ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
ᠨᠡᠶᠢᠲᠡᠯᠡᠭᠰᠡᠨ ᠴᠠᠭ᠄
2022/9/19
     ᠨᠢᠭᠡ᠂ ᠵᠠᠰᠠᠭ ᠤᠨ ᠤᠷᠳᠤᠨ ᠤ ᠠᠯᠪᠠᠨ ᠭᠡᠷ ᠤᠨ ᠭᠤᠤᠯ ᠡᠭᠦᠷᠭᠡ  ᠬᠠᠷᠢᠭᠤᠴᠠᠯᠭ᠎ᠠ      ︵ᠨᠢᠭᠡ︶ ᠵᠠᠰᠠᠭ ᠤ ᠤᠷᠳᠤᠨ ᠤ ᠤᠳᠤᠷᠢᠳᠬᠤ ᠨᠦᠬᠦᠳ ᠢ ᠬᠠᠮᠵᠢᠨ ᠪᠦᠬᠦ  ᠲᠤᠭᠤᠷᠢᠭ ᠤᠨ ᠠᠵᠢᠯ ᠤᠨ ᠪᠠᠶᠢᠳᠠᠯ ᠢ ᠤᠶᠢᠯᠠᠭᠠᠨ ᠡᠵᠡᠮᠰᠢᠨ᠎ᠡ᠃  ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠳᠤᠷᠢᠳᠬᠤ ᠨᠦᠬᠦᠳ ᠤᠨ ᠵᠢᠭᠠᠪᠤᠷᠢ ᠶᠢ ᠦᠨᠳᠦᠰᠦᠯᠡᠨ᠂  ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠴᠢᠬᠤᠯᠠ ᠪᠠᠶᠢᠷᠢᠯᠠᠭᠤᠯᠤᠳᠠ ᠪᠡ‌‍ᠲ᠋ᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠪᠠᠶᠢᠭᠤᠯᠭ᠎ᠠ ᠨᠢᠭᠡᠴᠡ ᠶᠢᠨ ᠬᠤᠭᠤᠷᠤᠨᠳᠤᠬᠢ ᠮᠠᠷᠭᠤᠯᠳᠤᠭᠠᠨ ᠲᠠᠢ ᠴᠢᠬᠤᠯᠠ ᠠᠰᠠᠭᠤᠳᠠᠯ ᠳᠤ ᠪᠠᠶᠢᠴᠠᠭᠠᠨ ᠰᠤᠳᠤᠯᠤᠳᠠ ᠬᠢᠭᠦ ᠪᠡ ᠨᠢᠭᠡᠳᠦᠯᠳᠡᠢ ᠵᠤᠬᠢᠴᠠᠭᠤᠯᠤᠨ ᠡᠶᠡᠳᠡᠭᠦᠯᠦᠨ᠎ᠡ᠃      ︵ᠬᠤᠶᠠᠷ︶ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠳᠤᠷᠢᠳᠬᠤ ᠨᠦᠬᠦᠳ ᠢ ᠬᠠᠮᠵᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠵᠢᠴᠢ  ᠵᠠᠰᠠᠭ ᠤᠨ ᠤᠷᠳᠤᠨ ᠤ ᠠᠯᠪᠠᠨ ᠭᠡᠷ ᠤᠨ ᠨᠡᠷ᠎ᠡ ᠪᠠᠷ ᠨᠡᠶᠢᠳᠡᠯᠡᠭᠰᠡᠨ ᠠᠯᠪᠡᠨ ᠪᠢᠴᠢᠭ ᠢ ᠵᠤᠭᠢᠶᠠᠨ ᠪᠠᠶᠢᠭᠤᠯᠤᠨ ᠲᠤᠭᠤᠷᠪᠢᠬᠤ ᠪᠤᠶᠤ ᠬᠢᠨᠠᠨ ᠬᠠᠷᠭᠤᠭᠤᠯᠤᠨ᠎ᠠ᠃ ᠵᠠᠰᠠᠭ ᠤᠨ ᠤᠷᠳᠤᠨ ᠤ ᠠᠵᠢᠯ ᠤᠨ ᠢᠯᠡᠳᠭᠡᠯ᠂ ᠵᠠᠰᠠᠭ ᠤᠨ ᠤᠷᠳᠤᠨ ᠤ ᠤᠳᠤᠷᠢᠳᠬᠤ ᠨᠦᠬᠦᠳ ᠤᠨ ᠶᠠᠷᠢᠶᠠᠨ ᠤ ᠨᠤᠤᠷᠠᠭ ᠢ ᠲᠤᠭᠤᠷᠪᠢᠨ᠎ᠠ᠃      ︵ᠭᠤᠷᠪᠠ︶ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ᠂ ᠵᠠᠰᠠᠭ ᠤᠨ ᠤᠷᠳᠤᠨ ᠤ ᠬᠤᠷᠠᠯ  ᠪᠠ ᠵᠠᠰᠠᠭ ᠤᠨ  ᠤᠷᠳᠤᠨ ᠤ  ᠤᠳᠤᠷᠢᠳᠬᠤ ᠨᠦᠬᠦᠳ ᠤᠨ ᠬᠤᠷᠠᠯ ᠤᠨ ᠶᠠᠪᠤᠳᠠᠯ ᠢ ᠬᠠᠷᠢᠭᠤᠴᠠᠵᠤ᠂ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠳᠤᠷᠢᠳᠬᠤ ᠨᠦᠬᠦᠳ ᠢ ᠬᠠᠮᠵᠢᠨ ᠬᠤᠷᠠᠯ ᠠᠴᠠ ᠲᠤᠭᠳᠠᠭᠠᠭᠰᠠᠨ ᠵᠦᠯᠡᠰ ᠢ ᠵᠤᠬᠢᠶᠠᠨ ᠪᠠᠶᠢᠭᠤᠯᠤᠨ ᠭᠡᠷᠡᠭᠵᠢᠭᠦᠯᠦᠨ᠎ᠡ᠃ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠬᠤᠷᠠᠯ ᠠᠴᠠ  ᠬᠢᠨᠠᠨ ᠵᠦᠪᠰᠢᠶᠡᠷᠡᠬᠦ ᠪᠠ ᠬᠠᠮᠢᠶᠠᠷᠬᠤ ᠠᠵᠢᠯ ᠢ ᠬᠠᠷᠢᠭᠤᠴᠠᠨ᠎ᠠ᠃      ︵ᠲᠦᠷᠪᠡ︶ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠴᠢᠬᠤᠯᠠ ᠶᠡᠭᠡ ᠠᠵᠢᠯᠯᠠᠭ᠎ᠠ ᠶᠢ ᠵᠤᠭᠢᠶᠠᠨ ᠪᠠᠶᠢᠭᠤᠯᠬᠤ ᠪᠡ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠳᠤᠷᠢᠳᠬᠤ ᠨᠦᠬᠦᠳ ᠤᠨ ᠲᠤᠳᠤᠨ᠎ᠠ ᠭᠠᠳᠠᠨᠠᠭᠢ ᠴᠢᠬᠤᠯᠠ ᠠᠵᠢᠯᠯᠠᠭ᠎ᠠ ᠶᠢ  ᠲᠤᠬᠢᠷᠠᠭᠤᠯᠤᠨ᠎ᠠ᠃      ︵ᠲᠠᠪᠤ︶ ᠡᠯ᠎ᠡ ᠪᠠᠶᠢᠭᠤᠯᠭ᠎ᠠ ᠨᠢᠭᠡᠴᠡ ᠶᠢᠨ ᠲᠤᠭᠤᠷᠢᠭ ᠤᠨ ᠵᠠᠰᠠᠭ ᠤᠨ ᠤᠷᠳᠤᠨ ᠠᠴᠠ ᠵᠢᠭᠠᠪᠤᠷᠢ ᠠᠪᠬᠤ ᠤᠴᠢᠷ ᠶᠠᠪᠤᠳᠠᠯ ᠳᠤ  ᠰᠢᠢᠳᠪᠦᠷᠢᠯᠡᠬᠦ ᠰᠠᠨᠠᠯ ᠢᠶᠠᠨ ᠲᠤᠷᠠᠳᠴᠤ᠂ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ  ᠤ ᠤᠳᠤᠷᠢᠳᠬᠤ ᠨᠦᠬᠦᠳ ᠲᠤ ᠮᠡᠳᠡᠭᠦᠯᠵᠦ ᠬᠢᠨᠠᠨ ᠵᠦᠪᠰᠢᠶᠡᠷᠡᠭᠦᠯᠦᠨ᠎ᠡ᠃      ︵ᠵᠢᠷᠭᠤᠭ᠎ᠠ︶ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠪᠠ‌ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠠᠯᠪᠠᠨ ᠪᠢᠴᠢᠭ᠂ ᠴᠠᠬᠢᠯᠭᠠᠨ ᠮᠡᠳᠡᠭᠡ ᠰᠢᠢᠳᠪᠦᠷᠢᠯᠡᠬᠦ ᠠᠵᠢᠯ ᠢ ᠬᠠᠷᠢᠭᠤᠴᠠᠵᠤ᠂ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠪᠠ‌ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ  ᠵᠤᠭᠢᠶᠠᠵᠤ ᠲᠠᠷᠬᠠᠭᠠᠬᠤ ᠬᠡᠵᠦ ᠪᠠᠶᠢᠭ᠎ᠠ ᠪᠢᠴᠢᠭ ᠮᠠᠲ᠋ᠧᠷᠢᠶᠠᠯ ᠪᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ  ᠰᠢᠢᠳᠪᠦᠷᠢᠳᠦ  ᠲᠦᠷᠦ ᠶᠢᠨ ᠪᠤᠳᠤᠯᠭ᠎ᠠ ᠶᠢᠨ ᠵᠦᠯᠡᠰ ᠲᠤ ᠤᠷᠢᠳᠠᠴᠢ ᠬᠠᠤᠯᠢ ᠶᠤᠰᠤᠴᠢ ᠴᠢᠨᠠᠷ ᠤᠨ ᠬᠢᠨᠠᠨ ᠪᠠᠶᠢᠴᠠᠭᠠᠯᠳᠠ ᠬᠢᠬᠦ ᠠᠵᠢᠯ ᠢ ᠬᠠᠷᠢᠭᠤᠴᠠᠨ᠎ᠠ᠃      ︵ᠲᠤᠯᠤᠭ᠎ᠠ︶ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠡᠯ᠎ᠡ ᠪᠠᠶᠢᠭᠤᠯᠭ᠎ᠠ ᠨᠢᠭᠡᠴᠡ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠪᠡ‌‍ᠲ᠋ᠤᠭᠤᠷᠢᠭ ᠤᠨ ᠠᠷᠠᠳ ᠤᠨ ᠵᠠᠰᠠᠭ ᠤᠨ ᠤᠷᠳᠤᠨ ᠵᠢᠴᠢ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠳᠤᠷᠢᠳᠬᠤ ᠨᠦᠬᠦᠳ ᠤᠨ ᠵᠢᠭᠠᠪᠤᠷᠢ᠂ ᠴᠤᠬᠤᠯᠠᠪᠤᠷᠢ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠯᠠᠪᠳᠠᠨ ᠪᠠᠶᠢᠴᠠᠭᠠᠵᠤ᠂ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠳᠤᠷᠢᠳᠬᠤ ᠨᠦᠬᠦᠳ ᠲᠤ ᠴᠠᠭ ᠲᠤᠬᠠᠢ ᠳᠤᠨᠢ ᠮᠡᠳᠡᠭᠦᠯᠦᠨ᠎ᠡ᠃  ᠵᠠᠰᠠᠭ ᠤᠨ ᠤᠷᠳᠤᠨ ᠤ ᠰᠢᠰᠲ᠋ᠧᠮ ᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ  ᠪᠦᠳᠦᠭᠡᠨ ᠪᠠᠶᠢᠭᠤᠯᠬᠤ ᠬᠦᠢᠴᠡᠳᠭᠡᠯ ᠲᠤᠭ᠎ᠠ ᠶᠢ ᠬᠢᠨᠠᠨ ᠰᠢᠯᠭᠠᠵᠤ ᠦᠨᠡᠯᠡᠬᠦ ᠠᠵᠢᠯ ᠢ ᠬᠠᠷᠢᠭᠤᠴᠠᠨ᠎ᠠ᠃      ︵ᠨᠠᠢᠮᠠ︶ ᠵᠠᠰᠠᠭ ᠤᠨ ᠶᠠᠪᠤᠳᠠᠯ ᠢ ᠢᠯᠡ ᠪᠤᠯᠭᠠᠬᠤ᠂ ᠰᠦᠯᠵᠢᠶᠡᠨ ᠤ ᠪᠠᠶᠢᠭᠤᠯᠤᠯᠳᠠ᠂ ᠬᠠᠮᠠᠭᠠᠯᠠᠯᠳᠠ ᠵᠢᠴᠢ ᠵᠠᠰᠠᠭ ᠤᠨ ᠶᠠᠪᠤᠳᠠᠯ ᠤᠨ ᠮᠡᠳᠡᠭᠡ ᠵᠠᠩᠬᠢ ᠶᠢ ᠴᠤᠭᠯᠠᠭᠤᠯᠬᠤ᠂ ᠨᠠᠶᠢᠷᠠᠭᠤᠯᠬᠤ᠂  ᠮᠡᠳᠡᠭᠦᠯᠦᠨ ᠬᠦᠷᠭᠡᠬᠦ ᠶᠢ ᠬᠠᠷᠢᠭᠤᠴᠠᠵᠤ᠂ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠳᠤᠷᠢᠳᠬᠤ ᠨᠦᠬᠦᠳ ᠤᠨ ᠰᠢᠢᠳᠪᠦᠷᠢ ᠭᠠᠷᠭᠠᠬᠤ ᠳᠤ ᠦᠢᠯᠡᠴᠢᠯᠡᠨ᠎ᠡ᠃      ︵ᠶᠢᠰᠦ︶ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ  ᠦᠭᠡᠷᠡᠴᠢᠯᠡᠯᠳᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠤᠳᠤᠷᠢᠳᠬᠤ ᠲᠤᠭᠤᠶᠢᠯᠠᠩ ᠤᠨ ᠡᠳᠦᠷ ᠲᠤᠳᠤᠮ ᠤᠨ ᠠᠵᠢᠯ ᠢ ᠲᠠᠭᠠᠭᠠᠴᠢᠯᠠᠨ᠎ᠠ᠃      ︵ᠠᠷᠪᠠ︶ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ  ᠶᠡᠷᠦᠩᠭᠡᠢ ᠵᠢᠵᠢᠭᠦᠷ ᠤᠨ ᠠᠵᠢᠯ ᠢ ᠬᠠᠷᠢᠭᠤᠴᠠᠵᠤ᠂ ᠴᠢᠬᠤᠯᠠ ᠪᠠᠶᠢᠳᠠᠯ ᠢ ᠴᠠᠭ ᠲᠤᠬᠠᠢ ᠳᠤᠨᠢ ᠮᠡᠳᠡᠭᠦᠯᠵᠦ᠂ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠳᠤᠷᠢᠳᠬᠤ ᠨᠦᠬᠦᠳ ᠤᠨ ᠵᠢᠭᠠᠪᠤᠷᠢ ᠶᠢ ᠤᠯᠠᠮᠵᠢᠯᠠᠬᠤ ᠪᠠ  ᠱᠠᠭᠠᠷᠳᠠᠨ ᠨᠠᠶᠢᠳᠠᠪᠤᠷᠢᠵᠢᠭᠤᠯᠤᠨ᠎ᠠ᠃      ︵ᠠᠷᠪᠠᠨ ᠨᠢᠭᠡ︶  ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠠᠴᠠ ᠲᠠᠭᠠᠭᠠᠯᠭᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠦᠨ᠎ᠡ᠃      ᠬᠤᠶᠠᠷ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ      ᠯᠢ ᠶᠦᠩ ᠭᠠᠩ  ᠲᠤᠭᠤᠷᠢᠭ ᠤᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠬᠡᠰᠢᠭᠦᠨ᠂ ᠵᠠᠰᠠᠭ ᠤᠨ ᠤᠷᠳᠤᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ᠂ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠡᠷᠬᠢᠯᠡᠭᠴᠢ      ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠳᠤᠷᠢᠳᠤᠯᠭ᠎ᠠ ᠲᠤᠤᠷ᠎ᠠ᠂ ᠵᠠᠰᠠᠭ ᠤᠨ ᠤᠷᠳᠤᠨ ᠤ ᠪᠠᠶᠢᠭᠤᠯᠭ᠎ᠠ ᠶᠢᠨ ᠡᠳᠦᠷ ᠲᠤᠳᠤᠮ ᠤᠨ ᠶᠠᠪᠤᠳᠠᠯ ᠢ ᠬᠠᠮᠵᠢᠨ ᠰᠢᠢᠳᠪᠦᠷᠢᠯᠡᠵᠦ᠂ ᠵᠠᠰᠠᠭ ᠤᠨ ᠤᠷᠳᠤᠨ ᠤ ᠠᠯᠪᠠᠨ ᠭᠡᠷ  ᠤᠨ ᠪᠦᠬᠦ ᠲᠠᠯ᠎ᠠ ᠶᠢᠨ ᠠᠵᠢᠯ ᠢ ᠡᠷᠬᠢᠯᠡᠨ᠂ ᠨᠢᠭᠤᠴᠠ ᠴᠢᠬᠤᠯᠠ  ᠶᠠᠪᠤᠳᠠᠯ ᠤᠨ ᠲᠠᠰᠤᠭ᠂ ᠭᠡᠷᠡᠭ ᠶᠠᠪᠤᠳᠠᠯ ᠤᠨ ᠲᠠᠰᠤᠭ ᠢ ᠬᠤᠪᠢᠳᠠᠨ ᠬᠠᠮᠢᠶᠠᠷᠤᠨ᠎ᠠ᠃      ᠼᠦ ᠯᠢᠶᠧ ᠴᠢᠶᠦ᠋ᠨ  ᠲᠤᠭᠤᠷᠢᠭ ᠤᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠬᠡᠰᠢᠭᠦᠨ᠂ ᠲᠤᠭᠤᠷᠢᠭ ᠤᠨ ᠵᠠᠰᠠᠭ ᠤᠨ ᠤᠷᠳᠤᠨ ᠤ ᠠᠯᠪᠠᠨ ᠭᠡᠷ   ᠲᠤ ᠰᠠᠭᠤᠭ᠎ᠠ ᠰᠠᠬᠢᠯᠭ᠎ᠠ ᠪᠠᠳᠤ ᠪᠠᠶᠢᠴᠠᠭᠠᠬᠤ ᠲᠤᠭᠤᠶᠢᠯᠠᠩ ᠤᠨ ᠲᠠᠷᠤᠭ᠎ᠠ      ᠲᠤᠭᠤᠷᠢᠭ ᠤᠨ ᠵᠠᠰᠠᠭ ᠤᠨ ᠤᠷᠳᠤᠨ ᠤ ᠠᠯᠪᠠᠨ ᠭᠡᠷ   ᠲᠤ ᠰᠠᠭᠤᠭ᠎ᠠ ᠰᠠᠬᠢᠯᠭ᠎ᠠ ᠪᠠᠳᠤ ᠪᠠᠶᠢᠴᠠᠭᠠᠬᠤ ᠲᠤᠭᠤᠶᠢᠯᠠᠩ ᠤᠨ ᠪᠦᠬᠦ ᠲᠠᠯ᠎ᠠ ᠶᠢᠨ ᠠᠵᠢᠯ ᠢ ᠡᠷᠬᠢᠯᠡᠨ᠎ᠡ᠃      ᠬᠦᠸᠧ ᠢᠦᠢ ᠹᠧᠩ  ᠲᠤᠭᠤᠷᠢᠭ ᠤᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠬᠡᠰᠢᠭᠦᠨ᠂ ᠵᠠᠰᠠᠭ ᠤᠨ ᠤᠷᠳᠤᠨ ᠤ ᠠᠯᠪᠠᠨ ᠭᠡᠷ ᠤᠨ ᠲᠡᠳ᠋ ᠡᠷᠬᠢᠯᠡᠭᠴᠢ      ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠳᠤᠷᠢᠳᠤᠯᠭ᠎ᠠ ᠶᠢ ᠬᠠᠮᠵᠢᠨ ᠬᠤᠷᠠᠯ ᠦᠵᠡᠰᠬᠦᠯᠡᠩ ᠠᠵᠤ ᠠᠬᠤᠢ᠂ ᠰᠤᠷᠭᠠᠨ ᠬᠦᠮᠦᠵᠢᠯ᠂ ᠬᠦᠳᠡᠭᠡ ᠲᠤᠰᠬᠤᠨ ᠪᠠ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ᠂ ᠵᠠᠮ ᠬᠠᠷᠢᠯᠴᠠᠭ᠎ᠠ᠂ ᠤᠰᠤᠨ ᠤ ᠶᠠᠪᠤᠳᠠᠯ᠂ ᠤᠢ ᠰᠢᠭᠤᠢ᠂ ᠰᠤᠶᠤᠯ  ᠪᠡᠶ᠎ᠡ ᠲᠠᠮᠢᠷ ᠵᠢᠭᠤᠯᠴᠢᠯᠠᠯ᠂ ᠬᠤᠷᠰᠢᠶᠠᠵᠢᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠤᠭᠤᠷᠢᠭ ᠤᠨ ᠵᠠᠰᠠᠭ ᠤᠨ ᠤᠷᠳᠤᠨ ᠤ ᠠᠯᠪᠠᠨ ᠭᠡᠷ   ᠤᠨ ᠡᠷᠭᠢᠯᠡᠭᠴᠢ ᠳᠤ ᠬᠠᠮᠵᠢᠨ ᠱᠠᠯᠠᠪᠳᠠᠨ  ᠪᠠᠶᠢᠴᠠᠭᠠᠬᠤ  ᠲᠠᠰᠤᠭ᠂ ᠪᠦᠭᠦ ᠲᠤᠭᠤᠷᠢᠭ ᠤᠨ ᠬᠤᠳᠠᠯᠳᠤᠭ᠎ᠠ ᠡᠵᠡᠩᠨᠡᠭᠬᠦ ᠤᠷᠴᠢᠨ ᠨᠦᠬᠦᠴᠡᠯ  ᠢ ᠰᠢᠯᠢᠳᠡᠭᠵᠢᠭᠦᠯᠬᠦ ᠶᠡᠷᠦᠩᠭᠡᠢ ᠲᠤᠬᠢᠷᠠᠭᠤᠯᠤᠯᠳᠠ ᠶᠢᠨ ᠬᠠᠮᠢᠶ᠎ᠠ ᠪᠦᠭᠦᠢ ᠠᠵᠢᠯ᠂  ᠤᠷᠤᠨ ᠨᠤᠳᠤᠭ ᠤᠨ ᠤᠶᠢᠯᠠᠯᠭ᠎ᠠ ᠰᠤᠳᠤᠯᠬᠤ ᠲᠠᠰᠤᠭ ᠤᠨ ᠪᠦᠬᠦ ᠲᠠᠯ᠎ᠠ ᠶᠢᠨ ᠠᠵᠢᠯ ᠢ ᠭᠤᠤᠯᠯᠠᠨ ᠬᠠᠮᠢᠶᠠᠷᠴᠤ᠂ ᠲᠤᠭᠤᠷᠢᠭ ᠤᠨ ᠵᠠᠰᠠᠭ ᠤᠨ ᠤᠷᠳᠤᠨ ᠪᠠ‌ᠵᠠᠰᠠᠭ ᠤᠨ ᠤᠷᠳᠤᠨ ᠤ ᠠᠯᠪᠠᠨ ᠭᠡᠷ ᠠᠴᠠ  ᠲᠠᠭᠠᠭᠠᠯᠭᠠᠭᠰᠠᠨ ᠪᠤᠰᠤᠳ ᠠᠵᠢᠯ ᠢ ᠬᠠᠷᠢᠭᠤᠴᠠᠨ᠎ᠠ᠃      ᠶᠠᠩ ᠵᠢᠶᠧ  ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠲᠡᠳ᠋ ᠡᠷᠬᠢᠯᠡᠭᠴᠢ      ᠲᠤᠭᠤᠷᠢᠭ ᠤᠨ ᠤᠳᠤᠷᠢᠳᠤᠯᠭ᠎ᠠ ᠳᠤ ᠬᠠᠮᠵᠢᠨ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠳᠠ ᠶᠢᠨ ᠬᠠᠮᠢᠶᠠᠷᠤᠯᠳᠠ᠂ ᠶᠡᠷᠦᠩᠭᠡᠶᠢᠯᠡᠭᠰᠡᠨ ᠬᠠᠤᠯᠢ ᠭᠡᠷᠡᠭᠵᠢᠭᠦᠯᠦᠯᠳᠡ᠂ ᠪᠠᠶᠢᠭᠠᠯᠢ ᠶᠢᠨ ᠡᠬᠢ ᠪᠠᠶᠠᠯᠢᠭ᠂ ᠨᠡᠶᠢᠭᠡᠮ ᠤᠨ ᠲᠤᠭᠳᠠᠭᠤᠨ ᠪᠠᠶᠢᠳᠠᠯ᠂ ᠵᠠᠬᠢᠳᠠᠯ ᠰᠤᠷᠪᠤᠯᠵᠢᠯᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠡᠷᠭᠢᠯᠡᠭᠴᠢ ᠳᠤ ᠬᠠᠮᠵᠢᠨ ᠨᠠᠷᠢᠨ ᠪᠢᠴᠢᠭᠡᠴᠢ ᠶᠢᠨ ᠲᠠᠰᠤᠭ ᠢ ᠬᠤᠪᠢᠳᠠᠨ ᠬᠠᠮᠢᠶᠠᠷᠤᠨ᠎ᠠ᠃ ᠲᠤᠭᠤᠷᠢᠭ ᠤᠨ ᠵᠠᠰᠠᠭ ᠤᠨ ᠤᠷᠳᠤᠨ ᠪᠠ‌ᠵᠠᠰᠠᠭ ᠤᠨ ᠤᠷᠳᠤᠨ ᠤ ᠠᠯᠪᠠᠨ ᠭᠡᠷ ᠠᠴᠠ ᠲᠠᠭᠠᠭᠠᠯᠭᠠᠭᠰᠠᠨ ᠪᠤᠰᠤᠳ ᠠᠵᠢᠯ ᠢ ᠬᠠᠷᠢᠭᠤᠴᠠᠨ᠎ᠠ᠃      ᠯᠢᠦ ᠵᠢᠶᠦ᠋ᠨ ᠹᠧᠩ  ᠲᠤᠭᠤᠷᠢᠭ ᠤᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠬᠡᠰᠢᠭᠦᠨ᠂ ᠵᠠᠰᠠᠭ ᠤᠨ ᠤᠷᠳᠤᠨ ᠤ ᠠᠯᠪᠠᠨ ᠭᠡᠷ ᠤᠨ ᠲᠡᠳ᠋ ᠡᠷᠬᠢᠯᠡᠭᠴᠢ      ᠲᠤᠭᠤᠷᠢᠭ ᠤᠨ ᠤᠳᠤᠷᠢᠳᠤᠯᠭ᠎ᠠ ᠳᠤ ᠬᠠᠮᠵᠢᠨ ᠡᠳ᠋ ᠤᠨ ᠵᠠᠰᠠᠭ᠂ ᠭᠠᠶᠢᠯᠢ ᠲᠠᠳᠠᠪᠤᠷᠢ᠂ ᠬᠦᠮᠦᠨ ᠤ ᠬᠦᠴᠦᠨ  ᠤ ᠡᠭᠢ ᠪᠠᠶᠠᠯᠢᠭ  ᠪᠠ ᠨᠡᠶᠢᠭᠡᠮ ᠤᠨ ᠪᠠᠳᠤᠯᠠᠭ᠎ᠠ᠂ ᠠᠵᠢᠯ ᠤᠯᠭᠤᠯᠳᠠ᠂ ᠪᠠᠴᠢᠮ ᠬᠠᠮᠢᠶᠠᠷᠤᠯᠳᠠ᠂ ᠮᠦᠩᠭᠦᠨ ᠬᠦᠢᠯᠭᠡᠭᠡ᠂ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠬᠢᠨᠠᠯᠳᠠ ᠬᠠᠮᠢᠶᠠᠷᠤᠯᠳᠠ᠂ ᠦᠭᠡᠷᠡᠴᠢᠯᠡᠯᠳᠡ ᠶᠢ ᠪᠦᠭᠦ ᠲᠠᠯ᠎ᠠ ᠪᠠᠷ ᠬᠦᠨᠵᠡᠭᠡᠶᠢᠷᠡᠭᠦᠯᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠦᠨᠳᠦᠰᠦᠳᠡᠨ ᠤ ᠬᠡᠷᠡᠭ ᠶᠠᠪᠤᠳᠠᠯ᠂ ᠬᠠᠤᠯᠢ ᠶᠤᠰᠤᠭᠠᠷ ᠵᠠᠰᠠᠭ ᠶᠠᠪᠤᠭᠤᠯᠬᠤ᠂ ᠬᠠᠤᠯᠢ ᠴᠠᠭᠠᠵᠠ᠂ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠳᠠ᠂ ᠠᠮᠢ ᠠᠬᠤᠢ ᠶᠢᠨ ᠤᠷᠴᠢᠨ ᠲᠤᠭᠤᠷᠢᠨ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠡᠷᠭᠢᠯᠡᠭᠴᠢ ᠳᠤ ᠬᠠᠮᠵᠢᠨ ᠶᠡᠷᠦᠩᠭᠡᠢ ᠵᠢᠵᠢᠭᠦᠷ ᠤᠨ ᠲᠠᠰᠤᠭ ᠢ ᠬᠤᠪᠢᠳᠠᠨ ᠬᠠᠮᠢᠶᠠᠷᠤᠨ᠎ᠠ᠃ ᠡᠷᠭᠢᠯᠡᠭᠴᠢ ᠳᠤ ᠬᠠᠮᠵᠢᠨ ᠲᠤᠭᠤᠷᠢᠭ ᠤᠨ ᠵᠠᠰᠠᠭ ᠤᠨ ᠤᠷᠳᠤᠨ ᠤ ᠦᠭᠡᠷᠡᠴᠢᠯᠡᠯᠳᠠ ᠶᠢᠨ ᠴᠢᠮᠡᠭᠡ ᠵᠠᠩᠭᠢ  ᠪᠠ ᠵᠠᠰᠠᠭ ᠤᠨ ᠤᠷᠳᠤᠨ ᠤ ᠠᠯᠪᠠᠨ ᠭᠡᠷ ᠤᠨ ᠠᠶᠤᠯᠭᠦᠢ ᠦᠢᠯᠡᠳᠪᠦᠷᠢᠯᠡᠯ  ᠤᠨ ᠲᠠᠯ᠎ᠠ ᠶᠢᠨ ᠠᠵᠢᠯ ᠢ ᠬᠠᠷᠢᠭᠤᠴᠠᠨ᠎ᠠ᠂ ᠲᠤᠭᠤᠷᠢᠭ ᠤᠨ ᠵᠠᠰᠠᠭ ᠤᠨ ᠤᠷᠳᠤᠨ ᠪᠠ ᠵᠠᠰᠠᠭ ᠤᠨ ᠤᠷᠳᠤᠨ ᠤ ᠠᠯᠪᠠᠨ ᠭᠡᠷ   ᠠᠴᠠ  ᠲᠠᠭᠠᠭᠠᠯᠭᠠᠭᠰᠠᠨ ᠪᠤᠰᠤᠳ ᠠᠵᠢᠯ ᠢ ᠬᠠᠷᠢᠭᠤᠴᠠᠨ᠎ᠠ᠃      ᠼᠠᠢ ᠽᠠᠨ ᠳ᠋ᠦᠩ  ᠲᠤᠭᠤᠷᠢᠭ ᠤᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠬᠡᠰᠢᠭᠦᠨ᠂ ᠲᠤᠭᠤᠷᠢᠭ ᠤᠨ ᠤᠷᠤᠨ ᠨᠤᠳᠤᠭ ᠤᠨ ᠤᠶᠢᠯᠠᠯᠭ᠎ᠠ ᠰᠤᠳᠤᠯᠬᠤ  ᠲᠠᠰᠤᠭ ᠤᠨ ᠡᠷᠬᠢᠯᠡᠭᠴᠢ      ᠲᠤᠭᠤᠷᠢᠭ ᠤᠨ ᠤᠳᠤᠷᠢᠳᠤᠯᠭ᠎ᠠ ᠳᠤ ᠬᠠᠮᠵᠢᠨ ᠬᠢᠨᠠᠨ ᠪᠤᠳᠤᠬᠤ᠂ ᠵᠠᠬᠢᠳᠠᠯ ᠰᠤᠷᠪᠤᠯᠵᠢᠯᠠᠭ᠎ᠠ ᠵᠡᠷᠭᠡ ᠲᠠᠯ᠎ᠠ  ᠶᠢᠨ ᠠᠵᠢᠯ ᠢ ᠬᠠᠷᠢᠭᠤᠴᠠᠨ᠎ᠠ᠃ ᠡᠷᠬᠢᠯᠡᠭᠴᠢ ᠳᠤ ᠬᠠᠮᠵᠢᠨ ᠶᠡᠷᠦᠩᠭᠡᠶᠢᠯᠡᠭᠰᠡᠨ ᠲᠠᠰᠤᠭ᠂  ᠪᠦᠳᠦᠮᠵᠢ ᠴᠢᠳᠠᠪᠤᠷᠢ ᠶᠢᠨ ᠲᠦᠪ ᠤᠨ ᠠᠵᠢᠯ ᠢ ᠬᠠᠷᠢᠭᠤᠴᠠᠨ᠎ᠠ᠃ ᠡᠷᠭᠢᠯᠡᠭᠴᠢ ᠳᠤ ᠬᠠᠮᠵᠢᠨ ᠲᠤᠭᠤᠷᠢᠭ ᠤᠨ ᠵᠠᠰᠠᠭ ᠤᠨ ᠤᠷᠳᠤᠨ ᠤ ᠠᠯᠪᠠᠨ ᠭᠡᠷ ᠤᠨ ᠰᠠᠬᠢᠯᠭ᠎ᠠ ᠪᠠᠳᠤ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠲᠤᠭᠤᠷᠢᠭ ᠤᠨ ᠵᠠᠰᠠᠭ ᠤᠨ ᠤᠷᠳᠤᠨ ᠪᠠ ᠵᠠᠰᠠᠭ  ᠤᠨ ᠤᠷᠳᠤᠨ ᠤ ᠠᠯᠪᠠᠨ ᠭᠡᠷ ᠠᠴᠠ  ᠲᠠᠭᠠᠭᠠᠯᠭᠠᠭᠰᠠᠨ ᠪᠤᠰᠤᠳ ᠠᠵᠢᠯ ᠢ ᠬᠠᠷᠢᠭᠤᠴᠠᠨ᠎ᠠ᠃      ᠱᠠᠩ ᠵᠧᠩ ᠲᠢᠩ  ᠲᠤᠭᠤᠷᠢᠭ ᠤᠨ ᠵᠠᠰᠠᠭ ᠤᠨ ᠤᠷᠳᠤᠨ ᠤ ᠠᠯᠪᠠᠨ ᠭᠡᠷ ᠤᠨ ᠲᠡᠳ᠋ ᠰᠠᠯᠠᠭᠠᠨ ᠲᠡᠰ ᠤᠨ ᠲᠠᠷᠤᠭ᠎ᠠ᠂ ᠲᠤᠭᠤᠷᠢᠭ ᠤᠨ ᠰᠦᠯᠵᠢᠶᠡᠨ ᠤ ᠠᠮᠤᠷ ᠲᠦᠪᠰᠢᠨ᠂ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠤᠯᠭ᠎ᠠ  ᠶᠢᠨ ᠲᠦᠪ ᠤᠨ ᠡᠷᠬᠢᠯᠡᠭᠴᠢ      ᠲᠤᠭᠤᠷᠢᠭ ᠤᠨ ᠤᠳᠤᠷᠢᠳᠤᠯᠭ᠎ᠠ ᠳᠤ ᠬᠠᠮᠵᠢᠨ  ᠬᠦᠭᠵᠢᠭᠦᠯᠦᠯᠳᠡ  ᠦᠭᠡᠷᠡᠴᠢᠯᠡᠯᠳᠡ᠂ ᠠᠵᠤ ᠦᠢᠯᠡᠳᠪᠦᠷᠢ ᠠᠵᠤ ᠠᠬᠤᠢ᠂ ᠰᠢᠨᠵᠢᠯᠡᠭᠡ ᠮᠡᠷᠭᠡᠵᠢᠯ᠂ ᠭᠤᠷᠪᠠᠳᠤᠭᠠᠷ ᠠᠵᠤ ᠦᠢᠯᠡᠰ ᠤᠨ ᠦᠢᠯᠡᠴᠢᠯᠡᠭᠡ᠂ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ᠂ ᠴᠡᠷᠢᠭ ᠠᠴᠠ ᠬᠠᠯᠠᠭᠰᠠᠳ ᠤᠨ ᠶᠠᠪᠤᠳᠠᠯ᠂ ᠡᠮᠴᠢᠯᠡᠭᠡᠨ ᠤ ᠪᠠᠳᠤᠯᠠᠭ᠎ᠠ ᠪᠠ ᠵᠠᠭᠡᠯᠢ ᠭᠤᠳᠤᠮᠵᠢ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠡᠷᠬᠢᠯᠡᠭᠴᠢ ᠳᠤ ᠬᠠᠮᠵᠢᠨ ᠪᠦᠬᠦ ᠲᠤᠭᠤᠷᠢᠭ ᠤᠨ ᠵᠠᠰᠠᠭ ᠤᠨ ᠶᠠᠪᠤᠳᠠᠯ ᠢ ᠢᠯᠡ ᠪᠤᠯᠭᠠᠬᠤ ᠵᠡᠷᠭᠡ ᠲᠠᠯ᠎ᠠ ᠵᠢᠨ‌ᠠᠵᠢᠯ ᠢ ᠬᠠᠷᠢᠭᠤᠴᠠᠨ᠎ᠠ᠃ ᠲᠤᠭᠤᠷᠢᠭ ᠤᠨ ᠵᠠᠰᠠᠭ ᠤᠨ ᠤᠷᠳᠤᠨ ᠪᠠ‌ᠵᠠᠰᠠᠭ ᠤᠨ ᠤᠷᠳᠤᠨ ᠤ ᠠᠯᠪᠠᠨ ᠭᠡᠷ   ᠠᠴᠠ ᠲᠠᠭᠠᠭᠠᠯᠭᠠᠭᠰᠠᠨ ᠪᠤᠰᠤᠳ ᠠᠵᠢᠯ ᠢ ᠬᠠᠷᠢᠭᠤᠴᠠᠨ᠎ᠠ᠃      ᠭᠤᠷᠪᠠ᠂ ᠲᠤᠳᠤᠭᠠᠳᠤ ᠪᠠᠶᠢᠭᠤᠯᠤᠮᠵᠢ      ︵ᠨᠢᠭᠡ︶ ᠨᠠᠷᠢᠨ ᠪᠢᠴᠢᠭᠡᠴᠢ ᠶᠢᠨ ᠲᠠᠰᠤᠭ ᠤᠨ ᠡᠭᠦᠷᠭᠡ ᠬᠠᠷᠢᠭᠤᠴᠠᠯᠭ᠎ᠠ      1. ᠲᠤᠭᠤᠷᠢᠭ ᠤᠨ ᠤᠳᠤᠷᠢᠳᠤᠯᠭ᠎ᠠ ᠳᠤ ᠬᠠᠮᠵᠢᠨ ᠵᠠᠰᠠᠭ ᠤᠨ ᠶᠠᠪᠤᠳᠠᠯ ᠳᠤ ᠦᠢᠯᠡᠴᠢᠯᠡᠭᠡ ᠬᠠᠩᠭᠠᠨ᠎ᠠ᠃      2. ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠪᠠ‌ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠪᠢᠴᠢᠭ ᠮᠠᠲ᠋ᠧᠷᠢᠶᠠᠯ ᠢ ᠲᠤᠭᠤᠷᠪᠢᠬᠤ᠂ ᠦᠢᠯᠡᠳᠦᠨ ᠲᠠᠷᠬᠠᠭᠠᠬᠤ᠂ ᠬᠢᠨᠠᠬᠤ ᠠᠵᠢᠯ ᠢ ᠬᠠᠷᠢᠭᠤᠴᠠᠨ᠎ᠠ᠃      3. ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠪᠠ‌ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠨᠡᠷ᠎ᠡ ᠪᠠᠷ ᠬᠤᠷᠠᠯᠳᠤᠭᠤᠯᠤᠭᠰᠠᠨ ᠪᠦᠬᠦ ᠤᠷᠤᠨ ᠤ ᠭᠡᠪᠴᠢᠶᠡᠨ ᠤ ᠬᠤᠷᠠᠯ ᠤᠨ ᠶᠠᠪᠤᠳᠠᠯ ᠢ ᠬᠠᠷᠢᠭᠤᠴᠠᠨ᠎ᠠ᠃      4.  ᠲᠤᠭᠤᠷᠢᠭ ᠤᠨ ᠰᠢᠯᠭᠠᠨ ᠬᠢᠨᠠᠬᠤ ᠠᠯᠪᠠᠨ ᠭᠡᠷ ᠢ ᠬᠠᠮᠵᠢᠨ ᠵᠠᠰᠠᠭ ᠤᠨ ᠤᠷᠳᠤᠨ ᠤ ᠠᠵᠢᠯ ᠤᠨ ᠰᠠᠯᠠᠭ᠎ᠠ ᠮᠦᠴᠢᠷ ᠤᠨ ᠠᠵᠢᠯ ᠤᠨ ᠠᠮᠵᠢᠯᠳᠠ ᠪᠦᠳᠦᠮᠵᠢ   ᠶᠢ ᠰᠢᠯᠭᠠᠨ ᠬᠢᠨᠠᠬᠤ ᠠᠵᠢᠯ ᠢ ᠬᠠᠷᠢᠭᠤᠴᠠᠨ᠎ᠠ᠃      5. ᠠᠯᠪᠠᠨ ᠭᠡᠷ ᠤᠨ ᠲᠤᠳᠤᠭᠠᠳᠤ ᠶᠢᠨ ᠰᠤᠷᠤᠯᠴᠠᠯᠭ᠎ᠠ ᠶᠢ ᠵᠤᠭᠢᠶᠠᠨ ᠪᠠᠶᠢᠭᠤᠯᠬᠤ ᠵᠢᠴᠢ ᠲᠤᠭᠢᠷᠠᠭᠤᠯᠤᠨ᠎ᠠ᠃      6. ᠨᠠᠮ ᠤᠨ ᠪᠠᠶᠢᠭᠤᠯᠤᠯᠳᠠ ᠪᠠ ᠤᠯᠠᠨ ᠲᠦᠮᠡᠨ ᠤ ᠪᠦᠯᠬᠦᠮ ᠤᠨ ᠠᠵᠢᠯ ᠢ ᠬᠠᠷᠢᠭᠤᠴᠠᠨ᠎ᠠ᠃      7. ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠳᠤᠷᠢᠳᠬᠤ ᠨᠦᠬᠦᠳ ᠠᠴᠠ ᠲᠠᠭᠠᠭᠠᠯᠭᠠᠭᠰᠠᠨ  ᠪᠤᠰᠤᠳ ᠠᠵᠢᠯ ᠢ ᠬᠠᠷᠢᠭᠤᠴᠠᠨ᠎ᠠ᠃      ︵ᠬᠤᠶᠠᠷ︶ ᠶᠡᠷᠦᠩᠭᠡᠶᠢᠯᠡᠭᠰᠡᠨ ᠲᠠᠰᠤᠭ ‍ᠤᠨ‌ᠡᠭᠦᠷᠭᠡ ᠬᠠᠷᠢᠭᠤᠴᠠᠯᠭ᠎ᠠ      1. ᠵᠠᠰᠠᠭ ᠤᠨ ᠤᠷᠳᠤᠨ ᠤ ᠠᠵᠢᠯ ᠤᠨ ᠢᠯᠡᠳᠭᠡᠯ ᠪᠡ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠪᠠ‌ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ   ᠤᠨ ᠡᠯ᠎ᠡ ᠲᠦᠷᠦᠯ ᠤᠨ ᠡᠭᠡ ᠪᠢᠴᠢᠭ ᠢ ᠲᠤᠭᠤᠷᠪᠢᠬᠤ ᠠᠵᠢᠯ ᠢ ᠬᠠᠷᠢᠭᠤᠴᠠᠨ᠎ᠠ᠃      2. ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠭᠤᠤᠯ ᠤᠳᠤᠷᠢᠳᠬᠤ ᠨᠦᠭᠦᠳ ᠤᠨ ᠶᠠᠷᠢᠶ᠎ᠠ᠂ ᠬᠠᠷᠢᠭᠤ ᠮᠡᠳᠡᠭᠦᠯᠦᠯᠳᠡ ᠶᠢᠨ ᠡᠭᠡ ᠪᠢᠴᠢᠭ ᠢ ᠲᠤᠭᠤᠷᠪᠢᠬᠤ ᠠᠵᠢᠯ ᠢ ᠬᠠᠷᠢᠭᠤᠴᠠᠨ᠎ᠠ᠃      3. ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠬᠤᠷᠠᠯ᠂ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ  ᠪᠠᠶᠢᠩᠭᠤ ᠶᠢᠨ ᠬᠤᠷᠠᠯ ᠤᠨ ᠶᠠᠪᠤᠳᠠᠯ ᠪᠠ ᠬᠤᠷᠠᠯ  ᠤᠨ ᠲᠤᠪᠴᠢ ᠲᠡᠮᠳᠡᠭᠯᠡᠯ ᠢ ᠲᠤᠭᠤᠷᠪᠢᠬᠤ ᠵᠢᠴᠢ ᠲᠠᠷᠬᠠᠭᠠᠬᠤ ᠠᠵᠢᠯ ᠢ ᠬᠠᠷᠢᠭᠤᠴᠠᠨ᠎ᠠ᠃      4. ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ  ᠤᠳᠤᠷᠢᠳᠤᠯᠭ᠎ᠠ ᠶᠢᠨ ᠲᠤᠮᠤ ᠭᠡᠯᠪᠡᠷᠢ ᠶᠢᠨ ᠪᠠᠶᠢᠴᠠᠭᠠᠨ ᠰᠤᠳᠤᠯᠬᠤ  ᠠᠵᠢᠯᠯᠠᠭ᠎ᠠ ᠳᠤ ᠲᠤᠭᠢᠷᠠᠭᠤᠯᠤᠳᠠ ᠬᠢᠵᠦ᠂ ᠪᠠᠶᠢᠴᠠᠭᠠᠨ ᠰᠤᠳᠤᠯᠤᠯᠳᠠ ᠶᠢᠨ ᠮᠡᠳᠡᠭᠦᠯᠦᠯᠳᠡ  ᠶᠢ ᠲᠤᠭᠤᠷᠪᠢᠨ᠎ᠠ᠃      5. ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ  ᠤᠳᠤᠷᠢᠳᠬᠤ ᠨᠦᠬᠦᠳ ᠠᠴᠠ ᠲᠠᠭᠠᠭᠠᠯᠭᠠᠭᠰᠠᠨ ᠪᠤᠰᠤᠳ ᠠᠵᠢᠯ ᠢ ᠬᠠᠷᠢᠭᠤᠴᠠᠨ᠎ᠠ᠃      ︵ ᠭᠤᠷᠪᠠ︶ ᠱᠠᠯᠠᠪᠳᠠᠨ ᠪᠠᠶᠢᠴᠠᠭᠠᠬᠤ ᠲᠠᠰᠤᠭ ᠤᠨ ᠡᠭᠦᠷᠭᠡ ᠬᠠᠷᠢᠭᠤᠴᠠᠯᠭ᠎ᠠ      1. ᠦᠪᠡᠷᠳᠡᠭᠡᠨ ᠵᠠᠰᠠᠬᠤ ᠤᠷᠤᠨ᠂ ᠪᠤᠭᠤᠳᠤ ᠬᠤᠳᠠ ᠶᠢᠨ ᠵᠠᠰᠠᠭ ᠤᠨ ᠤᠷᠳᠤᠨ ᠠᠴᠠ ᠪᠠᠭᠤᠯᠭᠠᠭᠰᠠᠨ ᠱᠠᠯᠠᠪᠳᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃      2 .ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠴᠢᠬᠤᠯᠠ ᠠᠵᠢᠯ ᠤᠨ ᠪᠠᠶᠢᠷᠢᠯᠠᠭᠤᠯᠤᠳᠠ᠂ ᠴᠢᠬᠤᠯᠠ ᠬᠤᠷᠠᠯ ᠢᠶᠠᠷ ᠵᠦᠪᠳᠡᠨ ᠲᠤᠭᠳᠠᠭᠠᠭᠰᠠᠨ ᠵᠦᠢᠯᠡᠰ ᠪᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ  ᠤ ᠤᠳᠤᠷᠢᠳᠤᠯᠭ᠎ᠠ ᠶᠢᠨ ᠴᠢᠬᠤᠯᠠ ᠵᠢᠭᠠᠪᠤᠷᠢ ᠶᠢ ᠬᠡᠷᠡᠭᠵᠢᠭᠦᠯᠵᠦ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠱᠠᠯᠠᠪᠳᠠᠨ ᠪᠠᠶᠢᠴᠠᠭᠠᠯᠳᠠ ᠬᠢᠬᠦ ᠶᠢᠨ ᠬᠠᠮᠳᠤ ᠮᠦᠷᠳᠡᠨ ᠪᠠᠶᠢᠴᠠᠭᠠᠨ ᠰᠤᠳᠤᠯᠤᠯᠳᠠ ᠬᠢᠵᠦ ᠦᠷ᠎ᠡ ᠳ᠋ᠦᠩ ᠢ ᠨᠢ ᠬᠠᠷᠢᠭᠤ ᠲᠤᠰᠬᠠᠨ᠎ᠠ᠃      3. ᠬᠤᠳᠠ ᠶᠢᠨ ᠵᠠᠰᠠᠭ ᠤᠨ ᠤᠷᠳᠤᠨ ᠤ ᠬᠠᠯᠠᠮᠰᠢᠯ ᠤᠳᠠᠰᠤ᠂  ᠲᠤᠭᠤᠷᠢᠭ ᠤᠨ ᠵᠠᠰᠠᠭ ᠤᠨ ᠤᠷᠳᠤᠨ ᠤ ᠬᠠᠯᠠᠮᠰᠢᠯ ᠤᠳᠠᠰᠤ᠂ ᠬᠤᠳᠠ ᠶᠢᠨ ᠲᠠᠷᠤᠭ᠎ᠠ ᠶᠢᠨ ᠵᠠᠭᠢᠳᠠᠯ ᠤᠨ ᠬᠠᠶᠢᠷᠴᠠᠭ᠂ ᠲᠤᠭᠤᠷᠢᠭ ᠤᠨ ᠲᠠᠷᠤᠭ᠎ᠠ ᠶᠢᠨ ᠵᠠᠬᠢᠳᠠᠯ  ᠤᠨ ᠬᠠᠶᠢᠷᠴᠠᠭ᠂ ᠠᠷᠠᠳ ᠤᠨ ᠰᠦᠯᠵᠢᠶ᠎ᠡ ᠶᠢᠨ ᠤᠷᠤᠨ ᠨᠤᠳᠤᠭ ᠤᠨ ᠤᠳᠤᠷᠢᠳᠤᠯᠭ᠎ᠠ ᠶᠢᠨ ᠦᠭᠡ ᠦᠯᠡᠳᠡᠭᠡᠬᠦ ᠰᠠᠮᠪᠠᠷ᠎ᠠ᠂ 24 ᠴᠠᠭ ᠤᠨ ᠴᠠᠭᠳᠠᠭᠠᠨ ᠤ ᠲᠤᠪᠴᠢᠶ᠎ᠠ ᠵᠡᠷᠭᠡ ᠲᠠᠪᠴᠠᠩ ᠠᠴᠠ ᠲᠤᠰᠬᠠᠭᠰᠠᠨ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠱᠠᠯᠠᠪᠳᠠᠨ ᠪᠠᠶᠢᠴᠠᠭᠠᠬᠤ ᠡᠭᠦᠷᠭᠡ ᠶᠢ ᠬᠠᠷᠢᠭᠤᠴᠠᠨ᠎ᠠ᠃      4. ᠪᠦᠬᠦ ᠤᠷᠤᠨ ᠤ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠦᠷᠦᠯ ᠵᠦᠢᠯ ᠢ ᠴᠤᠭᠯᠠᠭᠤᠯᠬᠤ᠂ ᠡᠮᠬᠢᠯᠡᠬᠦ᠂ ᠱᠠᠯᠠᠪᠳᠠᠨ ᠬᠦᠢᠴᠡᠳᠭᠡᠯᠭᠡᠬᠦ᠂ ᠨᠠᠶᠢᠳᠠᠪᠤᠷᠢᠵᠢᠭᠤᠯᠬᠤ ᠵᠡᠷᠭᠡ ᠠᠵᠢᠯ ᠢ ᠬᠠᠷᠢᠭᠤᠴᠠᠨ᠎ᠠ᠃      5.᠂ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠰᠢᠰᠲ᠋ᠧᠮ ᠤᠨ ᠡᠭᠦᠷᠭᠡᠯᠡᠵᠦ ᠪᠠᠶᠢᠭ᠎ᠠ ᠬᠤᠳᠠ᠂ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠰᠠᠨᠠᠭᠤᠯᠭ᠎ᠠ ᠶᠢ ᠬᠠᠷᠢᠭᠤᠴᠠᠵᠤ᠂ ᠤᠯᠤᠰ ᠲᠦᠷᠦ ᠶᠢᠨ ᠵᠦᠪᠯᠡᠯᠭᠡᠨ ᠤ ᠰᠠᠨᠠᠯ ᠵᠦᠪᠯᠡᠯᠭᠡ ᠶᠢ ᠰᠢᠢᠳᠪᠦᠷᠢᠯᠡᠬᠦ ᠠᠵᠢᠯ ᠢ ᠵᠤᠬᠢᠶᠠᠨ ᠪᠠᠶᠢᠭᠤᠯᠵᠤ ᠵᠢᠯᠤᠭᠤᠳᠤᠨ᠎ᠠ᠃      6. ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠳᠤᠷᠢᠳᠬᠤ ᠨᠦᠬᠦᠳ ᠠᠴᠠ ᠲᠠᠭᠠᠭᠠᠯᠭᠠᠭᠰᠠᠨ ᠪᠤᠰᠤᠳ ᠠᠵᠢᠯ ᠢ ᠬᠠᠷᠢᠭᠤᠴᠠᠨ᠎ᠠ᠃      ︵ ᠲᠦᠷᠪᠡ︶  ᠮᠡᠳᠡᠭᠡ ᠵᠠᠩᠭᠢ ᠶᠢᠨ ᠲᠠᠰᠤᠭ ᠤᠨ ᠡᠭᠦᠷᠭᠡ ᠬᠠᠷᠢᠭᠤᠴᠠᠯᠭ᠎ᠠ      1. ᠪᠦᠭᠦ ᠲᠤᠭᠤᠷᠢᠭ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠤᠨ ᠭᠤᠯᠳᠠᠯᠭ᠎ᠠ ᠶᠢ ᠰᠤᠳᠤᠯᠤᠨ ᠲᠤᠭᠳᠠᠭᠠᠬᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ   ᠶᠢ ᠨᠠᠶᠢᠷᠠᠭᠤᠯᠬᠤ᠂ ᠡᠮᠬᠢᠳᠬᠡᠭᠦ ᠪᠡ ᠲᠡᠪᠰᠢᠭᠦᠯᠬᠦ ᠠᠵᠢᠯ ᠢ ᠬᠠᠷᠢᠭᠤᠴᠠᠨ᠎ᠠ᠃      2. ᠵᠠᠰᠠᠭ ᠤᠨ ᠤᠷᠳᠤᠨ ᠤ ᠰᠢᠰᠲ᠋ᠧᠮ ᠤᠨ ᠡᠯ᠎ᠡ ᠪᠠᠶᠢᠭᠤᠯᠭ᠎ᠠ ᠨᠢᠭᠡᠴᠡ ᠶᠢᠨ ᠮᠡᠳᠡᠭᠡ ᠵᠠᠩᠭᠢ ᠶᠢᠨ ᠲᠡᠭᠡᠭᠰᠢ ᠲᠡᠪᠰᠢᠭᠦᠯᠬᠦ ᠠᠵᠢᠯ ᠢ ᠵᠢᠯᠤᠭᠤᠳᠤᠨ᠎ᠠ᠃      3. ᠵᠠᠰᠠᠭ ᠤᠨ ᠤᠷᠳᠤᠨ ᠤ ᠰᠢᠰᠲ᠋ᠧᠮ ᠤᠨ ᠪᠦᠬᠦ ᠲᠠᠯ᠎ᠠ ᠶᠢᠨ ᠬᠦᠨᠵᠡᠭᠡᠢ ᠦᠭᠡᠷᠡᠴᠢᠯᠡᠯᠳᠡ ᠬᠢᠬᠦ ᠶᠢ ᠵᠢᠯᠤᠭᠤᠳᠬᠤ ᠪᠠ ᠲᠦᠯᠬᠢᠨ ᠠᠬᠢᠭᠤᠯᠤᠨ᠎ᠠ᠃      4. ᠦᠵᠡᠯ ᠰᠠᠨᠠᠭᠠᠨ ᠤ ᠭᠡᠯᠪᠡᠷᠢ ᠶᠢᠨ ᠪᠠᠶᠢᠳᠠᠯ ᠤᠨ ᠬᠠᠮᠢᠶ᠎ᠡ ᠪᠦᠬᠦᠢ ᠠᠵᠢᠯ ᠢ ᠬᠠᠷᠢᠭᠤᠴᠠᠨ᠎ᠠ᠃      5. ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ  ᠤᠳᠤᠷᠢᠳᠬᠤ ᠨᠦᠬᠦᠳ ᠠᠴᠠ ᠲᠠᠭᠠᠭᠠᠯᠭᠠᠭᠰᠠᠨ ᠪᠤᠰᠤᠳ ᠠᠵᠢᠯ ᠢ ᠬᠠᠷᠢᠭᠤᠴᠠᠨ᠎ᠠ᠃       ︵  ᠲᠠᠪᠤ︶  ᠨᠢᠭᠤᠴᠠ ᠮᠠᠲ᠋ᠧᠷᠢᠶᠠᠯ ᠤᠨ ᠲᠠᠰᠤᠭ ‍ᠤᠨ‌ᠡᠭᠦᠷᠭᠡ ᠬᠠᠷᠢᠭᠤᠴᠠᠯᠭ᠎ᠠ      1. ᠲᠤᠭᠤᠷᠢᠭ ᠤᠨ ᠠᠷᠠᠳ ᠤᠨ ᠵᠠᠰᠠᠭ   ᠤᠨ ᠤᠷᠳᠤᠨ᠂ ᠲᠤᠭᠤᠷᠢᠭ  ᠤᠨ ᠠᠷᠠᠳ   ᠤᠨ ᠵᠠᠰᠠᠭ   ᠤᠨ ᠤᠷᠳᠤᠨ  ᠤ ᠠᠯᠪᠠᠨ ᠭᠡᠷ  ᠤᠨ ᠴᠠᠬᠢᠯᠭᠠᠨ ᠮᠡᠳᠡᠭᠡ  ᠶᠢ ᠬᠤᠷᠢᠶᠠᠬᠤ᠂ ᠲᠠᠩᠰᠠᠯᠠᠬᠤ᠂ ᠬᠤᠪᠢᠶᠠᠨ ᠰᠢᠢᠳᠪᠦᠷᠢᠯᠡᠬᠦ᠂ ᠲᠤᠭᠤᠷᠪᠢᠨ ᠪᠢᠴᠢᠬᠦ᠂ ᠲᠠᠮᠵᠢᠭᠤᠯᠤᠨ ᠦᠵᠡᠭᠦᠯᠬᠦ᠂ ᠨᠢᠭᠤᠴᠠ  ᠶᠢ ᠬᠠᠮᠠᠭᠠᠯᠠᠬᠤ ᠵᠢᠴᠢ ᠡᠪᠬᠡᠮᠡᠯᠯᠡᠨ ᠲᠠᠩᠰᠠ ᠡᠪᠭᠡᠮᠡᠯ  ᠳᠤ ᠤᠷᠤᠭᠤᠯᠬᠤ ᠠᠵᠢᠯ  ᠢ ᠬᠠᠷᠢᠭᠤᠴᠠᠨ᠎ᠠ᠃      2. ᠲᠤᠭᠤᠷᠢᠭ  ᠤᠨ ᠱᠠᠳᠤᠨ  ᠤ ᠰᠠᠯᠠᠭ᠎ᠠ ᠮᠦᠴᠢᠷ  ᠠᠴᠠ ᠲᠤᠭᠤᠷᠢᠭ  ᠤᠨ ᠵᠠᠰᠠᠭ  ᠤᠨ ᠤᠷᠳᠤᠨ  ᠳᠤ ᠲᠡᠪᠰᠢᠭᠦᠯᠦᠭᠰᠡᠨ ᠵᠢᠭᠠᠪᠤᠷᠢ ᠠᠪᠬᠤ ᠪᠢᠴᠢᠭ ᠪᠤᠶᠤ ᠮᠡᠳᠡᠭᠦᠯᠦᠯᠳᠡ  ᠶᠢᠨ ᠠᠯᠪᠠᠨ ᠪᠢᠴᠢᠭ  ᠤᠨ ᠭᠡᠯᠪᠡᠷᠢ ᠲᠢᠭ  ᠢ ᠬᠢᠨᠠᠬᠤ  ᠶᠢ ᠬᠠᠷᠢᠭᠤᠴᠠᠨ᠎ᠠ᠃      3. ᠲᠤᠭᠤᠷᠢᠭ ᠤᠨ ᠠᠷᠠᠳ ᠤᠨ ᠵᠠᠰᠠᠭ   ᠤᠨ ᠤᠷᠳᠤᠨ᠂ ᠲᠤᠭᠤᠷᠢᠭ  ᠤᠨ ᠠᠷᠠᠳ   ᠤᠨ ᠵᠠᠰᠠᠭ   ᠤᠨ ᠤᠷᠳᠤᠨ  ᠤ ᠠᠯᠪᠠᠨ ᠭᠡᠷ  ᠤᠨ ᠲᠠᠮᠠᠭ᠎ᠠ  ᠶᠢᠨ ᠬᠠᠮᠢᠶᠠᠷᠤᠯᠳᠠ ᠵᠢᠴᠢ ᠰᠣᠨᠢᠨ ᠰᠡᠳᠭᠦᠯ  ᠤᠨ ᠵᠠᠭᠢᠶᠠᠯᠠᠬᠤ ᠠᠵᠢᠯ  ᠢ ᠬᠠᠷᠢᠭᠤᠴᠠᠨ᠎ᠠ᠃      4. ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠳᠤᠷᠢᠳᠬᠤ ᠨᠦᠬᠦᠳ ᠠᠴᠠ ᠲᠠᠭᠠᠭᠠᠯᠭᠠᠭᠰᠠᠨ ᠪᠤᠰᠤᠳ ᠠᠵᠢᠯ ᠢ ᠬᠠᠷᠢᠭᠤᠴᠠᠨ᠎ᠠ᠃      ︵ᠵᠢᠷᠭᠤᠭ᠎ᠠ  ︶ ᠠᠵᠢᠯ ᠶᠠᠪᠤᠳᠠᠯ  ᠤᠨ ᠲᠠᠰᠤᠭ  ᠤᠨ ᠡᠭᠦᠷᠭᠡ ᠴᠢᠳᠠᠪᠬᠢ ᠪᠠ ᠲᠤᠰᠢᠶᠠᠯ ᠬᠠᠷᠢᠭᠤᠴᠠᠯᠭ᠎ᠠ      1. ᠪᠠᠶᠢᠭᠤᠯᠭ᠎ᠠ  ᠶᠢᠨ ᠡᠳᠦᠷ ᠲᠤᠳᠤᠮ  ᠤᠨ ᠠᠵᠢᠯᠯᠠᠭ᠎ᠠ ᠪᠠ ᠠᠵᠢᠯᠳᠠᠨ  ᠤ ᠶᠠᠪᠤᠳᠠᠯ᠂ ᠬᠦᠳᠡᠯᠮᠦᠷᠢ ᠴᠠᠯᠢᠩ᠂ ᠠᠷᠤ ᠲᠠᠯ᠎ᠠ  ᠶᠢᠨ ᠠᠵᠢᠯ ᠵᠡᠷᠭᠡ ᠲᠤᠳᠤᠭᠠᠳᠤ  ᠶᠢᠨ ᠬᠠᠮᠢᠶᠠᠷᠤᠯᠳᠠ  ᠶᠢᠨ ᠠᠵᠢᠯ  ᠢ ᠬᠠᠷᠢᠭᠤᠴᠠᠨ᠎ᠠ᠃      2. ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠳᠤᠷᠢᠳᠬᠤ ᠨᠦᠬᠦᠳ ᠠᠴᠠ ᠲᠠᠭᠠᠭᠠᠯᠭᠠᠭᠰᠠᠨ ᠪᠤᠰᠤᠳ ᠠᠵᠢᠯ ᠢ ᠬᠠᠷᠢᠭᠤᠴᠠᠨ᠎ᠠ᠃      ︵ᠲᠤᠯᠤᠭ᠎ᠠ︶ ᠶᠡᠷᠦᠩᠭᠡᠢ ᠵᠢᠵᠢᠭᠦᠷ  ᠤᠨ ᠲᠠᠰᠤᠭ  ᠤᠨ ᠡᠭᠦᠷᠭᠡ ᠴᠢᠳᠠᠪᠬᠢ ᠪᠠ ᠲᠤᠰᠢᠶᠠᠯ ᠬᠠᠷᠢᠭᠤᠴᠠᠯᠭ᠎ᠠ      1. ᠲᠡᠭᠡᠳᠦ ᠱᠠᠳᠤᠨ  ᠤ ᠪᠠᠶᠢᠭᠤᠯᠭ᠎ᠠ  ᠶᠢᠨ ᠬᠤᠷᠠᠯ  ᠤᠨ ᠮᠡᠳᠡᠭᠳᠡᠯ᠂ ᠤᠳᠠᠰᠤᠨ  ᠤ ᠮᠡᠳᠡᠭᠳᠡᠯ  ᠢ ᠬᠦᠯᠢᠶᠡᠨ ᠠᠪᠬᠤ᠂ ᠲᠡᠮᠳᠡᠭᠯᠡᠬᠦ ᠶᠠᠪᠤᠭᠳᠠᠭᠤᠯᠬᠤ᠂ ᠨᠠᠶᠢᠳᠠᠪᠤᠷᠢᠵᠢᠭᠤᠯᠵᠤ᠂ ᠬᠠᠷᠢᠭᠤ ᠲᠤᠰᠬᠠᠯ ᠦᠭᠭᠦ ᠵᠡᠷᠭᠡ ᠠᠵᠢᠯ  ᠢ ᠬᠠᠷᠢᠭᠤᠴᠠᠨ᠎ᠠ᠃      2. ᠲᠤᠭᠤᠷᠢᠭ ᠤᠨ ᠠᠷᠠᠳ ᠤᠨ ᠵᠠᠰᠠᠭ   ᠤᠨ ᠤᠷᠳᠤᠨ  ᠤ ᠤᠳᠤᠷᠢᠳᠬᠤ ᠨᠦᠬᠦᠳ ᠤᠨ ᠠᠯᠪᠠᠨ ᠶᠠᠪᠤᠳᠠᠯ  ᠤᠨ ᠲᠤᠭᠢᠷᠠᠭᠤᠯᠤᠯᠳᠠ  ᠶᠢ ᠡᠮᠬᠢᠯᠡᠬᠦ ᠪᠠ ᠴᠤᠭᠯᠠᠭᠤᠯᠬᠤ  ᠶᠢ ᠬᠠᠷᠢᠭᠤᠴᠠᠨ᠎ᠠ᠃      3. ᠪᠦᠭᠦ ᠲᠤᠭᠤᠷᠢᠭ ‍ᠣᠨ‌ᠵᠠᠰᠠᠭ   ᠤᠨ ᠤᠷᠳᠤᠨ  ᠤ ᠰᠢᠰᠲ᠋ᠧᠮ  ᠤᠨ ᠡᠯ᠎ᠡ ᠪᠠᠶᠢᠭᠤᠯᠭ᠎ᠠ ᠨᠢᠭᠡᠴᠡ  ᠶᠢᠨ ᠵᠢᠵᠢᠭᠦᠷᠯᠡᠬᠦ ᠠᠵᠢᠯ  ᠢ ᠵᠢᠯᠤᠭᠤᠳᠬᠤ ᠪᠠ ᠬᠢᠨᠠᠯᠳᠠ ᠲᠠᠯᠪᠢᠬᠤ  ᠶᠢ ᠬᠠᠷᠢᠭᠤᠴᠠᠨ᠎ᠠ᠃      4. ᠲᠤᠭᠤᠷᠢᠭ ‍ᠣᠨ‌ᠵᠠᠰᠠᠭ   ᠤᠨ ᠤᠷᠳᠤᠨ  ᠪᠠ ᠲᠤᠭᠤᠷᠢᠭ  ᠤᠨ ᠠᠷᠠᠳ   ᠤᠨ ᠵᠠᠰᠠᠭ   ᠤᠨ ᠤᠷᠳᠤᠨ  ᠤ ᠠᠯᠪᠠᠨ ᠭᠡᠷ ‍ᠣᠨ‌ᠵᠢᠵᠢᠭᠦᠷᠯᠡᠬᠦ ᠠᠵᠢᠯ  ᠢ ᠲᠤᠬᠢᠷᠠᠭᠤᠯᠵᠤ᠂ ᠴᠢᠬᠤᠯᠠ ᠪᠠᠶᠢᠳᠠᠯ  ᠢ ᠲᠤᠭᠤᠷᠢᠭ ᠤᠨ ᠠᠷᠠᠳ ᠤᠨ ᠵᠠᠰᠠᠭ   ᠤᠨ ᠤᠷᠳᠤᠨ  ᠤ ᠤᠳᠤᠷᠢᠳᠬᠤ  ᠨᠦᠬᠦᠳ ᠲᠤ ᠴᠠᠭ ᠲᠤᠬᠠᠢ ᠳᠤᠨᠢ ᠮᠡᠳᠡᠭᠦᠯᠦᠨ᠎ᠡ᠃      5. ᠲᠤᠭᠤᠷᠢᠭ  ᠤᠨ ᠠᠷᠠᠳ   ᠤᠨ ᠵᠠᠰᠠᠭ   ᠤᠨ ᠤᠷᠳᠤᠨ  ᠤ ᠠᠯᠪᠠᠨ ᠭᠡᠷ  ᠤᠨ ᠴᠢᠭᠡᠴᠢ ᠵᠠᠰᠠᠭ  ᠤᠨ ᠪᠠᠶᠢᠭᠤᠯᠤᠯᠳᠠ ᠪᠠ ᠢᠯᠵᠡᠷᠡᠯ  ᠢ ᠡᠰᠡᠷᠭᠦᠴᠡᠬᠦ ᠠᠵᠢᠯ  ᠢ ᠬᠠᠷᠢᠭᠤᠴᠠᠨ᠎ᠠ᠃      6. ᠲᠤᠭᠤᠷᠢᠭ  ᠤᠨ ᠠᠷᠠᠳ   ᠤᠨ ᠵᠠᠰᠠᠭ   ᠤᠨ ᠤᠷᠳᠤᠨ  ᠤ ᠠᠯᠪᠠᠨ ᠭᠡᠷ  ᠤᠨ ᠪᠠᠴᠢᠮ ᠪᠠᠶᠢᠳᠠᠯ  ᠢ ᠠᠷᠭᠠᠴᠠᠭᠠᠬᠤ ᠮᠠᠰᠢᠨ ᠲᠡᠷᠭᠡ ᠲᠤᠭᠢᠷᠠᠭᠤᠯᠬᠤ ᠠᠵᠢᠯ  ᠢ ᠬᠠᠷᠢᠭᠤᠴᠠᠨ᠎ᠠ᠃      7. ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠳᠤᠷᠢᠳᠬᠤ ᠨᠦᠬᠦᠳ ᠠᠴᠠ ᠲᠠᠭᠠᠭᠠᠯᠭᠠᠭᠰᠠᠨ ᠪᠤᠰᠤᠳ ᠠᠵᠢᠯ ᠢ ᠬᠠᠷᠢᠭᠤᠴᠠᠨ᠎ᠠ᠃      ︵ᠨᠠᠢᠮᠠ︶ ᠪᠦᠳᠦᠮᠵᠢ ᠴᠢᠳᠠᠪᠬᠢ  ᠶᠢᠨ ᠲᠠᠰᠤᠭ ᠤᠨ ᠡᠭᠦᠷᠭᠡ ᠬᠠᠷᠢᠭᠤᠴᠠᠯᠭ᠎ᠠ      1. ᠪᠦᠬᠦ ᠲᠤᠭᠤᠷᠢᠭ ᠤᠨ ᠨᠡᠶᠢᠭᠡᠮ ᠲᠤᠭᠤᠷᠢᠭ ᠤᠨ ᠵᠠᠰᠠᠯᠲᠠ ᠶᠢᠨ ᠮᠡᠳᠡᠭᠡ ᠵᠠᠩᠭᠢᠵᠢᠯᠳᠠ ᠶᠢᠨ ᠲᠠᠩᠴᠠᠩ  ᠤᠨ ᠠᠷᠠᠳ  ᠲᠤ ᠲᠦᠭᠦᠮ ᠦᠵᠡᠭᠦᠯᠬᠦ ᠰᠢᠰᠲ᠋ᠧᠮ  ᠤᠨ ᠤᠷᠤᠭᠰᠢᠳᠠᠢ ᠪᠠᠷ ᠠᠵᠢᠯᠯᠠᠬᠤ  ᠶᠢ ᠬᠠᠮᠠᠭᠠᠯᠠᠬᠤ ᠵᠢᠴᠢ ᠬᠠᠮᠢᠶᠠᠷᠤᠨ᠎ᠠ᠃      2. ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠪᠠ ᠨᠡᠶᠢᠭᠡᠮ ᠲᠤᠭᠤᠷᠢᠭ ᠲᠠᠪᠴᠠᠩ   ᠢᠶᠠᠷ ᠲᠠᠮᠵᠢᠨ ᠰᠢᠢᠳᠪᠦᠷᠢᠯᠡᠬᠦ ᠴᠢᠬᠤᠯᠠᠳᠠᠢ ᠠᠰᠠᠭᠤᠳᠠᠯ  ᠢᠶᠠᠨ ᠲᠡᠪᠰᠢᠭᠦᠯᠦᠭᠰᠡᠨ ᠪᠠᠶᠢᠳᠠᠯ ᠪᠠ ᠠᠰᠠᠭᠤᠳᠠᠯ  ᠢ ᠰᠢᠢᠳᠪᠦᠷᠢᠯᠡᠭᠰᠡᠨ ᠪᠠᠶᠢᠳᠠᠯ  ᠢ ᠵᠤᠭᠢᠴᠠᠭᠤᠯᠬᠤ᠂ ᠬᠢᠨᠠᠯᠳᠠ ᠲᠠᠯᠪᠢᠬᠤ᠂ ᠮᠡᠳᠡᠭᠡᠯᠡᠬᠦ᠂ ᠰᠢᠯᠭᠠᠨ ᠬᠢᠨᠠᠬᠤ ᠵᠡᠷᠭᠡ  ᠶᠢ ᠬᠠᠷᠢᠭᠤᠴᠠᠨ᠎ᠠ᠃      3. ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠳᠤᠷᠢᠳᠬᠤ ᠨᠦᠬᠦᠳ ᠠᠴᠠ ᠲᠠᠭᠠᠭᠠᠯᠭᠠᠭᠰᠠᠨ ᠪᠤᠰᠤᠳ ᠠᠵᠢᠯ ᠢ ᠬᠠᠷᠢᠭᠤᠴᠠᠨ᠎ᠠ᠃      ︵ᠶᠢᠰᠦ︶  ᠤᠷᠤᠨ ᠨᠤᠳᠤᠭ ‍ᠤᠨ‌ᠤᠶᠢᠯᠠᠯᠭ᠎ᠠ ᠰᠤᠳᠤᠯᠬᠤ ᠲᠠᠰᠤᠭ ‍ᠣᠨ‌ᠡᠭᠦᠷᠭᠡ ᠴᠢᠳᠠᠪᠬᠢ ᠪᠠ ᠲᠤᠰᠢᠶᠠᠯ ᠬᠠᠷᠢᠭᠤᠴᠠᠯᠭ᠎ᠠ      1. ᠪᠦᠬᠦ ᠲᠤᠭᠤᠷᠢᠭ ᠤᠨ ᠤᠷᠤᠨ ᠨᠤᠳᠤᠭ  ᠤᠨ ᠤᠶᠢᠯᠠᠯᠭ᠎ᠠ᠂ ᠤᠷᠤᠨ ᠨᠤᠳᠤᠭ  ᠤᠨ ᠴᠢᠨᠠᠷᠳᠠᠢ ᠶᠡᠷᠦᠩᠭᠡᠶᠢᠯᠡᠭᠰᠡᠨ ᠤᠨ  ᠤ ᠦᠯᠡᠪᠦᠷᠢ ᠶᠢᠨ ᠠᠵᠢᠯ  ᠤᠨ ᠲᠦᠯᠦᠪᠵᠢᠭᠦᠯᠬᠡ ᠪᠡ ᠨᠠᠶᠢᠷᠠᠭᠤᠯᠬᠤ ᠲᠦᠰᠦᠯ  ᠢ ᠬᠠᠷᠢᠭᠤᠴᠠᠨ᠎ᠠ᠃      2. ᠤᠷᠤᠨ ᠨᠤᠳᠤᠭ  ᠤᠨ ᠤᠶᠢᠯᠠᠯᠭ᠎ᠠ  ᠶᠢᠨ ᠮᠠᠲ᠋ᠧᠷᠢᠶᠠᠯ  ᠢ ᠴᠤᠭᠯᠠᠭᠤᠯᠬᠤ᠂ ᠡᠮᠭᠢᠳᠬᠡᠭᠦ᠂ ᠨᠠᠶᠢᠷᠠᠭᠤᠯᠬᠤ᠂ ᠭᠡᠪᠯᠡᠭᠦᠯᠭᠦ ᠠᠵᠢᠯ  ᠢ ᠬᠠᠷᠢᠭᠤᠴᠠᠨ᠎ᠠ᠃      3. ᠤᠷᠤᠨ ᠨᠤᠳᠤᠭ  ᠤᠨ ᠴᠢᠨᠠᠷᠳᠠᠢ ᠶᠡᠷᠦᠩᠭᠡᠶᠢᠯᠡᠭᠰᠡᠨ ᠤᠨ  ᠤ  ᠦᠯᠡᠪᠦᠷᠢ   ᠶᠢᠨ ᠮᠠᠲ᠋ᠧᠷᠢᠶᠠᠯ  ᠢ ᠴᠤᠭᠯᠠᠭᠤᠯᠬᠤ᠂  ᠨᠠᠶᠢᠷᠠᠭᠤᠯᠬᠤ᠂ ᠭᠡᠪᠯᠡᠭᠦᠯᠭᠦ ᠠᠵᠢᠯ  ᠢ ᠬᠠᠷᠢᠭᠤᠴᠠᠨ᠎ᠠ᠃      4. ᠤᠷᠤᠨ ᠨᠤᠳᠤᠭ  ᠤᠨ ᠤᠶᠢᠯᠠᠯᠭ᠎ᠠ᠂ ᠤᠷᠤᠨ ᠨᠤᠳᠤᠭ  ᠤᠨ ᠴᠢᠨᠠᠷᠳᠠᠢ ᠶᠡᠷᠦᠩᠭᠡᠶᠢᠯᠡᠭᠰᠡᠨ ᠤᠨ  ᠤ  ᠦᠢᠯᠡᠪᠦᠷᠢ  ᠶᠢ  ᠴᠤᠭᠯᠠᠭᠤᠯᠬᠤ᠂ ᠬᠠᠳᠠᠭᠠᠯᠠᠬᠤ  ᠶᠢ ᠬᠠᠷᠢᠭᠤᠴᠠᠨ᠎ᠠ᠃          ᠠᠵᠢᠯᠯᠠᠬᠤ ᠭᠠᠵᠠᠷ᠄ ᠦᠪᠦᠷ ᠮᠤᠩᠭᠤᠯ  ᠤᠨ ᠪᠤᠭᠤᠳᠤ ᠬᠤᠳᠠ  ᠶᠢᠨ ᠴᠢᠩᠱᠠᠨ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢᠨ ᠵᠠᠮ ᠤᠨ 189 ᠨᠤᠮᠧᠷᠳᠦ ᠴᠢᠩᠱᠠᠨ ᠲᠤᠭᠤᠷᠢᠭ ᠤᠨ ᠨᠠᠮ ᠵᠠᠰᠠᠭ  ᠤᠨ ᠤᠷᠳᠤᠨ  ᠤ ᠲᠤᠮᠤ ᠠᠰᠠᠷ ᠤᠨ 3  ᠳ᠋ᠤᠭᠠᠷ ᠠᠰᠠᠷ      ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠬᠦᠷᠳᠡᠯ᠎ᠡ ︵ᠬᠠᠤᠯᠢ ᠪᠠᠷ ᠲᠤᠭᠳᠠᠭᠠᠭᠰᠠᠨ ᠪᠠᠶᠠᠷ ᠲᠤᠷᠠᠰᠬᠠᠯ ᠠᠮᠠᠷᠠᠯᠳᠠ ᠶᠢᠨ ᠡᠳᠦᠷ ᠠᠴᠠ ᠭᠠᠳᠠᠨ᠎ᠠ︶      8᠄30 —12᠄00   14:30  —18᠄00      ᠬᠠᠷᠢᠯᠴᠠᠬᠤ ᠤᠳᠠᠰᠤ᠄ 0472 —3616313      ᠬᠠᠷᠢᠭᠤᠴᠠᠯᠭᠠᠳᠠᠨ᠄  ᠯᠢ ᠶᠦᠩ ᠭᠠᠩ
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号