ᠪᠤᠭᠤᠳᠤ ᠬᠤᠳᠠ ᠶᠢᠨ ᠬᠦᠩᠭᠡᠨ ᠠᠵᠤ ᠦᠢᠯᠡᠳᠪᠤᠷᠢ ᠶᠢᠨ ᠲᠡᠭᠡᠳᠦ ᠰᠤᠷᠭᠠᠭᠤᠯᠢ ᠶᠢᠨ ᠫᠠᠯᠠᠨ ᠬᠢᠭᠦ ᠤᠷᠠᠯᠢᠭᠴᠢᠨ —  ᠪᠦᠷᠭᠦᠳ
ᠨᠡᠶᠢᠲᠡᠯᠡᠭᠰᠡᠨ ᠴᠠᠭ᠄
2022/9/15
      ᠫᠠᠯᠠᠨ ᠪᠤᠯ ᠶᠤᠸᠠᠨ ᠤᠯᠤᠰ ᠤᠨ ᠦᠶ᠎ᠡ ᠳᠤ ᠠᠷᠠᠪ ᠤᠷᠤᠨ ᠠᠴᠠ ᠲᠤᠮᠳᠠᠳᠤ ᠤᠯᠤᠰ ᠲᠤ ᠤᠷᠤᠵᠤ ᠢᠷᠡᠭᠰᠡᠨ ᠨᠢᠭᠡ ᠲᠦᠷᠦᠯ ᠤᠨ ᠭᠠᠷ ᠤᠷᠠᠯᠠᠯ ᠤᠨ ᠪᠦᠳᠦᠭᠡᠭᠳᠡᠭᠦᠨ ᠪᠤᠯᠤᠨ᠎ᠠ᠃ ᠲᠡᠷᠡ ᠨᠢ ᠠᠯᠳᠠ ᠮᠦᠩᠬᠦ ᠵᠡᠰ ᠪᠤᠯᠤᠨ ᠤᠯᠠᠨ ᠲᠦᠷᠦᠯ ᠤᠨ ᠪᠠᠶᠢᠭᠠᠯᠢ ᠶᠢᠨ ᠡᠷᠦᠳᠡᠰᠦ ᠪᠠᠷ ᠮᠠᠲ᠋ᠧᠷᠢᠶᠠᠯ ᠪᠤᠯᠭᠠᠵᠤ᠂ ᠤᠷᠠᠨ ᠵᠢᠷᠤᠭ ᠭᠠᠷ ᠤᠷᠠᠯᠠᠯ᠂ ᠰᠡᠶᠢᠯᠦᠮᠡᠯ᠂ ᠰᠢᠯ ᠬᠠᠶᠢᠯᠠᠭᠤᠯᠬᠤ᠂ ᠲᠡᠮᠦᠷᠯᠢᠭ ᠬᠠᠶᠢᠯᠠᠭᠤᠯᠬᠤ᠂ ᠵᠢᠷᠤᠵᠤ ᠲᠦᠰᠦᠪᠯᠡᠬᠦ ᠵᠡᠷᠭᠡ ᠲᠤᠰᠬᠠᠢ ᠮᠡᠷᠭᠡᠵᠢᠯ ᠢ ᠨᠢᠭᠡ ᠴᠤᠭᠴᠠᠵᠢᠭᠤᠯᠵᠤ ᠦᠢᠯᠡᠳᠳᠡᠭ᠃       ᠪᠤᠭᠤᠳᠤ ᠬᠤᠳᠠ ᠶᠢᠨ ᠬᠦᠩᠭᠡᠨ ᠠᠵᠤ ᠦᠢᠯᠡᠳᠪᠤᠷᠢ ᠶᠢᠨ ᠲᠡᠭᠡᠳᠦ ᠰᠤᠷᠭᠠᠭᠤᠯᠢ ᠎ ᠳᠤ ᠪᠠᠭᠰᠢᠯᠠᠵᠤ ᠪᠠᠶᠢᠭ᠎ᠠ ᠪᠦᠷᠭᠦᠳ ᠪᠤᠯ ᠮᠤᠩᠭᠤᠯ ᠦᠨᠳᠦᠰᠦᠳᠡᠨ ᠤ ᠲᠤᠭᠠᠳᠠᠢ ᠭᠡᠳᠦᠨ ᠪᠦᠷᠢᠨ ᠴᠢᠳᠠᠪᠤᠷᠢᠳᠠᠢ ᠫᠠᠯᠠᠨ ᠬᠢᠭᠦ ᠤᠷᠠᠯᠢᠭᠴᠢᠨ ᠎ ᠤ ᠨᠢᠭᠡ ᠨᠢ ᠪᠤᠯᠵᠠᠢ᠃      2000 ᠤᠨ ᠳᠤ ᠪᠦᠷᠭᠦᠳ ᠦᠪᠦᠷ ᠮᠤᠩᠭᠤᠯ ᠤᠨ ᠦᠨᠳᠦᠰᠦᠳᠡᠨ ᠤ ᠶᠡᠭᠡ ᠰᠤᠷᠭᠠᠭᠤᠯᠢ ᠶᠢᠨ ᠤᠷᠠᠨ ᠵᠢᠷᠤᠭ ᠤᠨ ᠲᠡᠭᠡᠳᠦ ᠰᠤᠷᠭᠠᠭᠤᠯᠢ ᠳᠤ ᠰᠢᠯᠭᠠᠨ ᠤᠷᠤᠵᠤ ᠤᠷᠠᠨ ᠵᠢᠷᠤᠭ ᠤᠨ ᠮᠡᠷᠭᠡᠵᠢᠯ ᠰᠤᠷᠤᠯᠴᠠᠪᠠ᠂ ᠲᠡᠭᠦᠰᠦᠭᠰᠡᠨ ᠤ ᠪᠠᠨ ᠲᠠᠷᠠᠭ᠎ᠠ ᠪᠤᠭᠤᠳᠤ ᠬᠤᠳᠠ ᠶᠢᠨ ᠬᠦᠩᠭᠡᠨ ᠠᠵᠤ ᠦᠢᠯᠡᠳᠪᠦᠷᠢ ᠶᠢᠨ ᠲᠡᠭᠡᠳᠦ ᠰᠤᠷᠭᠠᠭᠤᠯᠢ ᠎ ᠳᠤ ᠤᠷᠠᠯᠢᠭ ᠲᠦᠰᠦᠪᠯᠡᠯ ᠤᠨ ᠮᠡᠷᠭᠡᠵᠢᠯ ᠢᠶᠠᠷ ᠪᠠᠭᠰᠢᠯᠠᠵᠠᠢ᠃ ᠲᠡᠷᠡ ᠠᠮᠠᠷᠠᠯᠳᠠ ᠶᠢᠨ ᠬᠤᠭᠤᠴᠠᠭ᠎ᠠ ᠪᠠᠨ ᠠᠰᠢᠭᠯᠠᠵᠤ ᠲᠤᠮᠳᠠᠳᠤ ᠤᠯᠤᠰ ᠤᠨ ᠭᠠᠷ ᠤᠷᠠᠯᠠᠯ ᠤᠷᠠᠨ ᠵᠢᠷᠤᠭ ᠤᠨ ᠨᠡᠷᠡᠳᠦ ᠪᠠᠭᠰᠢ ᠵᠦᠩ ᠯᠢᠶᠠᠨ ᠱᠧᠩ᠂ ᠮᠢ ᠵᠧᠨ ᠰᠢᠶᠦ᠋ᠩ ᠵᠡᠷᠭᠡ ᠳᠤ ᠱᠠᠪᠢᠯᠠᠵᠤ ᠫᠠᠯᠠᠨ ᠬᠢᠬᠦ ᠮᠡᠷᠭᠡᠵᠢᠯ ᠰᠤᠷᠤᠯᠴᠠᠵᠤ᠂ ᠠᠭᠠᠵᠢᠮ ᠢᠶᠠᠷ ᠮᠤᠩᠭᠤᠯ ᠦᠨᠳᠦᠰᠦᠳᠡᠨ ᠤ ᠲᠤᠭᠠᠳᠠᠢ ᠭᠡᠳᠦᠨ ᠪᠦᠷᠢᠨ ᠴᠢᠳᠠᠪᠤᠷᠢᠳᠠᠢ ᠫᠠᠯᠠᠨ ᠬᠢᠭᠦ ᠤᠷᠠᠯᠢᠭᠴᠢᠨ ᠎ ᠤ ᠨᠢᠭᠡ ᠨᠢ ᠪᠤᠯᠵᠠᠢ᠃
1672138273694.jpg
微信图片_20221227184919_副本.jpg
微信图片_20221227184913_副本.jpg
微信图片_20221227184857_副本.jpg
微信图片_20221227184900_副本.jpg
微信图片_20221227184927_副本.jpg
微信图片_20221227185217_副本.jpg
微信图片_20221227184837_副本.jpg
微信图片_20221227185221_副本.jpg
 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号