ᠵᠤᠯ ᠵᠢᠷᠭᠠᠯᠳᠤ ᠵᠠᠮ ᠤᠨ ᠶᠠᠩ ᠭᠤᠸᠠᠩ ᠨᠡᠶᠢᠭᠡᠮ ᠲᠤᠭᠤᠷᠢᠭ ᠪᠠᠷᠢᠯᠭ᠎ᠠ ᠶᠢᠨ ᠲᠤᠭᠳᠠᠭᠠᠯ ᠠᠴᠠ ᠵᠦᠷᠢᠴᠡᠭᠰᠡᠨ ᠲᠠᠭᠳᠠᠭ᠎ᠠ ᠶᠢᠨ ᠰᠢᠩᠭᠡᠯᠢᠭ ᠢ ᠨᠤᠷᠠᠭᠠᠵᠤ ᠦᠵᠡᠰᠭᠦᠯᠡᠩᠳᠦ ᠰᠠᠶᠢᠬᠠᠨ ᠡᠶ᠎ᠡ ᠵᠤᠬᠢᠴᠠᠩᠭᠤᠢ ᠰᠢᠨ᠎ᠡ ᠨᠡᠶᠢᠭᠡᠮ ᠲᠤᠭᠤᠷᠢᠭ ᠢ ᠪᠠᠶᠢᠭᠤᠯᠪᠠ
ᠨᠡᠶᠢᠲᠡᠯᠡᠭᠰᠡᠨ ᠴᠠᠭ᠄
2022/9/15
     ᠤᠶᠢᠷ᠎ᠠ ᠳᠤ᠂ ᠬᠠᠷᠢᠶᠠᠳᠤ ᠤᠷᠤᠨ ᠤ ᠤᠷᠴᠢᠨ ᠲᠤᠭᠤᠷᠢᠨ ᠢ ᠶᠡᠷᠦᠩᠭᠡᠶᠢᠯᠡᠨ ᠵᠠᠰᠠᠬᠤ ᠠᠵᠢᠯ ᠢ ᠬᠦᠨᠵᠡᠭᠡᠢ ᠲᠦᠯᠬᠢᠨ ᠠᠬᠢᠭᠤᠯᠬᠤ ᠶᠢᠨ ᠲᠦᠯᠦᠭᠡ᠂ ᠵᠤᠯ ᠵᠢᠷᠭᠠᠯᠳᠤ ᠵᠠᠮ ᠤᠨ  ᠶᠠᠩ ᠭᠤᠸᠠᠩ ᠨᠡᠶᠢᠭᠡᠮ ᠲᠤᠭᠤᠷᠢᠭ ᠬᠤᠳᠠ  ᠶᠢᠨ ᠬᠠᠮᠢᠶᠠᠷᠤᠯᠳᠠ ᠬᠠᠤᠯᠢ ᠭᠡᠷᠡᠭᠵᠢᠭᠦᠯᠬᠦ ᠲᠤᠪᠴᠢᠶ᠎ᠠ ᠲᠠᠢ ᠬᠠᠮᠳᠤᠷᠠᠯᠴᠠᠨ《ᠰᠠᠭᠤᠭᠠᠯᠢ ᠠᠷᠠᠳ ᠤᠨ ᠬᠠᠭᠤᠴᠢᠨ ᠲᠤᠭᠤᠷᠢᠭ ᠢ ᠵᠠᠰᠠᠨ ᠦᠭᠡᠷᠡᠴᠢᠯᠡᠬᠦ》 ᠪᠠᠷ ᠠᠵᠠ ᠲᠤᠬᠢᠶᠠᠯ ᠪᠤᠯᠭᠠᠨ᠂ ᠦᠵᠡᠰᠭᠦᠯᠡᠩᠳᠦ ᠰᠠᠶᠢᠬᠠᠨ ᠡᠶ᠎ᠡ ᠵᠤᠬᠢᠴᠠᠩᠭᠤᠢ ᠰᠢᠨ᠎ᠡ ᠨᠡᠶᠢᠭᠡᠮ ᠲᠤᠭᠤᠷᠢᠭ ᠢ ᠪᠦᠳᠦᠭᠡᠨ ᠪᠠᠶᠢᠭᠤᠯᠬᠤ ᠪᠠᠷ ᠭᠤᠤᠯᠳᠠᠯᠭ᠎ᠠ ᠪᠠᠨ ᠪᠤᠯᠭᠠᠨ᠂ ᠲᠤᠭᠳᠠᠭᠠᠯ  ᠠᠴᠠ ᠵᠦᠷᠢᠴᠡᠭᠰᠡᠨ  ᠪᠠᠷᠢᠯᠭ᠎ᠠ ᠶᠢ ᠲᠦᠪᠯᠡᠷᠡᠭᠦᠯᠦᠨ ᠨᠤᠷᠠᠭᠠᠬᠤ ᠪᠡᠷᠭᠡ ᠰᠡᠳᠦᠪ ᠢ ᠰᠢᠢᠳᠪᠦᠷᠢᠯᠡᠬᠦ ᠲᠠᠶᠢᠨ ᠢ ᠡᠬᠢᠯᠡᠭᠦᠯᠪᠡ᠃ ᠬᠦᠳᠡᠯᠮᠦᠷᠢ ᠵᠠᠮ ᠤᠨ ᠶᠢᠰᠦᠳᠦᠭᠡᠷ ᠲᠤᠭᠤᠷᠢᠭ ᠪᠠ ᠬᠦᠳᠡᠯᠮᠦᠷᠢ ᠵᠠᠮ ᠤᠨ  ᠠᠷᠪᠠᠨ ᠨᠢᠭᠡᠳᠦᠭᠡᠷ ᠲᠤᠭᠤᠷᠢᠭ ᠤᠨ ᠨᠡᠶᠢᠳᠡ 300 ᠺᠦᠸ᠋ᠳ᠋ ᠮᠧᠲᠷ ᠤᠨ ᠲᠠᠭᠳᠠᠭ᠎ᠠ ᠶᠢᠨ ᠰᠢᠩᠭᠡᠯᠢᠭ ᠢ ᠨᠢᠭᠡᠳᠦᠯᠳᠡᠢ ᠪᠠᠷ ᠨᠤᠷᠠᠭᠠᠵᠤ ᠰᠠᠭᠤᠭᠠᠯᠢ ᠠᠷᠠᠳ ᠤᠨ ᠰᠠᠶᠢᠨ ᠦᠨᠡᠯᠡᠯᠳᠠ ᠶᠢ ᠤᠯᠵᠠᠢ᠃ ᠲᠤᠰ ᠤᠳᠠᠭᠠᠨ ᠤ ᠲᠠᠭᠳᠠᠭ᠎ᠠ ᠶᠢᠨ ᠰᠢᠩᠭᠡᠯᠢᠭ ᠢ ᠨᠤᠷᠠᠭᠠᠬᠤ ᠠᠵᠢᠯ ᠨᠢ ᠬᠠᠷᠢᠶᠠᠳᠤ ᠤᠷᠤᠨ ᠤ ᠰᠠᠭᠤᠭᠠᠯᠢ ᠠᠷᠠᠳ ᠲᠤ ᠴᠡᠪᠡᠷ ᠴᠡᠮᠴᠡᠭᠡᠷ᠂ ᠡᠮᠬᠢ ᠲᠢᠭᠯᠢᠮ ᠲᠠᠢ ᠠᠮᠢᠳᠤᠷᠠᠯ ᠤᠨ ᠤᠷᠴᠢᠨ ᠲᠤᠭᠤᠷᠢᠨ ᠢ ᠪᠤᠢ ᠪᠤᠯᠭᠠᠵᠤ᠂ ᠡᠶ᠎ᠡ ᠵᠤᠬᠢᠴᠠᠩᠭᠤᠢ ᠨᠡᠶᠢᠭᠡᠮ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠤᠭᠰᠠᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号