ᠴᠢᠩ ᠹᠦ᠋ ᠪᠠᠯᠭᠠᠰᠤ ᠨᠡᠶᠢᠭᠡᠮ ᠲᠣᠭᠤᠷᠢᠭ ᠤᠨ ᠵᠠᠰᠠᠯᠲᠠ ᠶᠢᠨ ᠠᠵᠢᠯ ᠢ ᠠᠬᠢᠭᠤᠯᠪᠠ
ᠨᠡᠶᠢᠲᠡᠯᠡᠭᠰᠡᠨ ᠴᠠᠭ᠄
2022/8/9
     ᠨᠡᠶᠢᠭᠡᠮ ᠲᠣᠭᠤᠷᠢᠭ ᠤᠨ ᠵᠠᠰᠠᠯᠲᠠ ᠶᠢᠨ ᠠᠵᠢᠯ ᠢ ᠪᠠᠶᠢᠩᠭᠤᠵᠢᠭᠤᠯᠬᠤ ᠶᠢ ᠦᠷᠭᠦᠯᠵᠢᠯᠡᠨ ᠠᠬᠢᠭᠤᠯᠵᠤ᠂ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠢᠨᠠᠭᠰᠢᠳᠠ ᠰᠠᠶᠢᠵᠢᠷᠠᠭᠤᠯᠬᠤ ᠶᠢᠨ ᠲᠥᠯᠥᠭᠡ᠂ ᠶᠢᠨ ᠬᠠᠢ ᠨᠡᠶᠢᠭᠡᠮ ᠲᠣᠭᠤᠷᠢᠭ ᠤᠨ ᠬᠢᠨ ᠮᠢᠩ ᠹᠧᠩ ᠵᠢᠶᠠ ᠶᠤᠸᠠᠨ ᠢᠶᠠᠷ ᠭᠤᠣᠯᠳᠠᠯᠭ᠎ᠠ ᠪᠣᠯᠭᠠᠵᠤ᠂ ᠨᠡᠶᠢᠭᠡᠮ ᠲᠣᠭᠤᠷᠢᠭ ᠤᠨ ᠬᠡᠪᠴᠢᠶᠡᠨ ᠳᠠᠬᠢ ᠡᠷᠡᠭᠦᠯ ᠬᠠᠮᠠᠭᠠᠯᠠᠯ ᠤᠨ ᠦᠯᠦ ᠣᠨᠣᠭᠳᠠᠬᠤ ᠭᠠᠵᠠᠷ᠂ ᠨᠣᠭᠤᠭᠠᠷᠠᠭᠤᠯᠤᠯᠲᠠ ᠶᠢᠨ ᠪᠦᠰᠡ ᠶᠢᠨ ᠳᠣᠲᠣᠷᠠᠬᠢ ᠬᠤᠭ ᠨᠣᠪᠰᠢ ᠶᠢ ᠪᠠᠶᠢᠩᠭᠤᠵᠢᠭᠤᠯᠤᠨ ᠴᠡᠪᠡᠷᠯᠡᠪᠡ︔ ᠣᠷᠣᠨ ᠰᠠᠭᠤᠴᠠ ᠶᠢᠨ ᠠᠰᠠᠷ ᠳᠣᠲᠣᠷᠠᠬᠢ ᠳᠤᠭᠤᠢ ᠲᠡᠷᠭᠡ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ᠂ ᠭᠠᠯ ᠤᠨᠲᠠᠷᠠᠭᠠᠬᠤ ᠨᠡᠪᠲᠡᠷᠡᠬᠦ ᠵᠠᠮ ᠳᠤ ᠡᠯᠳᠡᠪ ᠶᠠᠭᠤᠮ᠎ᠠ ᠣᠪᠣᠭᠠᠯᠠᠵᠤ ᠲᠠᠯᠪᠢᠬᠤ ᠵᠡᠷᠭᠡ ᠦᠵᠡᠭᠳᠡᠯ ᠢ ᠲᠥᠪᠯᠡᠷᠡᠭᠦᠯᠦᠨ ᠵᠠᠰᠠᠪᠠ᠃ ᠡᠨᠡᠬᠦ ᠶᠠᠪᠤᠴᠠ ᠳᠤ ᠨᠡᠶᠢᠭᠡᠮ ᠲᠣᠭᠤᠷᠢᠭ ᠤᠨ ᠠᠵᠢᠯᠲᠠᠳ ᠪᠣᠯᠣᠨ ᠰᠠᠶᠢᠨ ᠳᠤᠷᠠᠴᠤᠤᠯ ᠨᠢᠭᠡ ᠲᠠᠯ᠎ᠠ ᠪᠠᠷ ᠰᠠᠭᠤᠭᠠᠯᠢ ᠠᠷᠠᠳ ᠢ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠴᠡᠭᠴᠡᠯᠡᠨ ᠰᠠᠶᠢᠵᠢᠷᠠᠭᠤᠯᠵᠤ᠂ ᠵᠠᠮ ᠡᠵᠡᠯᠡᠵᠦ ᠪᠠᠶᠢᠭ᠎ᠠ ᠡᠳ᠋ ᠪᠣᠳᠠᠰ ᠨᠡᠯᠢᠶᠡᠳ ᠠᠷᠪᠢᠨ ᠪᠤᠶᠤ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠶᠢᠴᠤᠳ ᠢ ᠰᠠᠨᠠᠭᠠᠴᠢᠯᠠᠭ᠎ᠠ ᠠᠴᠠ ᠪᠠᠨ ᠬᠠᠪᠰᠤᠷᠤᠨ ᠡᠯᠳᠡᠪ ᠡᠳ᠋ ᠢ ᠨᠢ ᠴᠡᠪᠡᠷᠯᠡᠭᠦᠯᠵᠦ᠂ ᠨᠥᠭᠦᠭᠡ ᠲᠠᠯ᠎ᠠ ᠪᠠᠷ ᠲᠡᠳᠡᠨᠤᠰ ᠲᠤ ᠭᠠᠯ ᠤᠨᠲᠠᠷᠠᠭᠠᠬᠤ ᠵᠠᠮ ᠢ ᠡᠵᠡᠯᠡᠨ ᠬᠡᠷᠡᠭᠯᠡᠬᠦ ᠶᠢᠨ ᠠᠶᠤᠯᠲᠤ ᠴᠢᠨᠠᠷ ᠢ ᠤᠬᠠᠭᠤᠯᠬᠤ ᠶᠢᠨ ᠵᠡᠷᠭᠡ ᠳᠤ ᠥᠷᠭᠡᠨ ᠣᠯᠠᠨ ᠲᠦᠮᠡᠨ ᠳᠤ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠪᠡ᠃ ᠵᠠᠯᠭᠠᠭᠠᠳ᠂ ᠨᠡᠶᠢᠭᠡᠮ ᠲᠣᠭᠤᠷᠢᠭ ᠤᠨ ᠠᠵᠢᠯᠲᠠᠳ ᠪᠣᠳᠠᠲᠠᠢ ᠪᠠᠶᠢᠳᠠᠯ ᠢᠶᠠᠨ ᠦᠨᠳᠦᠰᠦᠯᠡᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠢ ᠰᠤᠷᠪᠤᠯᠵᠢᠯᠠᠬᠤ ᠠᠵᠢᠯ ᠢᠶᠠᠨ ᠴᠢᠩᠭᠠᠳᠬᠠᠵᠤ᠂ ᠡᠯ᠎ᠡ ᠲᠥᠷᠥᠯ ᠤᠨ ᠵᠠᠭᠤᠴᠢᠯᠠᠭᠤᠷ ᠢ ᠭᠦᠢᠴᠡᠳ ᠠᠰᠢᠭᠯᠠᠨ᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠠᠵᠢᠯ ᠤᠨ ᠬᠥᠳᠡᠯᠦᠯ ᠪᠠᠶᠢᠳᠠᠯ ᠪᠠ ᠬᠤᠲᠠ ᠶᠢᠨ ᠬᠠᠮᠢᠶᠠᠷᠤᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠮᠡᠳᠡᠭᠡᠯᠡᠵᠦ᠂ ᠰᠠᠭᠤᠭᠠᠯᠢ ᠠᠷᠠᠳ ᠠᠮᠤᠷ ᠲᠦᠪᠰᠢᠨ ᠰᠠᠶᠢᠨ ᠰᠠᠶᠢᠬᠠᠨ ᠨᠡᠶᠢᠭᠡᠮ ᠲᠣᠭᠤᠷᠢᠭ ᠢ ᠬᠠᠮᠲᠤ ᠪᠠᠷ ᠪᠦᠲᠦᠭᠡᠨ ᠪᠠᠶᠢᠭᠤᠯᠬᠤ ᠪᠡᠶᠡᠴᠢ ᠬᠦᠰᠡᠯ ᠢ ᠭᠦᠢᠴᠡᠳ ᠬᠥᠭᠵᠢᠭᠡᠵᠦ᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠪᠠᠶᠢᠩᠭᠤ ᠶᠢᠨ ᠲᠣᠭᠲᠠᠴᠠ ᠶᠢ ᠦᠨᠡᠨ ᠬᠦ ᠪᠣᠶ ᠪᠣᠯᠭᠠᠨ᠎ᠠ᠃
 
ᠢᠷᠡᠯᠲᠡ᠄ ᠪᠤᠭᠤᠲᠦ ᠬᠤᠲᠠ ᠶᠢᠨ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号