ᠬᠦᠴᠦᠷᠭᠡᠭᠵᠢᠯ ᠵᠠᠮ ᠤᠨ ᠵᠡᠭᠡᠯᠢ ᠭᠤᠳᠤᠮᠵᠢ ᠶᠢᠨ ᠹᠦ᠋ ᠶᠤᠸᠠᠨ ᠨᠡᠶᠢᠭᠡᠮ ᠲᠤᠭᠤᠷᠢᠭ《ᠨᠠᠢᠮᠠᠨ ᠰᠠᠷ᠎ᠠ ᠶᠢᠨ ᠠᠷᠪᠠᠨ ᠲᠠᠪᠤᠨ ᠤ ᠰᠠᠷᠠ ᠲᠡᠷᠭᠡᠯ ᠬᠠᠶᠢᠷ᠎ᠠ ᠰᠡᠳᠭᠢᠯᠭᠡ ᠨᠡᠶᠢᠭᠡᠮ ᠲᠤᠭᠤᠷᠢᠭ ᠲᠤ ᠪᠢᠯᠬᠠᠮ᠎ᠠ》ᠭᠤᠤᠯ ᠰᠡᠳᠦᠪᠳᠦ ᠬᠦᠳᠡᠯᠭᠡᠭᠡᠨ ᠦᠷᠨᠢᠭᠦᠯᠪᠡ
ᠨᠡᠶᠢᠲᠡᠯᠡᠭᠰᠡᠨ ᠴᠠᠭ᠄
2022/9/14
     ᠲᠤᠮᠳᠠᠳᠤ ᠶᠢᠨ ᠦᠨᠳᠦᠰᠦᠳᠡᠨ ᠤ ᠰᠢᠯᠢᠳᠡᠭ ᠤᠯᠠᠮᠵᠢᠯᠠᠯᠳᠤ ᠰᠤᠶᠤᠯ ᠢ ᠤᠯᠠᠮ ᠨᠢᠭᠡ ᠠᠯᠬᠤᠮ ᠪᠠᠳᠠᠷᠠᠭᠤᠯᠤᠨ ᠲᠡᠯᠭᠡᠷᠡᠭᠦᠯᠵᠦ᠂ ᠪᠠᠶᠠᠷ ᠪᠠᠶᠠᠰᠤᠯᠳᠠᠢ᠂ ᠪᠤᠯᠪᠠᠰᠤᠨ᠂ ᠡᠶ᠎ᠡ ᠨᠠᠶᠢᠷᠠᠮᠳᠠᠭᠤ  ᠪᠠᠶᠠᠷ ᠤᠨ ᠡᠳᠦᠷ ᠤᠨ ᠬᠦᠭ ᠠᠶᠠᠰ ᠢ ᠪᠤᠢ ᠪᠤᠯᠭᠠᠵᠤ᠂ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠵᠤᠯ ᠵᠢᠷᠭᠠᠯᠳᠤ ᠲᠦᠷᠦᠭᠳᠡᠯ ᠪᠡ ᠬᠠᠷᠢᠶᠠᠳᠤ ᠰᠡᠳᠭᠢᠯᠭᠡ ᠶᠢ ᠴᠢᠩᠭᠠᠳᠬᠠᠵᠤ᠂《 ᠬᠦᠴᠦᠨ ᠢᠶᠠᠨ ᠬᠠᠮᠳᠤᠳᠬᠠᠭᠰᠠᠨ ᠨᠡᠶᠢᠭᠡᠮ ᠲᠤᠭᠤᠷᠢᠭ》 ᠤᠨ ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠬᠤ ᠶᠢᠨ ᠲᠦᠯᠦᠭᠡ᠂ ᠤᠶᠢᠷ᠎ᠠ ᠳᠤ᠂  ᠬᠦᠴᠦᠷᠭᠡᠭᠵᠢᠯ ᠵᠠᠮ ᠤᠨ ᠵᠡᠭᠡᠯᠢ ᠭᠤᠳᠤᠮᠵᠢ ᠶᠢᠨ ᠹᠦ᠋ ᠶᠤᠸᠠᠨ ᠨᠡᠶᠢᠭᠡᠮ ᠲᠤᠭᠤᠷᠢᠭ《ᠨᠠᠢᠮᠠᠨ ᠰᠠᠷ᠎ᠠ ᠶᠢᠨ ᠠᠷᠪᠠᠨ ᠲᠠᠪᠤᠨ ᠤ ᠰᠠᠷᠠ ᠲᠡᠷᠭᠡᠯ ᠬᠠᠶᠢᠷ᠎ᠠ ᠰᠡᠳᠭᠢᠯᠭᠡ ᠨᠡᠶᠢᠭᠡᠮ ᠲᠤᠭᠤᠷᠢᠭ ᠲᠤ ᠪᠢᠯᠬᠠᠮ᠎ᠠ》ᠭᠤᠤᠯ ᠰᠡᠳᠦᠪᠳᠦ ᠬᠦᠳᠡᠯᠭᠡᠭᠡᠨ ᠦᠷᠨᠢᠭᠦᠯᠪᠡ᠃ ᠬᠦᠳᠡᠯᠭᠡᠭᠡᠨ ᠤ ᠲᠤᠮᠳᠠ᠂ ᠨᠠᠮ ᠤᠨ ᠲᠡᠦᠭᠡ᠂ ᠴᠡᠷᠢᠭ ᠤᠨ ᠲᠡᠦᠭᠡ᠂ ᠰᠢᠨ᠎ᠡ ᠲᠤᠮᠳᠠᠳᠤ ᠤᠯᠤᠰ ᠤᠨ ᠲᠡᠦᠭᠡ ᠶᠢᠨ ᠮᠡᠳᠡᠯᠭᠡ ᠶᠢᠨ ᠤᠷᠤᠯᠳᠤᠭᠠᠨ ᠬᠢᠵᠡᠢ᠂ ᠬᠦᠳᠡᠯᠭᠡᠬᠡᠨ ᠳᠤ ᠤᠷᠤᠯᠴᠠᠭᠰᠠᠳ ᠢᠳᠡᠪᠭᠢᠳᠡᠢ ᠪᠠᠷ ᠭᠠᠷ ᠡᠷᠬᠦᠨ ᠬᠠᠷᠢᠭᠤᠯᠵᠤ᠂ ᠬᠦᠳᠡᠯᠭᠡᠭᠡᠨ ᠪᠠᠶᠠᠷ ᠬᠦᠷ ᠢᠶᠠᠷ ᠪᠢᠯᠬᠠᠵᠠᠢ᠃ ᠡᠭᠦᠨ ᠤ ᠵᠡᠷᠭᠡ᠂ ᠹᠦ᠋ ᠶᠤᠸᠠᠨ ᠨᠡᠶᠢᠭᠡᠮ ᠲᠤᠭᠤᠷᠢᠭ ᠲᠠᠶᠠᠭᠠᠷ ᠤᠯᠠᠨ ᠳᠤ ᠶᠧᠪᠡᠩ ᠬᠦᠷᠭᠡᠵᠦ᠂ ᠨᠡᠶᠢᠭᠡᠮ ᠲᠤᠭᠤᠷᠢᠭ ᠤᠨ ᠬᠠᠯᠠᠮᠵᠢ ᠶᠢ ᠢᠯᠡᠳᠭᠡᠵᠡᠢ᠃ ᠲᠠᠷᠠᠭᠠᠴᠢ ᠶᠢᠨ ᠠᠯᠬᠤᠮ ᠳᠤ᠂ ᠨᠡᠶᠢᠭᠡᠮ ᠲᠤᠭᠤᠷᠢᠭ ᠬᠠᠮᠳᠤ ᠪᠠᠷ ᠭᠠᠷ ᠬᠤᠯᠪᠤᠯᠴᠠᠨ᠂ ᠰᠠᠭᠤᠭᠠᠯᠢ ᠠᠷᠠᠳ ᠲᠤ ᠦᠢᠯᠡᠴᠢᠯᠡᠵᠦ᠂ ᠰᠠᠶᠢᠨ ᠰᠠᠶᠢᠬᠠᠨ ᠭᠡᠷ ᠤᠷᠤᠨ ᠢ ᠪᠦᠳᠦᠭᠡᠨ ᠪᠠᠶᠢᠭᠤᠯᠵᠤ᠂ ᠬᠠᠮᠳᠤᠪᠠᠷ ᠪᠠᠶᠢᠭᠤᠯᠵᠤ ᠬᠠᠮᠳᠤᠪᠠᠷ ᠵᠠᠰᠠᠵᠤ ᠬᠠᠮᠳᠤᠪᠠᠷ ᠡᠳ᠋ᠯᠡᠭᠰᠡᠨ ᠬᠠᠶᠢᠷ᠎ᠠ ᠰᠡᠳᠭᠢᠯᠭᠡ ᠪᠠᠷ ᠪᠢᠯᠬᠠᠮ᠎ᠠ ᠨᠡᠶᠢᠭᠡᠮ ᠲᠤᠭᠤᠷᠢᠭ ᠢ  ᠪᠦᠳᠦᠭᠡᠨ ᠪᠠᠶᠢᠭᠤᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号