ᠲᠤᠭᠤᠷᠢᠭ ᠤᠨ ᠨᠠᠮ ᠤᠨ ᠬᠤᠷᠢᠶᠠᠨ ᠤ ᠠᠬᠠᠮᠠᠳ ᠺᠠᠳ᠋ᠷ ᠤᠨ ᠲᠤᠪᠴᠢᠶ᠎ᠠ ᠦᠨᠡᠨ ᠰᠡᠳᠭᠢᠯ ᠠᠴᠠ ᠪᠠᠨ ᠨᠠᠷᠢᠯᠢᠭ ᠤᠨᠤᠪᠴᠢᠳᠢ ᠦᠢᠯᠡᠴᠢᠯᠡᠭᠡ ᠬᠠᠩᠭᠠᠪᠠ
ᠨᠡᠶᠢᠲᠡᠯᠡᠭᠰᠡᠨ ᠴᠠᠭ᠄
2022/9/14
     ᠤᠶᠢᠷ᠎ᠠ ᠳᠤ᠂ ᠲᠤᠭᠤᠷᠢᠭ ᠤᠨ ᠨᠠᠮ ᠤᠨ ᠬᠤᠷᠢᠶᠠᠨ ᠤ ᠠᠬᠠᠮᠠᠳ ᠺᠠᠳ᠋ᠷ ᠤᠨ ᠲᠤᠪᠴᠢᠶ᠎ᠠ《ᠭᠡᠷ ᠪᠦᠯᠢ ᠶᠢᠨ ᠡᠮᠴᠢ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ》ᠬᠦᠳᠡᠯᠭᠡᠭᠡᠨ ᠦᠷᠨᠢᠭᠦᠯᠵᠦ᠂ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠲᠤ ᠲᠦᠭᠦᠮ ᠲᠦᠳᠡ᠂ ᠦᠪᠡᠷᠮᠢᠴᠡ᠂ ᠴᠢᠨᠠᠷᠵᠢᠭᠤᠨ ᠡᠮᠨᠡᠯᠭᠡ ᠶᠢᠨ ᠦᠢᠯᠡᠴᠢᠯᠡᠭᠡ ᠬᠠᠩᠭᠠᠵᠤ᠂ ᠠᠬᠠᠮᠠᠳ ᠺᠠᠳ᠋ᠷᠴᠤᠳ ᠤᠨ ᠦᠳᠡᠯᠦᠭᠡ ᠨᠠᠰᠤᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠵᠡᠢ᠃ ᠬᠦᠳᠡᠯᠭᠡᠭᠡᠨ ᠳᠤ᠂ ᠠᠵᠢᠯᠳᠠᠳ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠲᠤ ᠴᠢᠰᠤᠨ ᠲᠠᠷᠤᠯᠳᠠ᠂ ᠴᠢᠰᠤᠨ ᠰᠢᠭᠢᠷ ᠤᠨ ᠪᠠᠶᠢᠴᠠᠭᠠᠯᠳᠠ ᠬᠢᠵᠦ᠂ ᠪᠡᠶ᠎ᠡ ᠶᠢᠨ ᠪᠠᠶᠢᠴᠠᠭᠠᠯᠳᠠ ᠶᠢᠨ ᠮᠡᠳᠡᠭᠦᠯᠦᠯᠳᠡ ᠪᠠ ᠪᠡᠶ᠎ᠡ ᠶᠢᠨ ᠪᠠᠶᠢᠳᠠᠯ ᠳᠤᠨᠢ ᠦᠨᠳᠦᠰᠦᠯᠡᠵᠦ᠂ ᠬᠠᠷᠠᠭᠠᠯᠵᠠᠭᠰᠠᠨ ᠡᠷᠡᠭᠦᠯ ᠮᠡᠨᠳᠦ ᠶᠢᠨ ᠬᠦᠮᠦᠵᠢᠯ᠂ ᠡᠷᠡᠭᠦᠯ ᠮᠡᠨᠳᠦ ᠶᠢᠨ ᠵᠦᠪᠯᠡᠯᠭᠡ ᠪᠡ ᠲᠤᠰᠬᠠᠢ ᠡᠮᠴᠢᠯᠡᠭᠡᠨ ᠤ ᠵᠢᠯᠤᠭᠤᠳᠤᠯᠭ᠎ᠠ᠂ ᠡᠮ ᠭᠡᠷᠡᠭᠯᠡᠬᠦ ᠵᠢᠯᠤᠭᠤᠳᠤᠯᠭ᠎ᠠ ᠬᠠᠩᠭᠠᠪᠠ᠃ ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠨᠠᠮ ᠤᠨ ᠬᠤᠷᠢᠶᠠᠨ ᠤ ᠠᠬᠠᠮᠠᠳ ᠺᠠᠳ᠋ᠷ ᠤᠨ ᠲᠤᠪᠴᠢᠶ᠎ᠠ ᠨᠡᠩ ᠤᠯᠠᠨ ᠨᠠᠷᠢᠯᠢᠭ ᠤᠨᠤᠪᠴᠢᠳᠢ᠂ ᠦᠪᠡᠷᠮᠢᠴᠡ ᠤᠨᠴᠯᠢᠭᠳᠤ ᠦᠢᠯᠡᠴᠢᠯᠡᠭᠡ ᠬᠠᠩᠭᠠᠵᠤ᠂ ᠠᠬᠠᠮᠠᠳ ᠺᠠᠳ᠋ᠷᠴᠤᠳ ᠢ ᠦᠭᠡᠷᠡᠴᠢᠯᠡᠯᠳᠡ ᠬᠦᠭᠵᠢᠯᠳᠡ ᠶᠢᠨ ᠦᠷ᠎ᠡ ᠪᠦᠳᠦᠭᠡᠯ ᠢ ᠬᠠᠮᠳᠤᠪᠡᠷ ᠡᠳ᠋ᠯᠡᠭᠦᠯᠵᠦ᠂ ᠦᠳᠡᠯᠦᠭᠡ ᠨᠠᠰᠤ ᠪᠠᠨ ᠵᠤᠯ ᠵᠢᠷᠭᠠᠯ ᠲᠠᠢ ᠦᠩᠭᠡᠷᠡᠭᠦᠯᠬᠦ ᠪᠠᠷ ᠴᠢᠷᠮᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号