ᠴᠢᠩᠱᠠᠨ ᠲᠤᠭᠤᠷᠢᠭ ᠤᠨ ᠨᠤᠮ ᠤᠨ ᠰᠠᠩ ᠨᠡᠶᠢᠭᠡᠮ ᠨᠡᠶᠢᠳᠡ‌‍ᠶᠢᠨ ᠨᠤᠮ ᠤᠩᠰᠢᠯᠭ᠎ᠠ ᠶᠢ ᠵᠢᠭᠤᠯᠴᠢᠯᠠᠯ ᠎ ᠤᠨ ᠤᠷᠤᠨ ᠳᠤ ᠤᠷᠤᠭᠤᠯᠪᠠ
ᠨᠡᠶᠢᠲᠡᠯᠡᠭᠰᠡᠨ ᠴᠠᠭ᠄
2022/9/19
     ᠴᠢᠩᠱᠠᠨ ᠲᠤᠭᠤᠷᠢᠭ ᠤᠨ ᠰᠤᠶᠤᠯ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠳᠠᠢ ᠠᠭᠤᠰᠤᠯᠴᠠᠨ ᠬᠦᠭᠵᠢᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠤᠷᠤᠨ ᠨᠤᠳᠤᠭ ᠤᠨ ᠰᠤᠶᠤᠯ ᠨᠢ ᠵᠢᠭᠤᠯᠴᠢᠯᠠᠯ ᠤᠨ ᠦᠢᠯᠡᠰ ᠤᠨ ᠠᠭᠤᠯᠬᠤᠨ ᠢ ᠪᠠᠶᠠᠯᠢᠭᠵᠢᠭᠤᠯᠬᠤ  ᠎ ᠳᠤ ᠬᠦᠴᠦᠨ ᠨᠡᠮᠡᠷᠢᠯᠡᠵᠦ᠂ ᠵᠢᠭᠤᠯᠴᠢᠯᠠᠯ ᠤᠨ ᠦᠵᠡᠮᠵᠢ ᠶᠢᠨ ᠤᠷᠤᠨ ᠢᠶᠠᠷ ᠲᠦᠰᠢᠭ ᠪᠤᠯᠭᠠᠭᠰᠠᠨ ᠪᠦᠬᠦ ᠠᠷᠠᠳ ᠤᠨ ᠤᠩᠰᠢᠯᠭ᠎ᠠ ᠶᠢᠨ ᠲᠠᠪᠴᠠᠩ ᠢ ᠴᠤᠭᠴᠠᠯᠠᠬᠤ ᠶᠢᠨ ᠲᠦᠯᠦᠭᠡ᠂ ᠴᠢᠩᠱᠠᠨ ᠲᠤᠭᠤᠷᠢᠭ ᠤᠨ ᠨᠤᠮ ᠤᠨ ᠰᠠᠩ ᠲᠤᠭᠤᠷᠢᠭ ᠤᠨ ᠲᠤᠳᠤᠷᠠᠬᠢ ᠠᠷᠠᠳ ᠤᠨ ᠬᠤᠪᠢ ᠵᠢᠨ‌ᠤᠷᠤᠨ ᠰᠠᠭᠤᠴᠠ ᠪᠠᠷ ᠪᠠᠭᠤᠳᠠᠯ ᠪᠤᠯᠭᠠᠨ ᠡᠵᠡᠩᠨᠡᠭᠦ᠂ ᠦᠵᠡᠮᠵᠢ ᠶᠢᠨ ᠤᠷᠤᠨ ᠵᠡᠷᠭᠡ ᠭᠠᠵᠠᠷ ᠲᠤ ᠤᠯᠠᠨ ᠨᠡᠶᠢᠳᠡᠴᠢ ᠴᠢᠨᠠᠷ ᠎ ᠲᠠᠢ᠂ ᠪᠦᠳᠦᠭᠡᠯᠴᠢ ᠴᠢᠨᠠᠷᠳᠠᠢ᠂ ᠠᠭᠤᠰᠤᠯᠴᠠᠯ ᠴᠢᠨᠠᠷ ᠪᠦᠭᠦᠢ ᠰᠠᠩ ᠤᠨ ᠭᠠᠳᠠᠨᠠᠭᠢ ᠦᠢᠯᠡᠴᠢᠯᠡᠭᠡᠨ ᠤ ᠴᠢᠭ ᠢ ᠪᠠᠶᠢᠭᠤᠯᠵᠠᠢ᠃ ᠴᠢᠩᠱᠠᠨ ᠲᠤᠭᠤᠷᠢᠭ ᠤᠨ ᠨᠤᠮ ᠤᠨ ᠰᠠᠩ ᠡᠯ᠎ᠡ ᠦᠵᠡᠮᠵᠢ ᠶᠢᠨ ᠤᠷᠤᠨ ᠳᠤ ᠬᠦᠷᠴᠦ ᠪᠠᠶᠢᠴᠠᠭᠠᠯᠳᠠ ᠬᠢᠵᠦ᠂ ᠭᠠᠵᠠᠷ ᠰᠤᠩᠭᠤᠬᠤ ᠵᠡᠷᠭᠡ ᠡᠮᠦᠨᠡᠭᠢ ᠬᠤᠭᠤᠴᠠᠭᠠᠨ ᠤ ᠪᠡᠯᠡᠳᠭᠡᠯ ᠠᠵᠢᠯ ᠤᠨ ᠰᠠᠭᠤᠷᠢᠨ ᠳᠤ᠂  ᠪᠤᠭᠤᠳᠤ ᠎ ᠶᠢᠨ ᠤᠮᠠᠷᠠᠳᠤ ᠶᠢᠨ ᠴᠡᠷᠢᠭ ᠵᠡᠪᠰᠡᠭ ᠤᠨ ᠬᠤᠳᠠ ᠪᠡ ᠪᠤᠭᠤᠳᠤ ᠬᠤᠳᠠ ᠶᠢᠨ ᠲᠠᠯᠠᠢ ᠲᠠᠩᠬᠢᠰ ᠤᠨ ᠤᠷᠳᠤᠨ ᠎ ᠳᠤ《ᠴᠢᠩᠱᠠᠨ ᠲᠤᠭᠤᠷᠢᠭ ᠤᠨ ᠨᠤᠮ ᠤᠨ ᠰᠠᠩ ᠤᠨ ᠦᠨᠳᠦᠰᠦᠨ ᠱᠠᠳᠤᠨ ᠳᠤ ᠨᠡᠪᠳᠡᠷᠡᠬᠦ ᠦᠢᠯᠡᠴᠢᠯᠡᠭᠡᠨ ᠤ ᠴᠡᠭ》᠎ ᠢ ᠪᠠᠶᠢᠭᠤᠯᠵᠠᠢ᠃ ᠨᠤᠮ ᠤᠩᠰᠢᠯᠭ᠎ᠠ ᠶᠢ ᠵᠢᠭᠤᠯᠴᠢᠯᠠᠯ ᠲᠠᠢ ᠤᠷᠭᠠᠨᠢᠭ ᠢᠶᠠᠷ ᠤᠶᠠᠯᠳᠤᠭᠤᠯᠬᠤ ᠠᠷᠭ᠎ᠠ ᠪᠠᠷ ᠦᠷᠭᠡᠨ ᠤᠯᠠᠨ ᠬᠤᠳᠠ ᠶᠢᠨ ᠠᠷᠠᠳ ᠤᠨ ᠤᠩᠰᠢᠯᠭ᠎ᠠ ᠶᠢᠨ ᠤᠷᠮ᠎ᠠ ᠪᠠᠭ᠋ᠠᠷᠬᠠᠯ ᠢ ᠬᠦᠭᠵᠢᠭᠡᠬᠦ ᠶᠢᠨ ᠬᠠᠮᠳᠤ ᠪᠦᠬᠦ ᠠᠷᠠᠳ ᠢᠶᠠᠷ ᠢᠶᠠᠨ ᠵᠢᠭᠤᠯᠴᠢᠯᠠᠬᠤ ᠶᠢ ᠲᠦᠯᠬᠢᠨ ᠠᠬᠢᠭᠤᠯᠵᠠᠢ᠃      ᠴᠢᠩᠱᠠᠨ ᠲᠤᠭᠤᠷᠢᠭ ᠤᠨ ᠨᠤᠮ ᠤᠨ ᠰᠠᠩ ᠬᠤᠶᠠᠷ ᠦᠢᠯᠡᠴᠢᠯᠡᠭᠡᠨ ᠤ ᠴᠡᠭ ᠲᠤ 2 ᠨᠤᠮ ᠤᠨ ᠲᠠᠯᠪᠢᠭᠤᠷ ᠬᠠᠩᠭᠠᠵᠤ᠂ ᠭᠡᠦᠭᠡᠳ ᠤᠨ ᠵᠢᠷᠤᠭᠳᠤ ᠲᠡᠪᠳᠡᠷ᠂ ᠤᠯᠤᠰ ᠤᠨ ᠰᠤᠳᠤᠯᠤᠯ ᠤᠨ ᠰᠤᠩᠭᠤᠳᠠᠭ ᠪᠦᠳᠦᠭᠡᠯ᠂ ᠲᠤᠮᠳᠠᠳᠤ ᠤᠯᠤᠰ ᠤᠨ ᠰᠤᠶᠤᠯ ᠮᠡᠳᠡᠯᠭᠡ ᠶᠢᠨ ᠤᠩᠰᠢᠬᠤ ᠪᠢᠴᠢᠭ᠂ ᠴᠡᠷᠢᠭ ᠤᠨ ᠶᠠᠪᠤᠳᠠᠯ ᠤᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠠᠷᠪᠠᠨ ᠭᠡᠳᠦᠨ ᠵᠦᠢᠯ ᠤᠨ ᠨᠤᠮ ᠪᠠ500 ᠭᠠᠷᠦᠢ ᠰᠡᠳᠭᠦᠯ ᠲᠤᠬᠢᠷᠠᠭᠤᠯᠵᠤ᠂ ᠴᠢᠩᠱᠠᠨ ᠲᠤᠭᠤᠷᠢᠭ ᠤᠨ ᠨᠤᠮ ᠤᠨ ᠰᠠᠩ ᠤᠨ ᠦᠨᠳᠦᠰᠦᠨ ᠱᠠᠳᠤᠨ ᠳᠤ ᠨᠡᠪᠳᠡᠷᠡᠬᠦ ᠦᠢᠯᠡᠴᠢᠯᠡᠭᠡᠨ ᠤ ᠴᠡᠭ ᠤᠨ ᠭᠡᠷ᠎ᠡ ᠲᠤᠭᠳᠠᠭᠠᠵᠤ᠂ ᠪᠤᠭᠤᠳᠤ ᠶᠢᠨ ᠤᠮᠠᠷᠠᠳᠤ ᠶᠢᠨ ᠴᠡᠷᠢᠭ ᠵᠡᠪᠰᠡᠭ ᠤᠨ ᠬᠤᠳᠠ ᠪᠡ ᠪᠤᠭᠤᠳᠤ ᠬᠤᠳᠠ ᠶᠢᠨ ᠲᠠᠯᠠᠢ ᠲᠠᠩᠬᠢᠰ ᠤᠨ ᠤᠷᠳᠤᠨ ᠤ ᠨᠤᠮ ᠤᠨ ᠰᠠᠩ ᠤᠨ ᠨᠡᠭᠦᠳᠡᠯ ᠦᠢᠯᠡᠴᠢᠯᠡᠭᠡᠨ ᠤ ᠴᠡᠭ 8 ᠰᠠᠷ᠎ᠠ ᠶᠢᠨ26  ᠎ ᠤ ᠡᠳᠦᠷ ᠠᠴᠠ ᠡᠬᠢᠯᠡᠨ ᠵᠢᠩᠭᠢᠨᠢ ᠪᠠᠷ ᠡᠵᠡᠩᠨᠡᠯᠳᠡ ᠪᠠᠨ ᠡᠭᠢᠯᠡᠭᠦᠯᠪᠡ᠃      
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号