ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠵᠥᠷᠢᠶ᠎ᠡ ᠦᠭᠡᠢ ᠶᠡᠷᠦᠩᠬᠡᠶᠢᠯᠡᠭᠰᠡᠨ ᠴᠤᠩᠬᠤᠪᠴᠢ ᠶᠢ ᠪᠦᠲᠦᠭᠡᠨ ᠪᠠᠶᠢᠭᠤᠯᠪᠠ
ᠨᠡᠶᠢᠲᠡᠯᠡᠭᠰᠡᠨ ᠴᠠᠭ᠄
2022/8/9
     ︽ᠬᠤᠶᠠᠷ ᠢ ᠠᠰᠠᠭᠤᠬᠤ︾ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠴᠢᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠠᠷᠠᠳ ᠤᠨ ᠰᠠᠨᠠᠭ᠎ᠠ ᠶᠢ ᠰᠣᠨᠣᠰᠴᠤ᠂ ᠠᠷᠠᠳ ᠤᠨ ᠬᠦᠴᠦᠨ ᠢ ᠨᠢᠭᠲᠠᠷᠠᠭᠤᠯᠤᠨ᠂ ︽ᠵᠥᠷᠢᠶ᠎ᠡ ᠦᠭᠡᠢ ᠶᠡᠷᠦᠩᠬᠡᠶᠢᠯᠡᠭᠰᠡᠨ ᠴᠤᠩᠬᠤᠪᠴᠢ︾ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠶᠡᠭᠡ ᠪᠠᠷ ᠥᠷᠨᠢᠭᠦᠯᠵᠦ᠂ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠪᠠ ᠠᠵᠤ ᠠᠬᠤᠶᠢᠯᠠᠯ ᠢ ︽ᠨᠢᠭᠡ ᠠᠵᠢᠯ ᠶᠠᠪᠤᠳᠠᠯ ᠢ ᠣᠯᠠᠨ ᠴᠤᠩᠬᠤᠪᠴᠢ ᠪᠠᠷ ᠭᠦᠢᠴᠡᠳᠬᠡᠬᠦ︾ ᠪᠠᠶᠢᠭᠰᠠᠨ ᠠᠴᠠ ᠨᠢ ︽ᠨᠢᠭᠡ ᠴᠤᠩᠬᠤᠪᠴᠢ ᠪᠠᠷ ᠣᠯᠠᠨ ᠠᠵᠢᠯ ᠶᠠᠪᠤᠳᠠᠯ ᠭᠦᠢᠴᠡᠳᠬᠡᠬᠦ︾ ᠪᠣᠯᠭᠠᠨ ᠬᠤᠪᠢᠷᠠᠭᠤᠯᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠲᠠᠩ ᠰᠠᠯᠠᠭ᠎ᠠ ᠪᠠᠷ ᠭᠥᠯᠢᠶᠡᠨ ᠠᠪᠴᠤ ᠰᠢᠢᠳᠪᠦᠷᠢᠯᠡᠬᠦ ᠠᠴᠠ ᠶᠡᠷᠦᠩᠬᠡᠢ ᠰᠠᠯᠠᠭ᠎ᠠ ᠪᠠᠷ ᠭᠥᠯᠢᠶᠡᠨ ᠠᠪᠴᠤ ᠰᠢᠢᠳᠪᠦᠷᠢᠯᠡᠬᠦ ᠳᠠᠰᠢ ᠲᠦᠯᠬᠢᠨ ᠠᠬᠢᠭᠤᠯᠬᠤ ᠪᠣᠯ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠠᠵᠢᠯ ᠶᠠᠪᠤᠳᠠᠯ ᠭᠦᠢᠴᠡᠳᠬᠡᠬᠦ ᠪᠠᠷᠢᠮᠵᠢᠶ᠎ᠠ ᠨᠢ ᠨᠢᠭᠡᠳᠦᠯ ᠦᠭᠡᠢ᠂ ᠴᠣᠩᠬᠤᠪᠴᠢ ᠴᠡᠭ ᠪᠠᠶᠢᠷᠢ ᠨᠢ ᠲᠠᠷᠠᠬᠠᠢ ᠪᠤᠲᠠᠷᠬᠠᠢ᠂ ᠪᠢᠴᠢᠭ ᠮᠠᠲ᠋ᠧᠷᠢᠶᠠᠯ ᠭᠦᠢᠴᠡᠳᠬᠡᠬᠦ ᠶᠠᠪᠤᠴᠠ ᠳᠤ ᠬᠢᠨᠠᠨ ᠬᠠᠮᠢᠶᠠᠷᠬᠤ ᠳᠤ ᠬᠦᠴᠢᠷᠲᠡᠢ᠂ ᠰᠦᠯᠵᠢᠶᠡᠨ ᠳᠡᠭᠡᠷ᠎ᠡ ᠭᠦᠢᠴᠡᠳᠬᠡᠬᠦ ᠨᠣᠷᠮ᠎ᠠ ᠨᠡᠯᠢᠶᠡᠳ ᠳᠣᠣᠷ᠎ᠠ ᠪᠠᠶᠢᠬᠤ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠶᠢᠨ ᠵᠠᠩᠭᠢᠯᠠᠭ᠎ᠠ ᠪᠣᠯᠣᠨ᠎ᠠ᠃ ᠣᠳᠣᠬᠠᠨ ᠳᠤ ᠶᠡᠭᠡ ᠲᠢᠩᠬᠢᠮ ᠳᠤ ᠨᠡᠶᠢᠲᠡ 7 ᠵᠥᠷᠢᠶ᠎ᠡ ᠦᠭᠡᠢ ᠭᠥᠯᠢᠶᠡᠨ ᠠᠪᠴᠤ ᠰᠢᠢᠳᠪᠦᠷᠢᠯᠡᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠴᠤᠩᠬᠤᠪᠴᠢ ᠭᠠᠷᠭᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ 12 ᠰᠠᠯᠠᠭ᠎ᠠ ᠮᠥᠴᠢᠷ ᠤᠨ 272 ᠤᠴᠢᠷ ᠶᠠᠪᠤᠳᠠᠯ ᠢ ᠭᠦᠢᠴᠡᠳᠬᠡᠵᠦ ᠪᠣᠯᠣᠨ᠎ᠠ᠃ ᠵᠦᠷᠢᠶ᠎ᠡ ᠦᠭᠡᠢ ᠭᠥᠯᠢᠶᠡᠨ ᠠᠪᠴᠤ ᠰᠢᠢᠳᠪᠦᠷᠢᠯᠡᠬᠦ ᠴᠤᠩᠬᠤᠪᠴᠢ ᠶᠢᠨ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ ᠲᠠᠢ ᠠᠵᠢᠯᠯᠠᠭ᠎ᠠ ᠨᠢ ︽ᠶᠡᠭᠡ ᠲᠢᠩᠬᠢᠮ ᠳᠤ ᠨᠢᠭᠡ ᠯᠡ ᠲᠣᠪᠴᠢ ᠪᠠᠷ ᠨᠣᠮᠧᠷ ᠳᠠᠭᠤᠳᠠᠬᠤ᠂ ᠡᠮᠦᠨ᠎ᠡ ᠲᠠᠪᠴᠠᠩ ᠳᠤ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠴᠤᠩᠬᠤᠪᠴᠢ ᠪᠠᠷ ᠨᠢᠭᠡᠳᠦᠯᠲᠡᠢ ᠦᠨᠡᠮᠯᠡᠯ ᠣᠯᠭᠤᠬᠤ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠵᠠᠭᠪᠤᠷ ᠢ ᠪᠡᠶᠡᠯᠡᠭᠦᠯᠵᠦ᠂ ᠭᠥᠯᠢᠶᠡᠨ ᠠᠪᠴᠤ ᠰᠢᠢᠳᠪᠦᠷᠢᠯᠡᠬᠦ ᠠᠵᠢᠯᠲᠠᠨ ︽ᠲᠤᠰᠬᠠᠢ ᠰᠠᠯᠠᠭ᠎ᠠ ᠪᠠᠷ ᠭᠥᠯᠢᠶᠡᠨ ᠠᠪᠴᠤ ᠰᠢᠢᠳᠪᠦᠷᠢᠯᠡᠬᠦ︾ ᠪᠠᠶᠢᠭᠰᠠᠨ ᠠᠴᠠ ᠪᠠᠨ ︽ᠶᠡᠷᠦᠩᠬᠡᠢ ᠰᠠᠯᠠᠭ᠎ᠠ ᠪᠠᠷ ᠭᠥᠯᠢᠶᠡᠨ ᠠᠪᠴᠤ ᠰᠢᠢᠳᠪᠦᠷᠢᠯᠡᠬᠦ︾ ᠳᠠᠰᠢ ᠬᠤᠪᠢᠷᠠᠬᠤ ᠶᠢ ᠪᠡᠶᠡᠯᠡᠭᠦᠯᠵᠦ᠂ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠴᠦ ︽ᠠᠵᠢᠯ ᠶᠠᠪᠤᠳᠠᠯ ᠭᠦᠢᠴᠡᠳᠬᠡᠬᠦ ᠳᠤ ᠨᠢᠭᠡ ᠯᠡ ᠲᠥᠷᠥᠯ ᠳᠤ ᠣᠷᠣᠬᠤ︾ ᠪᠠᠶᠢᠭᠰᠠᠨ ᠠᠴᠠ ᠪᠠᠨ ︽ᠠᠵᠢᠯ ᠶᠠᠪᠤᠳᠠᠯ ᠭᠦᠢᠴᠡᠳᠬᠡᠬᠦ ᠳᠤ ᠨᠢᠭᠡ ᠯᠡ ᠴᠤᠩᠬᠤᠪᠴᠢ ᠳᠤ ᠬᠦᠷᠬᠦ︾ ᠳᠠᠪᠠᠯᠲᠠ ᠶᠢ ᠪᠡᠶᠡᠯᠡᠭᠦᠯᠦᠭᠰᠡᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号