ᠴᠢᠩᠱᠠᠨ ᠲᠤᠭᠤᠷᠢᠭ ᠤᠨ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠶᠤᠰᠤᠭᠠᠷ ᠲᠤᠭᠤᠷᠢᠭ ᠢᠶᠠᠨ ᠵᠠᠰᠠᠬᠤ ᠵᠦᠪᠯᠡᠯ ᠤᠨ ᠠᠯᠪᠠᠨ ᠭᠡᠷ《〈 ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠳᠤᠵᠤ · ᠨᠠᠮ ᠎ ᠤᠨ ᠲᠦᠷᠢᠮ ᠨᠠᠮ ᠤᠨ ᠲᠤᠭᠳᠠᠭᠠᠯ ᠢ ᠰᠤᠷᠤᠯᠴᠠᠵᠤ ᠤᠪᠤᠷ ᠰᠤᠷᠳᠠᠯ ᠢᠶᠠᠨ ᠴᠢᠩᠭᠠᠳᠬᠠᠵᠤ ᠬᠤᠰᠢᠭᠤᠴᠢ ᠪᠤᠯᠬᠤ ᠪᠠᠷ ᠴᠢᠷᠮᠠᠶᠢᠬᠤ〉ᠭᠤᠤᠯ ᠰᠡᠳᠦᠪᠳᠦ ᠰᠤᠷᠤᠯᠴᠠᠯᠭ᠎ᠠ ᠬᠦᠮᠦᠵᠢᠯ ᠤᠨ ᠲᠡᠯᠭᠡᠨ ᠦᠵᠡᠭᠦᠯᠵᠦ ᠦᠨᠡᠯᠡᠬᠦ ᠬᠦᠳᠡᠯᠭᠡᠭᠡᠨ ᠦᠷᠨᠢᠭᠦᠯᠬᠦ ᠲᠤᠬᠠᠢ ᠮᠡᠳᠡᠭᠳᠡᠯ》᠎ ᠢ ᠤᠯᠠᠮᠵᠢᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/9/2
ᠲᠤᠭᠤᠷᠢᠭ  ᠤᠨ ᠬᠠᠷᠢᠶᠠᠳᠤ᠂ ᠲᠤᠭᠤᠷᠢᠭ ᠲᠤ ᠰᠠᠭᠤᠭ᠎ᠠ ᠡᠯ᠎ᠠ ᠪᠠᠶᠢᠭᠤᠯᠭ᠎ᠠ ᠨᠢᠭᠡᠴᠡ᠄      ᠨᠠᠮ ᠤᠨ ᠲᠤᠳᠤᠭᠠᠳᠤᠬᠢ ᠬᠠᠤᠯᠢ ᠲᠤᠭᠳᠠᠭᠠᠯ ᠢ ᠬᠦᠨᠵᠡᠭᠡᠢ ᠰᠤᠷᠤᠯᠴᠠᠨ ᠤᠬᠠᠭᠤᠯᠵᠤ᠂ ᠰᠤᠷᠳᠠᠯ ᠤᠨ ᠪᠠᠶᠢᠭᠤᠯᠤᠯᠳᠠ ᠎ ᠶᠢ ᠴᠢᠩᠭᠠᠳᠬᠠᠬᠤ ᠰᠤᠷᠤᠯᠴᠠᠨ ᠦᠢᠯᠡᠳᠦᠯᠭᠡᠵᠢᠭᠦᠯᠬᠦ ᠠᠵᠢᠯᠯᠠᠭ᠎ᠠ ᠶᠢ  ᠬᠦᠨᠵᠡᠭᠡᠶᠢᠷᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠎ ᠤᠨ ᠠᠮᠵᠢᠯᠳᠠᠳᠠᠢ ᠬᠤᠷᠠᠯᠳᠤᠬᠤ ᠶᠢ ᠪᠠᠶᠠᠷᠯᠠᠨ ᠤᠭᠳᠤᠬᠤ ᠎ ᠶᠢᠨ ᠲᠦᠯᠦᠭᠡ᠂《2022 ᠤᠨ ᠪᠤᠭᠤᠳᠤ ᠬᠤᠳᠠ ᠶᠢᠨ ᠬᠠᠤᠯᠢ ᠲᠦᠭᠡᠮᠡᠯᠵᠢᠭᠦᠯᠵᠦ ᠬᠠᠤᠯᠢ ᠪᠠᠷ ᠵᠠᠰᠠᠬᠤ ᠠᠵᠢᠯ ᠎ ᠤᠨ ᠭᠤᠤᠯᠳᠠᠯᠭ᠎ᠠ》᠎ ᠶᠢᠨ ᠲᠤᠭᠢᠷᠠᠭᠤᠯᠤᠯᠳᠠ ᠶᠤᠰᠤᠭᠠᠷ᠂ ᠬᠤᠳᠠ ᠶᠢᠨ ᠨᠠᠮ ᠤᠨ ᠬᠤᠷᠢᠶᠠᠨ ᠤ ᠪᠦᠭᠦ ᠲᠠᠯ᠎ᠠ ᠪᠠᠷ ᠬᠠᠤᠯᠢ ᠶᠤᠰᠤᠭᠠᠷ ᠬᠤᠳᠠ ᠶᠢ ᠵᠠᠰᠠᠬᠤ ᠵᠦᠪᠯᠡᠯ ᠤᠨ ᠠᠯᠪᠠᠨ ᠭᠡᠷ ᠤᠨ ᠱᠠᠭᠠᠷᠳᠠᠯᠭ᠎ᠠ ᠶᠢ ᠦᠨᠳᠦᠰᠦᠯᠡᠨ᠂《〈 ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠳᠤᠵᠤ· ᠨᠠᠮ ᠤᠨ ᠲᠦᠷᠢᠮ ᠨᠠᠮ ᠤᠨ ᠲᠤᠭᠳᠠᠭᠠᠯ ᠢ ᠰᠤᠷᠤᠯᠴᠠᠵᠤ ᠤᠪᠤᠷ ᠰᠤᠷᠳᠠᠯ ᠢ ᠴᠢᠩᠭᠠᠳᠬᠠᠵᠤ ᠬᠤᠰᠢᠭᠤᠴᠢ ᠪᠤᠯᠬᠤ ᠪᠠᠷ ᠴᠢᠷᠮᠠᠶᠢᠬᠤ〉ᠭᠤᠤᠯ ᠰᠡᠳᠦᠪᠳᠦ ᠰᠤᠷᠤᠯᠴᠠᠯᠭ᠎ᠠ ᠬᠦᠮᠦᠵᠢᠯ ᠤᠨ ᠲᠡᠯᠭᠡᠨ ᠦᠵᠡᠭᠦᠯᠵᠦ ᠦᠨᠡᠯᠡᠬᠦ ᠬᠦᠳᠡᠯᠭᠡᠭᠡᠨ ᠦᠷᠨᠢᠭᠦᠯᠬᠦ ᠲᠤᠬᠠᠢ ᠮᠡᠳᠡᠭᠳᠡᠯ》᠎ ᠢ ᠲᠠᠨᠠᠷ ᠲᠤ ᠤᠯᠠᠮᠵᠢᠯᠠᠨ ᠲᠠᠷᠬᠠᠭᠠᠶ᠎ᠠ᠂ ᠭᠤᠤᠯ ᠰᠡᠳᠦᠪ ᠤᠨ ᠲᠤᠭᠤᠷᠢᠨ ᠳᠤ ᠰᠤᠷᠤᠯᠴᠠᠯᠭ᠎ᠠ ᠬᠦᠮᠦᠵᠢᠯ ᠤᠨ ᠬᠦᠳᠡᠯᠭᠡᠭᠡᠨ ᠢ ᠨᠠᠷᠢᠨ ᠬᠢᠨᠠᠮᠠᠭᠠᠢ ᠵᠤᠬᠢᠶᠠᠨ ᠪᠠᠶᠢᠭᠤᠯᠵᠤ ᠢᠳᠡᠪᠢᠳᠡᠢ ᠮᠡᠳᠡᠭᠦᠯᠦᠨ ᠬᠦᠷᠭᠡᠬᠦ ᠭᠡᠷᠡᠭᠳᠡᠢ᠃     ᠨᠢᠭᠡ᠂ ᠭᠦᠳᠡᠯᠭᠡᠭᠡᠨ ᠤ ᠭᠤᠤᠯ ᠰᠡᠳᠦᠪ     《 ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠳᠤᠵᠤ · ᠨᠠᠮ ᠤᠨ ᠲᠦᠷᠢᠮ ᠨᠠᠮ ᠤᠨ ᠲᠤᠭᠳᠠᠭᠠᠯ ᠢ ᠰᠤᠷᠤᠯᠴᠠᠵᠤ ᠤᠪᠤᠷ ᠰᠤᠷᠳᠠᠯ ᠢᠶᠠᠨ ᠴᠢᠩᠭᠠᠳᠬᠠᠵᠤ ᠬᠤᠰᠢᠭᠤᠴᠢ ᠪᠤᠯᠬᠤ ᠪᠠᠷ ᠴᠢᠷᠮᠠᠶᠢᠬᠤ》᠎ ᠪᠠᠷ ᠭᠤᠤᠯ ᠰᠡᠳᠦᠪ ᠪᠤᠯᠭᠠᠵᠤ᠂ ᠨᠠᠮ ᠤᠨ ᠲᠦᠷᠢᠮ᠂ ᠪᠠᠷᠢᠮᠵᠢᠶ᠎ᠠ᠂ ᠲᠦᠷᠢᠮ ᠲᠤᠭᠳᠠᠭᠠᠯ ᠵᠡᠷᠭᠡ ᠪᠠᠷ ᠭᠤᠤᠯᠳᠠᠯᠭ᠎ᠠ ᠪᠤᠯᠭᠠᠨ᠂ ᠤᠯᠠᠨ ᠶᠠᠩᠵᠤ ᠶᠢᠨ ᠬᠡᠯᠪᠡᠷᠢ ᠲᠠᠢ᠂ ᠢᠯᠠ ᠲᠤᠳᠤ ᠤᠨᠴᠠᠯᠢᠭ ᠲᠠᠢ ᠰᠤᠷᠤᠯᠴᠠᠯᠭ᠎ᠠ ᠬᠦᠮᠦᠵᠢᠯ ᠤᠨ ᠬᠦᠳᠡᠯᠭᠡᠭᠡᠨ ᠢ ᠵᠤᠬᠢᠶᠠᠨ ᠪᠠᠶᠢᠭᠤᠯᠤᠨ᠎ᠠ᠃     ᠬᠤᠶᠠᠷ᠂ ᠬᠦᠳᠡᠯᠭᠡᠭᠡᠨ ᠤ ᠱᠠᠭᠠᠷᠳᠠᠯᠭ᠎ᠠ     ︵ᠨᠢᠭᠡ︶ ᠢᠳᠡᠪᠬᠢᠳᠡᠢ ᠵᠤᠬᠢᠶᠠᠨ ᠪᠠᠶᠢᠭᠤᠯᠬᠤ ᠭᠡᠷᠡᠭᠳᠡᠢ᠃ ᠡᠯ᠎ᠡ ᠪᠠᠶᠢᠭᠤᠯᠭ᠎ᠠ ᠨᠢᠭᠡᠴᠡ ᠬᠠᠤᠯᠢ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠬᠢᠨᠠᠮᠠᠭᠠᠢ ᠨᠠᠶᠢᠳᠠᠪᠤᠷᠢᠵᠢᠭᠤᠯᠵᠤ᠂ ᠭᠤᠤᠯ ᠰᠡᠳᠦᠪᠳᠦ ᠰᠤᠷᠤᠯᠴᠠᠯᠭ᠎ᠠ ᠬᠦᠮᠦᠵᠢᠯ ᠤᠨ ᠬᠦᠳᠡᠯᠭᠡᠭᠡᠨ ᠢ ᠰᠠᠶᠢᠳᠤᠷ ᠵᠤᠬᠢᠶᠠᠨ ᠪᠠᠶᠢᠭᠤᠯᠤᠨ ᠦᠷᠨᠢᠭᠦᠯᠦᠨ᠎ᠡ᠃ ᠨᠠᠮ ᠤᠨ ᠡᠳᠦᠷ ᠤᠨ ᠠᠵᠢᠯᠯᠠᠭ᠎ᠠ ᠲᠠᠢ ᠤᠶᠠᠯᠳᠤᠭᠤᠯᠤᠨ ᠦᠷᠨᠢᠭᠦᠯᠵᠦ ᠪᠤᠯᠤᠨ᠎ᠠ᠂ ᠬᠦᠳᠡᠯᠭᠡᠭᠡᠨ ᠢ ᠭᠤᠤᠯ ᠰᠡᠳᠦᠪ ᠲᠠᠢ ᠨᠢᠭᠳᠠ ᠤᠶᠠᠯᠳᠤᠭᠤᠯᠵᠤ᠂ ᠤᠯᠠᠨ ᠬᠡᠯᠪᠡᠷᠢ  ᠶᠢᠨ᠂ ᠪᠦᠳᠦᠭᠡᠯᠴᠢ ᠲᠠᠢ᠂ ᠦᠪᠡᠷᠮᠢᠴᠡ ᠤᠨᠴᠠᠯᠢᠭ ᠲᠠᠢ ᠪᠠᠶᠢᠬᠤ ᠶᠢ ᠵᠤᠷᠢᠨ᠎ᠠ᠃     ︵ᠬᠤᠶᠠᠷ︶ ᠨᠠᠷᠢᠨ ᠬᠢᠨᠠᠮᠠᠭᠠᠢ ᠲᠠᠨᠢᠯᠴᠠᠭᠤᠯᠬᠤ ᠭᠡᠷᠡᠭᠳᠡᠢ᠃ ᠡᠯ᠎ᠡ ᠪᠠᠶᠢᠭᠤᠯᠭ᠎ᠠ ᠨᠢᠭᠡᠴᠡ ᠠᠩᠬᠠᠨ ᠤ ᠬᠢᠨᠠᠯᠳᠠ ᠬᠢᠭᠰᠡᠨ ᠤ ᠲᠠᠷᠠᠭ᠎ᠠ᠂ 9 ᠰᠠᠷ᠎ᠠ  ᠶᠢᠨ19᠎ ᠤ ᠡᠳᠦᠷ ᠠᠴᠠ ᠡᠮᠦᠨ᠎ᠡ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠶᠤᠰᠤᠭᠠᠷ ᠲᠤᠭᠤᠷᠢᠭ ᠢᠶᠠᠨ ᠵᠠᠰᠠᠬᠤ ᠵᠦᠪᠯᠡᠯ ᠤᠨ ᠠᠯᠪᠠᠨ ᠭᠡᠷ ᠲᠤ ᠲᠠᠨᠢᠯᠴᠠᠭᠤᠯᠤᠨ ᠮᠡᠳᠡᠭᠦᠯᠦᠨ᠎ᠡ᠃ ᠮᠡᠳᠡᠭᠦᠯᠦᠨ ᠬᠦᠷᠭᠡᠭᠦ ᠮᠠᠲ᠋ᠧᠷᠢᠶᠠᠯ ᠳᠤ᠄ ᠲᠠᠨᠢᠯᠴᠠᠭᠤᠯᠭ᠎ᠠ ᠶᠢᠨ ᠬᠦᠰᠦᠨᠦᠭ᠂ ᠬᠦᠳᠡᠯᠭᠡᠭᠡᠨ ᠤ ᠬᠡᠷᠡᠯ ᠵᠢᠷᠤᠭ ︵ᠠᠳᠠᠭ ᠪᠠᠭ᠎ᠠ ᠳᠠᠭᠠᠨ 5 ᠬᠤᠪᠢ᠂ jpg ᠬᠡᠯᠪᠡᠷᠢ ᠲᠠᠢ︶᠂ ᠬᠦᠳᠡᠯᠭᠡᠭᠡᠨ ᠤ ᠬᠠᠷᠠᠭᠠᠨ ᠲᠠᠪᠳᠠᠮᠵᠢ ︵3 —5ᠮᠢᠨᠦ᠋ᠲ᠂ mp4 ᠬᠡᠯᠪᠡᠷᠢ ᠲᠠᠢ︶                       ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠶᠤᠰᠤᠭᠠᠷ ᠲᠤᠭᠤᠷᠢᠭ ᠢᠶᠠᠨ                      ᠵᠠᠰᠠᠬᠤ ᠵᠦᠪᠯᠡᠯ ᠤᠨ ᠠᠯᠪᠠᠨ ᠭᠡᠷ                               2022 ᠤᠨ  ᠤ 9 ᠰᠠᠷ᠎ᠠ  ᠶᠢᠨ 1᠎ ᠤ ᠡᠳᠦᠷ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号