ᠴᠢᠩᠱᠠᠨ ᠲᠤᠭᠤᠷᠢᠭ ᠤᠨ ᠰᠤᠶᠤᠯ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠳᠠᠢ ᠠᠭᠤᠰᠤᠯᠴᠠᠨ ᠬᠦᠭᠵᠢᠬᠦ | ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠤᠷᠤᠨ ᠨᠤᠳᠤᠭ ᠤᠨ ᠰᠤᠶᠤᠯ ᠨᠢ ᠵᠢᠭᠤᠯᠴᠢᠯᠠᠯ ᠤᠨ ᠦᠢᠯᠡᠰ | ᠤᠨ ᠠᠭᠤᠯᠬᠤᠨ ᠢ ᠪᠠᠶᠠᠯᠢᠭᠵᠢᠭᠤᠯᠬᠤ ᠳᠤ ᠬᠦᠴᠦᠨ ᠨᠡᠮᠡᠷᠢᠯᠡᠵᠦ᠂ ᠵᠢᠭᠤᠯᠴᠢᠯᠠᠯ ᠤᠨ ᠦᠵᠡᠮᠵᠢ ᠶᠢᠨ ᠤᠷᠤᠨ ᠢᠶᠠᠷ | ᠲᠦᠰᠢᠭ ᠪᠤᠯᠭᠠᠭᠰᠠᠨ ᠪᠦᠬᠦ ᠠᠷᠠᠳ ᠤᠨ ᠤᠩᠰᠢᠯᠭ᠎ᠠ ᠶᠢᠨ ᠲᠠᠪᠴᠠᠩ ᠢ ᠴᠤᠭᠴᠠᠯᠠᠬᠤ ᠶᠢᠨ ᠲᠦᠯᠦᠭᠡ᠂ ᠴᠢᠩᠱᠠᠨ | ᠲᠤᠭᠤᠷᠢᠭ ᠤᠨ ᠨᠤᠮ ᠤᠨ ᠰᠠᠩ ᠲᠤᠭᠤᠷᠢᠭ ᠤᠨ ᠲᠤᠳᠤᠷᠠᠬᠢ ᠠᠷᠠᠳ ᠤᠨ ᠬᠤᠪᠢ ᠵᠢᠨᠤᠷᠤᠨ ᠰᠠᠭᠤᠴᠠ ᠪᠠᠷ | ᠪᠠᠭᠤᠳᠠᠯ ᠪᠤᠯᠭᠠᠨ ᠡᠵᠡᠩᠨᠡᠭᠦ᠂ ᠦᠵᠡᠮᠵᠢ ᠶᠢᠨ ᠤᠷᠤᠨ ᠵᠡᠷᠭᠡ ᠭᠠᠵᠠᠷ ᠲᠤ ᠤᠯᠠᠨ ᠨᠡᠶᠢᠳᠡᠴᠢ ᠴᠢᠨᠠᠷ ᠲᠠᠢ᠂ | ᠪᠦᠳᠦᠭᠡᠯᠴᠢ ᠴᠢᠨᠠᠷᠳᠠᠢ᠂ ᠠᠭᠤᠰᠤᠯᠴᠠᠯ ᠴᠢᠨᠠᠷ ᠪᠦᠭᠦᠢ ᠰᠠᠩ ᠤᠨ ᠭᠠᠳᠠᠨᠠᠭᠢ ᠦᠢᠯᠡᠴᠢᠯᠡᠭᠡᠨ ᠤ ᠴᠢᠭ ᠢ ᠪᠠᠶᠢᠭᠤᠯᠵᠠᠢ᠃ | ᠴᠢᠩᠱᠠᠨ ᠲᠤᠭᠤᠷᠢᠭ ᠤᠨ ᠨᠤᠮ ᠤᠨ ᠰᠠᠩ ᠡᠯ᠎ᠡ ᠦᠵᠡᠮᠵᠢ ᠶᠢᠨ ᠤᠷᠤᠨ ᠳᠤ ᠬᠦᠷᠴᠦ ᠪᠠᠶᠢᠴᠠᠭᠠᠯᠳᠠ ᠬᠢᠵᠦ᠂ | ᠭᠠᠵᠠᠷ ᠰᠤᠩᠭᠤᠬᠤ ᠵᠡᠷᠭᠡ ᠡᠮᠦᠨᠡᠭᠢ ᠬᠤᠭᠤᠴᠠᠭᠠᠨ ᠤ ᠪᠡᠯᠡᠳᠭᠡᠯ ᠠᠵᠢᠯ ᠤᠨ ᠰᠠᠭᠤᠷᠢᠨ ᠳᠤ᠂ ᠪᠤᠭᠤᠳᠤ ᠶᠢᠨ | ᠤᠮᠠᠷᠠᠳᠤ ᠶᠢᠨ ᠴᠡᠷᠢᠭ ᠵᠡᠪᠰᠡᠭ ᠤᠨ ᠬᠤᠳᠠ ᠪᠡ ᠪᠤᠭᠤᠳᠤ ᠬᠤᠳᠠ ᠶᠢᠨ ᠲᠠᠯᠠᠢ ᠲᠠᠩᠬᠢᠰ ᠤᠨ ᠤᠷᠳᠤᠨ | ᠳᠤ《ᠴᠢᠩᠱᠠᠨ ᠲᠤᠭᠤᠷᠢᠭ ᠤᠨ ᠨᠤᠮ ᠤᠨ ᠰᠠᠩ ᠤᠨ ᠦᠨᠳᠦᠰᠦᠨ ᠱᠠᠳᠤᠨ ᠳᠤ ᠨᠡᠪᠳᠡᠷᠡᠬᠦ ᠦᠢᠯᠡᠴᠢᠯᠡᠭᠡᠨ ᠤ | ᠴᠡᠭ》 ᠢ ᠪᠠᠶᠢᠭᠤᠯᠵᠠᠢ᠃ ᠨᠤᠮ ᠤᠩᠰᠢᠯᠭ᠎ᠠ ᠶᠢ ᠵᠢᠭᠤᠯᠴᠢᠯᠠᠯ ᠲᠠᠢ ᠤᠷᠭᠠᠨᠢᠭ ᠢᠶᠠᠷ ᠤᠶᠠᠯᠳᠤᠭᠤᠯᠬᠤ ᠠᠷᠭ᠎ᠠ ᠪᠠᠷ | ᠦᠷᠭᠡᠨ ᠤᠯᠠᠨ ᠬᠤᠳᠠ ᠶᠢᠨ ᠠᠷᠠᠳ ᠤᠨ ᠤᠩᠰᠢᠯᠭ᠎ᠠ ᠶᠢᠨ ᠤᠷᠮ᠎ᠠ ᠪᠠᠭ᠋ᠠᠷᠬᠠᠯ ᠢ ᠬᠦᠭᠵᠢᠭᠡᠬᠦ ᠶᠢᠨ ᠬᠠᠮᠳᠤ ᠪᠦᠬᠦ | ᠠᠷᠠᠳ ᠢᠶᠠᠷ ᠢᠶᠠᠨ ᠵᠢᠭᠤᠯᠴᠢᠯᠠᠬᠤ ᠶᠢ ᠲᠦᠯᠬᠢᠨ ᠠᠬᠢᠭᠤᠯᠵᠠᠢ᠃ | ᠴᠢᠩᠱᠠᠨ ᠲᠤᠭᠤᠷᠢᠭ ᠤᠨ ᠨᠤᠮ ᠤᠨ ᠰᠠᠩ ᠬᠤᠶᠠᠷ ᠦᠢᠯᠡᠴᠢᠯᠡᠭᠡᠨ ᠤ ᠴᠡᠭ ᠲᠤ 2 ᠨᠤᠮ ᠤᠨ ᠲᠠᠯᠪᠢᠭᠤᠷ | ᠬᠠᠩᠭᠠᠵᠤ᠂ ᠭᠡᠦᠭᠡᠳ ᠤᠨ ᠵᠢᠷᠤᠭᠳᠤ ᠲᠡᠪᠳᠡᠷ᠂ ᠤᠯᠤᠰ ᠤᠨ ᠰᠤᠳᠤᠯᠤᠯ ᠤᠨ ᠰᠤᠩᠭᠤᠳᠠᠭ ᠪᠦᠳᠦᠭᠡᠯ᠂ ᠲᠤᠮᠳᠠᠳᠤ | ᠤᠯᠤᠰ ᠤᠨ ᠰᠤᠶᠤᠯ ᠮᠡᠳᠡᠯᠭᠡ ᠶᠢᠨ ᠤᠩᠰᠢᠬᠤ ᠪᠢᠴᠢᠭ᠂ ᠴᠡᠷᠢᠭ ᠤᠨ ᠶᠠᠪᠤᠳᠠᠯ ᠤᠨ ᠰᠢᠨᠵᠢᠯᠡᠬᠦ ᠤᠬᠠᠭᠠᠨ ᠮᠡᠷᠭᠡᠵᠢᠯ | ᠵᠡᠷᠭᠡ ᠠᠷᠪᠠᠨ ᠭᠡᠳᠦᠨ ᠵᠦᠢᠯ ᠤᠨ ᠨᠤᠮ ᠪᠠ 500 ᠭᠠᠷᠦᠢ ᠰᠡᠳᠭᠦᠯ ᠲᠤᠬᠢᠷᠠᠭᠤᠯᠵᠤ᠂ ᠴᠢᠩᠱᠠᠨ ᠲᠤᠭᠤᠷᠢᠭ ᠤᠨ | ᠨᠤᠮ ᠤᠨ ᠰᠠᠩ ᠤᠨ ᠦᠨᠳᠦᠰᠦᠨ ᠱᠠᠳᠤᠨ ᠳᠤ ᠨᠡᠪᠳᠡᠷᠡᠬᠦ ᠦᠢᠯᠡᠴᠢᠯᠡᠭᠡᠨ ᠤ ᠴᠡᠭ ᠤᠨ ᠭᠡᠷ᠎ᠡ ᠲᠤᠭᠳᠠᠭᠠᠵᠤ᠂ | ᠪᠤᠭᠤᠳᠤ ᠶᠢᠨ ᠤᠮᠠᠷᠠᠳᠤ ᠶᠢᠨ ᠴᠡᠷᠢᠭ ᠵᠡᠪᠰᠡᠭ ᠤᠨ ᠬᠤᠳᠠ ᠪᠡ ᠪᠤᠭᠤᠳᠤ ᠬᠤᠳᠠ ᠶᠢᠨ ᠲᠠᠯᠠᠢ ᠲᠠᠩᠬᠢᠰ ᠤᠨ | ᠤᠷᠳᠤᠨ ᠤ ᠨᠤᠮ ᠤᠨ ᠰᠠᠩ ᠤᠨ ᠨᠡᠭᠦᠳᠡᠯ ᠦᠢᠯᠡᠴᠢᠯᠡᠭᠡᠨ ᠤ ᠴᠡᠭ 8 ᠰᠠᠷ᠎ᠠ ᠶᠢᠨ26 ᠤ ᠡᠳᠦᠷ ᠠᠴᠠ ᠡᠬᠢᠯᠡᠨ | ᠵᠢᠩᠭᠢᠨᠢ ᠪᠠᠷ ᠡᠵᠡᠩᠨᠡᠯᠳᠡ ᠪᠠᠨ ᠡᠭᠢᠯᠡᠭᠦᠯᠪᠡ᠃ | |