ᠴᠢᠩᠱᠠᠨ ᠲᠤᠭᠤᠷᠢᠭ ᠤᠨ ᠲᠤᠳᠤᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶ᠎ᠠ ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠲᠤᠭᠤᠷᠢᠨ ᠪᠠᠶᠢᠴᠠᠭᠠᠯᠳᠠ ᠪᠠ ᠤᠬᠠᠭᠤᠯᠤᠨ ᠰᠡᠷᠭᠡᠶᠢᠯᠡᠭᠦ ᠭᠤᠷᠪᠠᠳᠤᠭᠠᠷ ᠤᠳᠠᠭᠠᠨ  ᠤ ᠲᠦᠪᠯᠡᠷᠡᠩᠭᠦᠢ ᠨᠢᠭᠡᠳᠦᠯᠳᠡᠢ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2022/9/14
     ᠪᠦᠭᠦ ᠤᠯᠤᠰ ᠤᠨ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠤᠨ ᠤ ᠰᠦᠨᠢ ᠶᠢᠨ ᠠᠮᠤᠷ ᠢ ᠬᠠᠮᠠᠭᠠᠯᠠᠬᠤ ᠲᠤᠭᠤᠷᠢᠨ ᠪᠠᠶᠢᠴᠠᠭᠠᠯᠳᠠ ᠪᠠ ᠤᠬᠠᠭᠤᠯᠤᠨ ᠰᠡᠷᠭᠡᠶᠢᠯᠡᠭᠦ ᠭᠤᠷᠪᠠᠳᠤᠭᠠᠷ ᠤᠳᠠᠭᠠᠨ ᠤ ᠲᠦᠪᠯᠡᠷᠡᠩᠭᠦᠢ ᠨᠢᠭᠡᠳᠦᠯᠳᠡᠢ ᠠᠵᠢᠯ ᠤᠨ ᠲᠤᠭᠢᠷᠠᠭᠤᠯᠤᠯᠳᠠ ᠶᠢ ᠦᠨᠳᠦᠰᠦᠯᠡᠨ᠂ ᠴᠢᠩᠱᠠᠨ ᠲᠤᠭᠤᠷᠢᠭ ᠤᠨ ᠲᠤᠳᠤᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶ᠎ᠠ ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠴᠡᠭᠴᠡᠯᠡᠯᠳᠡ ᠶᠢᠨ《ᠵᠠᠭᠤᠨ ᠡᠳᠦᠷ ᠤᠨ ᠠᠵᠢᠯᠯᠠᠭ᠎ᠠ》ᠵᠢᠴᠢ《ᠬᠤᠶᠠᠷ ᠢ ᠲᠤᠳᠤᠷᠬᠠᠶᠢᠯᠠᠵᠤ ᠬᠤᠤᠰ ᠴᠤᠭᠢᠯᠳᠠ ᠦᠭᠭᠦ》ᠲᠤᠰᠬᠠᠢ ᠠᠵᠢᠯᠯᠠᠭ᠎ᠠ  ᠶᠢᠨ ᠱᠠᠭᠠᠷᠳᠠᠯᠭ᠎ᠠ ᠶᠤᠰᠤᠭᠠᠷ᠂ ᠬᠠᠷᠢᠶᠠᠳᠤ ᠤᠷᠤᠨ ᠤ ᠨᠡᠶᠢᠭᠡᠮ ᠤᠨ ᠠᠮᠤᠷ ᠲᠦᠪᠰᠢᠨ ᠤ ᠪᠠᠶᠢᠳᠠᠯ ᠪᠠ ᠤᠨᠴᠠᠯᠢᠭ  ᠲᠤ ᠰᠠᠭᠤᠷᠢᠯᠠᠨ᠂ 9 ᠰᠠᠷ᠎ᠠ ᠶᠢᠨ 9 ᠤ ᠤᠷᠤᠢ ᠶᠢᠨ 20᠄ 00 ᠴᠠᠭ ᠠᠴᠠ ᠲᠠᠷᠠᠭ᠎ᠠ ᠡᠳᠦᠷ ᠤᠨ ᠦᠷᠯᠦᠭᠡ ᠶᠢᠨ 2᠄ 00 ᠴᠠᠭ ᠲᠤ ᠬᠦᠷᠳᠡᠯ᠎ᠡ ᠭᠤᠤᠯᠳᠠᠯᠭ᠎ᠠ ᠲᠠᠢ ᠵᠡᠭᠡᠯᠢ ᠭᠤᠳᠤᠮᠵᠢ᠂ ᠵᠠᠮ ᠤᠨ ᠭᠡᠰᠡᠭ᠂ ᠤᠷᠤᠨ ᠪᠠᠶᠢᠷᠢ ᠲᠠᠯᠠᠪᠤᠷ  ᠤᠨ ᠠᠮᠤᠷ ᠢ ᠬᠠᠮᠠᠭᠠᠯᠠᠬᠤ ᠲᠤᠭᠤᠷᠢᠨ ᠪᠠᠶᠢᠴᠠᠭᠠᠯᠳᠠ ᠪᠠ ᠤᠬᠠᠭᠤᠯᠤᠨ ᠰᠡᠷᠭᠡᠶᠢᠯᠡᠭᠦ ᠠᠵᠢᠯᠯᠠᠭ᠎ᠠ ᠶᠢ ᠪᠦᠭᠦ ᠲᠠᠯ᠎ᠠ  ᠪᠠᠷ ᠦᠷᠨᠢᠭᠦᠯᠪᠡ᠂ ᠦᠨᠡᠨ ᠭᠦ ᠬᠠᠷᠠᠭᠤᠯ ᠵᠤᠭᠰᠤᠵᠤ ᠰᠤᠷᠤᠭᠴᠢ ᠬᠠᠮᠠᠭᠠᠯᠠᠬᠤ《ᠦᠢᠯᠡᠴᠢᠯᠡᠭᠴᠢ 》᠂ ᠠᠵᠢᠯ ᠲᠦᠷᠦᠯ ᠤᠨ ᠲᠠᠯᠠᠪᠤᠷ ᠤᠨ《 ᠪᠠᠶᠢᠴᠠᠭᠠᠭᠴᠢ 》ᠪᠤᠯᠵᠤ᠂ ᠭᠡᠷᠡᠴᠢ ᠲᠡᠮᠳᠡᠭ ᠢ ᠪᠠᠶᠢᠴᠠᠭᠠᠨ ᠰᠢᠯᠭᠠᠬᠤ《ᠱᠠᠯᠠᠪᠳᠠᠭᠴᠢ》᠂ᠠᠮᠤᠷ ᠲᠦᠪᠰᠢᠨ ᠤ ᠲᠠᠯᠳᠠ ᠬᠡᠮ ᠤᠨ《ᠵᠢᠭᠰᠠᠭᠠᠨ ᠪᠠᠶᠢᠴᠠᠭᠠᠭᠴᠢ 》᠂ ᠨᠢᠮᠪᠠᠢ ᠬᠦᠯᠢᠴᠡᠩᠭᠦᠢ《ᠨᠡᠪᠳᠡᠷᠡᠯᠴᠡᠭᠴᠢ》᠂ ᠨᠢᠭᠤᠴᠠ ᠮᠡᠳᠡᠭᠡᠨ ᠤ ᠰᠦᠪᠡᠭᠴᠢ ᠶᠢᠨ《ᠴᠤᠭᠯᠠᠭᠤᠯᠤᠭᠴᠢ  》᠂ ᠰᠠᠭᠤᠷᠢ ᠮᠡᠳᠡᠭᠡ ᠵᠠᠩᠭᠢ ᠶᠢᠨ《ᠲᠠᠩᠰᠠᠯᠠᠭᠴᠢ》᠂ ᠠᠮᠤᠷ ᠲᠦᠪᠰᠢᠨ ᠤ ᠮᠡᠳᠡᠯᠭᠡ ᠶᠢᠨ《ᠤᠬᠠᠭᠤᠯᠤᠨ ᠲᠠᠶᠢᠯᠪᠤᠷᠢᠯᠠᠭᠴᠢ》 ᠂ ᠠᠶᠤᠯᠭᠦᠢ ᠦᠢᠯᠡᠳᠪᠦᠷᠢᠯᠡᠯ ᠤᠨ《ᠪᠠᠶᠢᠴᠠᠭᠠᠭᠴᠢ》᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ  ᠤ《ᠬᠤᠯᠪᠤᠭᠠᠴᠢᠨ》᠂ ᠠᠮᠤᠷ ᠲᠦᠪᠰᠢᠨ ᠲᠤᠭᠳᠠᠭᠤᠨ ᠪᠠᠶᠢᠳᠠᠯ ᠤᠨ《ᠰᠠᠬᠢᠨ ᠬᠠᠮᠠᠭᠠᠯᠠᠭᠴᠢ 》 ᠪᠤᠯᠵᠤ᠂ᠠᠮᠤᠷ ᠲᠠᠶᠢᠪᠤᠩ ᠢ ᠦᠨᠴᠦᠭ ᠪᠤᠯᠤᠩ ᠳᠤ ᠬᠦᠷᠭᠡᠵᠡᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号