠠᠨ ᠢᠶᠠᠷ᠂ ᠰᠡᠵᠢᠭᠯᠡᠯᠲᠡᠢ ᠬᠥᠮᠥᠨ ᠰᠥᠨᠢ  ᠪᠠᠷ ᠵᠠᠯᠭᠠᠭ᠎ᠠ ᠪᠠᠷ ᠬᠡᠷᠡᠭ ᠦᠢᠯᠡᠳᠴᠦ᠂ ᠵᠢᠷᠭᠤᠭᠠᠨ ᠮᠠᠰᠢᠨ ᠲᠡᠷᠭᠡᠨ ᠤ ᠠᠷᠤ ᠲᠠᠯ᠎ᠠ ᠶᠢᠨ ᠴᠣᠩᠬᠤᠨ ᠰᠢᠯ ᠢ ᠴᠢᠯᠠᠭᠤ ᠪᠠᠷ ᠪᠠᠯᠪᠠᠴᠢᠵᠤ ᠬᠤᠯᠠᠭᠠᠶᠢᠯᠠᠵᠦ᠂ ᠲᠣᠰ ᠬᠡᠷᠡᠭ ᠨᠢ ᠣᠯᠠᠨ ᠲᠦᠮᠡᠨ ᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠬᠢᠷᠠᠯ ᠤᠴᠠᠷᠠᠭᠤᠯᠤᠭᠰᠠᠨ ᠢᠶᠠᠷ ᠪᠠᠷᠠᠬᠤ ᠦᠭᠡᠢ ᠨᠡᠶᠢᠭᠡᠮ ᠤᠨ ᠠᠮᠤᠷ ᠲᠦᠪᠰᠢᠨ ᠤ ᠣᠷᠴᠢᠨ ᠠᠬᠤᠢ ᠳᠤ ᠴᠤ ᠮᠠᠭᠤ ᠨᠥᠯᠥᠭᠡ ᠦᠵᠡᠭᠦᠯᠦᠭᠰᠡᠨ ᠪᠠᠶᠢᠨ᠎ᠠ᠃      ᠴᠢᠩᠱᠠᠨ ᠲᠣᠭᠤᠷᠢᠭ ᠤᠨ ᠦᠨ᠎ᠡ ᠬᠠᠩᠰᠢ ᠶᠢ ᠬᠢᠨᠠᠨ ᠪᠠᠶᠢᠴᠠᠭᠠᠵᠤ ᠮᠠᠭᠠᠳᠯᠠᠨ ᠲᠣᠭᠲᠠᠭᠠᠬᠤ ᠲᠥᠪ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠳᠤᠷᠠᠳᠤᠭᠰᠠᠨ ᠬᠠᠮᠵᠢᠬᠤ ᠭᠤᠶᠤᠴᠢᠯᠠᠯ ᠢ ᠣᠯᠣᠭᠰᠠᠨ ᠤ ᠳᠠᠷᠠᠭ᠎ᠠ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠪᠠ ᠪᠠᠷᠢᠮᠵᠢᠶ᠎ᠠ ᠶᠢ ᠦᠨᠳᠦᠰᠦᠯᠡᠨ᠂ ᠦᠨ᠎ᠡ ᠬᠠᠩᠰᠢ ᠶᠢ ᠮᠠᠭᠠᠳᠯᠠᠨ ᠲᠣᠭᠲᠠᠭᠠᠬᠤ ᠵᠢᠷᠤᠮ ᠪᠠ ᠵᠠᠷᠴᠢᠮ ᠢ ᠴᠢᠩᠭ᠎ᠠ ᠵᠢᠷᠤᠮᠯᠠᠨ᠂ ᠣᠲᠣ ᠶᠢᠨ ᠪᠠᠶᠢᠭ᠎ᠠ ᠮᠠᠲ᠋ᠧᠷᠢᠶᠠᠯ ᠢ ᠬᠢᠨᠠᠮᠠᠭᠠᠢ ᠵᠠᠳᠠᠯᠵᠤ᠂ ᠮᠠᠭᠠᠳᠯᠠᠨ ᠲᠣᠭᠲᠠᠭᠠᠬᠤ ᠪᠠᠷᠢᠮᠵᠢᠶᠠᠲᠤ ᠡᠳᠦᠷ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠪᠠᠶᠢᠳᠠᠯ ᠪᠠ ᠬᠠᠷᠠᠯᠲᠠ ᠪᠣᠳᠠᠰ ᠤᠨ ᠪᠠᠶᠢᠳᠠᠯ ᠲᠠᠢ ᠤᠶᠠᠯᠳᠤᠭᠤᠯᠤᠨ᠂ ᠲᠣᠰ ᠤᠳᠠᠭᠠᠨ ᠤ ᠬᠡᠷᠡᠭ ᠲᠤ ᠬᠤᠯᠪᠣᠭᠳᠠᠭᠰᠠᠨ ᠵᠣᠭᠤᠰ ᠮᠥᠩᠭᠦ ᠡᠳ᠋ ᠪᠣᠳᠠᠰ ᠤᠨ ᠬᠤᠬᠢᠷᠠᠯ ᠤᠨ ᠦᠨ᠎ᠡ ᠬᠠᠩᠰᠢ ᠶᠢ ᠬᠠᠤᠯᠢ ᠶᠣᠰᠣᠭᠠᠷ ᠮᠠᠭᠠᠳᠯᠠᠨ ᠲᠣᠭᠲᠠᠭᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ ᠳᠤ ᠦᠨ᠎ᠡ ᠬᠠᠩᠰᠢ ᠶᠢᠨ ᠦᠨᠳᠦᠰᠦᠯᠡᠯ ᠬᠠᠩᠭᠠᠭᠰᠠᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号