ᠴᠢᠩᠱᠠᠨ ᠵᠠᠮ ᠤᠨ ᠵᠡᠭᠡᠯᠢ ᠭᠤᠳᠤᠮᠵᠢ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ  ᠤᠬᠠᠭᠠᠵᠤ ᠬᠤᠰᠢᠭᠤᠴᠢ ᠪᠤᠯᠬᠤ ᠪᠠᠷ ᠲᠡᠮᠡᠴᠡᠵᠦ  ᠰᠤᠷᠤᠯᠴᠠᠯᠭ᠎ᠠ ᠶᠢᠨ ᠰᠢᠨ᠎ᠡ ᠦᠨᠳᠦᠷᠯᠢᠭ ᠢ ᠴᠤᠭᠴᠠᠯᠠᠵᠠᠢ
ᠨᠡᠶᠢᠲᠡᠯᠡᠭᠰᠡᠨ ᠴᠠᠭ᠄
2022/9/16
     ᠵᠡᠭᠡᠯᠢ ᠭᠤᠳᠤᠮᠵᠢ ᠶᠢᠨ ᠪᠦᠬᠦ ᠨᠠᠮ ᠤᠨ ᠬᠡᠰᠢᠭᠦᠨ ᠤᠯᠠᠨ ᠲᠦᠮᠡᠨ ᠤ ᠠᠵᠢᠯ ᠤᠨ  ᠪᠤᠳᠠᠳᠠᠢ ᠲᠠᠢ ᠪᠠᠨ ᠤᠶᠠᠯᠳᠤᠭᠤᠯᠤᠨ᠂《ᠰᠤᠷᠤᠯᠴᠠᠯᠭ᠎ᠠ ᠪᠠᠷ ᠤᠯᠤᠰ ᠢᠶᠠᠨ ᠬᠦᠴᠦᠷᠭᠡᠭᠵᠢᠭᠦᠯᠬᠦ》ᠲᠠᠪᠴᠠᠩ ᠢ ᠰᠠᠶᠢᠳᠤᠷ ᠠᠰᠢᠭᠯᠠᠵᠤ᠂ ᠨᠠᠮ ᠤᠨ ᠰᠢᠨ᠎ᠡ ᠤᠨᠤᠯ ᠪᠡ ᠱᠤᠭᠤᠮ ᠴᠢᠭᠯᠡᠯᠳᠡ ᠲᠦᠷᠦ ᠶᠢᠨ ᠪᠤᠳᠤᠯᠭ᠎ᠠ ᠶᠢ ᠪᠦᠭᠦ ᠲᠠᠯ᠎ᠠ ᠪᠠᠷ  ᠰᠤᠷᠤᠯᠴᠠᠭᠤᠯᠬᠤ  ᠶᠢᠨ ᠲᠦᠯᠦᠭᠡ᠂ ᠤᠶᠢᠷ᠎ᠠ ᠳᠤ᠂ ᠴᠢᠩᠱᠠᠨ ᠵᠠᠮ ᠤᠨ ᠵᠡᠭᠡᠯᠢ ᠭᠤᠳᠤᠮᠵᠢ 7 ᠨᠡᠶᠢᠭᠡᠮ ᠲᠤᠭᠤᠷᠢᠭ ᠢ ᠵᠤᠭᠢᠶᠠᠨ ᠪᠠᠶᠢᠭᠤᠯᠵᠤ ᠰᠡᠳᠦᠪ ᠬᠠᠷᠢᠭᠤᠯᠬᠤ ᠤᠷᠤᠯᠳᠤᠭᠠᠨ ᠦᠷᠨᠢᠭᠦᠯᠵᠦ᠂ ᠪᠦᠬᠦ ᠠᠷᠠᠳ ᠢᠶᠠᠷ ᠢᠶᠠᠨ ᠰᠤᠷᠤᠯᠴᠠᠬᠤ ᠬᠠᠯᠠᠭᠤᠨ ᠠᠭᠤᠷ  ᠠᠮᠢᠰᠬᠤᠯ ᠢ ᠪᠤᠢ ᠪᠤᠯᠭᠠᠪᠠ᠃ ᠲᠤᠰ ᠤᠳᠠᠭᠠᠨ ᠤ ᠰᠡᠳᠦᠪ ᠬᠠᠷᠢᠭᠤᠯᠬᠤ ᠮᠦᠷᠦᠶᠢᠴᠡᠭᠡᠨ ᠠᠭᠤᠯᠭ᠎ᠠ ᠪᠠᠷ ᠪᠠᠶᠠᠯᠢᠭ ᠪᠠᠶᠢᠵᠤ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ᠂《ᠲᠦᠷᠪᠡᠨ ᠲᠡᠦᠭᠡ》ᠪᠠ《ᠰᠤᠷᠤᠯᠴᠠᠯᠭ᠎ᠠ ᠪᠠᠷ ᠤᠯᠤᠰ ᠢᠶᠠᠨ ᠬᠦᠴᠦᠷᠭᠡᠭᠵᠢᠭᠦᠯᠬᠦ》ᠵᠡᠷᠭᠡ ᠬᠠᠮᠢᠶ᠎ᠡ ᠪᠦᠬᠦᠢ ᠠᠭᠤᠯᠭ᠎ᠠ ᠶᠢ ᠪᠠᠭᠳᠠᠭᠠᠵᠤ᠂《ᠰᠤᠷᠤᠯᠴᠠᠯᠭ᠎ᠠ ᠪᠠᠷ ᠤᠯᠤᠰ ᠢᠶᠠᠨ ᠬᠦᠴᠦᠷᠭᠡᠭᠵᠢᠭᠦᠯᠬᠦ》ᠲᠠᠪᠴᠠᠩ ᠤᠨ  ᠬᠡᠷᠡᠭᠯᠡᠯᠳᠡ ᠶᠢᠨ ᠨᠤᠷᠮ᠎ᠠ᠂ ᠪᠦᠷᠭᠦᠴᠡ ᠶᠢᠨ ᠭᠡᠪᠴᠢᠶ᠎ᠡ ᠪᠡ ᠨᠦᠯᠦᠭᠡᠯᠡᠯ   ᠢ ᠤᠯᠠᠮ ᠨᠢᠭᠡ ᠠᠯᠬᠤᠮ ᠨᠡᠮᠡᠭᠳᠡᠭᠦᠯᠦᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠴᠢᠩᠱᠠᠨ ᠵᠠᠮ ᠤᠨ ᠵᠡᠭᠡᠯᠢ ᠭᠤᠳᠤᠮᠵᠢ ᠬᠦᠳᠡᠯᠭᠡᠭᠡᠨ ᠤ ᠭᠡᠯᠪᠡᠷᠢ ᠪᠠᠨ ᠲᠠᠰᠤᠷᠠᠯᠳᠠ ᠦᠭᠡᠢ ᠰᠢᠨᠡᠳᠭᠡᠨ ᠪᠠᠶᠠᠯᠢᠭᠵᠢᠭᠤᠯᠵᠤ᠂《ᠮᠦᠷᠦᠶᠢᠴᠡᠨ ᠰᠤᠷᠤᠯᠴᠠᠵᠤ ᠲᠠᠪᠡᠨ ᠭᠠᠷᠬᠤ》ᠬᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠵᠤ᠂ ᠦᠷᠭᠡᠨ ᠤᠯᠠᠨ ᠺᠠᠳ᠋ᠷ ᠪᠠ ᠤᠯᠠᠨ ᠲᠦᠮᠡᠨ《ᠰᠤᠷᠤᠯᠴᠠᠯᠭ᠎ᠠ ᠪᠠᠷ ᠤᠯᠤᠰ ᠢᠶᠠᠨ ᠬᠦᠴᠦᠷᠭᠡᠭᠵᠢᠭᠦᠯᠬᠦ》ᠲᠠᠪᠴᠠᠩ   ᠳᠤ ᠰᠠᠶᠢᠳᠤᠷ ᠰᠤᠷᠤᠯᠴᠠᠵᠤ᠂ ᠲᠠᠪᠴᠠᠩ ᠢ ᠰᠠᠶᠢᠳᠤᠷ ᠠᠰᠢᠭᠯᠠᠨ ᠡᠯ᠎ᠡ ᠲᠦᠷᠦᠯ   ᠤᠨ  ᠠᠵᠢᠯᠯᠠᠭᠠᠨ ᠤ ᠶᠠᠰᠤ ᠴᠢᠨᠠᠷ  ᠪᠠ ᠦᠷ᠎ᠡ ᠠᠰᠢᠭ   ᠢᠶᠠᠨ  ᠲᠡᠭᠡᠭᠰᠢᠯᠡᠭᠦᠯᠬᠦ ᠶᠢ ᠦᠨᠡᠨ ᠬᠦ ᠪᠠᠳᠤᠯᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号