《ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠳᠤᠮᠤᠢ》ᠴᠢᠩᠱᠠᠨ  ᠲᠤᠭᠤᠷᠢᠭ《 ᠬᠠᠮᠤᠭ ᠦᠵᠡᠰᠭᠦᠯᠡᠩᠳᠦ ᠬᠦᠳᠡᠭᠡ ᠲᠤᠰᠬᠤᠨ  ᠰᠤᠶᠤᠯ ᠪᠤᠯᠪᠠᠰᠤᠨᠳᠤ ᠲᠤᠰᠬᠤᠨ ᠪᠠᠯᠭᠠᠰᠤ》ᠬᠡᠭᠦ ᠭᠤᠤᠯ ᠰᠡᠳᠦᠪᠳᠦ ᠤᠷᠠᠨ ᠵᠢᠷᠤᠭ ᠭᠡᠷᠡᠯ ᠵᠢᠷᠤᠭ ᠤᠨ ᠪᠦᠳᠦᠭᠡᠯ ᠤᠨ ᠦᠵᠡᠭᠦᠯᠦᠯᠭᠡ ᠶᠠᠪᠤᠭᠳᠠᠭᠤᠯᠪᠠ
ᠨᠡᠶᠢᠲᠡᠯᠡᠭᠰᠡᠨ ᠴᠠᠭ᠄
2022/9/21
      ᠨᠠᠮ ᠤᠨ ᠬᠤᠷᠢᠳᠤᠭᠠᠷ ᠬᠤᠭᠤᠴᠠᠭᠠᠨ ᠤ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠪᠠᠶᠠᠷᠯᠠᠨ ᠤᠭᠳᠤᠵᠤ᠂《 ᠬᠤᠶᠠᠷ ᠢ ᠴᠤᠭᠴᠠᠯᠠᠬᠤ》ᠠᠵᠢᠯᠯᠠᠭ᠎ᠠ ᠶᠢ ᠬᠦᠨᠵᠡᠭᠡᠢ ᠲᠦᠯᠬᠢᠨ ᠠᠬᠢᠭᠤᠯᠵᠤ᠂ ᠰᠤᠶᠤᠯ ᠵᠢᠭᠤᠯᠴᠢᠯᠠᠯ ᠎ ᠢ ᠬᠦᠳᠡᠭᠡ ᠲᠤᠰᠬᠤᠨ ᠤ ᠬᠦᠭᠵᠢᠨ ᠮᠠᠨᠳᠤᠯᠳᠠ ᠎ ᠳᠤ ᠲᠦᠯᠬᠢᠴᠡ ᠬᠦᠴᠦᠨ ᠪᠤᠯᠵᠤ᠂ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠬᠦᠯᠵᠦ᠂ ᠤᠳᠬ᠎ᠠ ᠤᠷᠠᠯᠢᠭ ᠤᠨ ᠰᠠᠶᠢᠨ ᠲᠤᠷ᠎ᠠ ᠶᠢᠨ ᠦᠢᠯᠡᠴᠢᠯᠡᠭᠡ ᠶᠢ ᠬᠦᠳᠡᠭᠡ ᠲᠤᠰᠬᠤᠨ ᠳᠤ ᠬᠦᠷᠭᠡᠬᠦ ᠶᠢᠨ ᠲᠦᠯᠦᠭᠡ᠂ 9 ᠰᠠᠷ᠎ᠠ ᠶᠢᠨ 19᠎ ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠭᠡᠯᠳᠡᠰ ᠠᠴᠠ ᠭᠤᠤᠯᠯᠠᠨ ᠡᠷᠬᠢᠯᠡᠵᠦ᠂ ᠲᠤᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠲᠤᠭᠤᠷᠢᠭ ᠤᠨ ᠰᠤᠶᠤᠯ ᠵᠢᠭᠤᠯᠴᠢᠯᠠᠯ ᠤᠨ ᠲᠤᠪᠴᠢᠶᠠᠨ ᠠᠴᠠ ᠲᠠᠭᠠᠭᠠᠨ ᠡᠷᠬᠢᠯᠡᠵᠦ᠂ ᠲᠤᠭᠤᠷᠢᠭ ᠤᠨ ᠤᠷᠠᠨ ᠵᠢᠷᠤᠭ ᠤᠨ ᠨᠡᠶᠢᠭᠡᠮᠯᠢᠭ᠂ ᠭᠡᠷᠡᠯ ᠵᠢᠷᠤᠭ ᠤᠨ ᠨᠡᠶᠢᠭᠡᠮᠯᠢᠭ᠂  ᠤᠷᠠᠨ ᠵᠢᠷᠤᠭ ᠤᠨ ᠤᠷᠳᠤᠨ ᠵᠡᠷᠭᠡ ᠪᠠᠶᠢᠭᠤᠯᠭ᠎ᠠ ᠶᠢᠨ ᠬᠠᠮᠵᠢᠨ ᠡᠷᠬᠢᠯᠡᠭᠰᠡᠨ《 ᠬᠤᠷᠢᠳᠤᠭᠠᠷ ᠶᠡᠭᠡ ᠬᠤᠷᠠᠯ ᠢ ᠪᠠᠶᠠᠷᠯᠠᠨ  ᠤᠭᠳᠤᠵᠤ  ᠰᠢᠨ᠎ᠡ ᠠᠶᠠᠨ ᠳᠤ ᠴᠢᠷᠮᠠᠶᠢᠨ ᠠᠶᠠᠯᠬᠤ》ᠴᠢᠩᠱᠠᠨ ᠲᠤᠭᠤᠷᠢᠭ ᠤᠨ《 ᠬᠠᠮᠤᠭ ᠭᠤᠶᠤ ᠬᠦᠳᠡᠭᠡ ᠲᠤᠰᠬᠤᠨ ᠰᠤᠶᠤᠯ ᠪᠤᠯᠪᠠᠰᠤᠨᠳᠤ  ᠬᠦᠳᠡᠭᠡ ᠲᠤᠰᠬᠤᠨ》ᠬᠡᠭᠦ ᠭᠤᠤᠯ ᠰᠡᠳᠦᠪᠳᠦ ᠤᠷᠠᠨ ᠵᠢᠷᠤᠭ᠂ ᠭᠡᠷᠡᠯ ᠵᠢᠷᠤᠭ ᠤᠨ ᠪᠦᠳᠦᠭᠡᠯ ᠤᠨ ᠦᠵᠡᠭᠦᠯᠦᠯᠭᠡ ᠴᠢᠩᠱᠠᠨ ᠲᠤᠭᠤᠷᠢᠭ ᠤᠨ ᠤᠷᠠᠨ ᠵᠢᠷᠤᠭ ᠤᠨ ᠤᠷᠳᠤᠨ ᠳᠤ  ᠶᠠᠪᠤᠭᠳᠠᠪᠠ᠃ ᠬᠤᠳᠠ ᠶᠢᠨ ᠬᠤᠷᠶᠠᠨ ᠤ ᠤᠬᠠᠭᠤᠯᠬᠤ ᠭᠡᠯᠳᠡᠰ ᠎ ᠤᠨ ᠬᠤᠶᠠᠳᠤᠭᠠᠷ ᠲᠡᠰ ᠤᠨ ᠲᠤᠭᠤᠷᠢᠨ ᠪᠠᠶᠢᠴᠠᠭᠠᠭᠴᠢ ᠱᠢ ᠰᠢᠦ ᠷᠦ᠂ ᠬᠤᠳᠠ ᠶᠢᠨ ᠤᠳᠬ᠎ᠠ ᠤᠷᠠᠯᠢᠭ ᠤᠨ ᠬᠢᠨ ᠎ ᠤ ᠬᠤᠯᠪᠤᠭᠠᠨ ᠤ ᠨᠠᠮ ᠤᠨ ᠤᠳᠤᠷᠢᠳᠬᠤ ᠲᠤᠭᠤᠶᠢᠯᠠᠩ ᠤᠨ ᠭᠡᠰᠢᠬᠦᠨ᠂ ᠲᠡᠳ᠋ ᠲᠡᠷᠢᠭᠦᠯᠡᠭᠴᠢ ᠵᠠᠩ ᠶᠠ ᠨᠢ᠂ ᠲᠤᠭᠤᠷᠢᠭ ᠤᠨ ᠪᠠᠶᠢᠩᠭᠤ ᠶᠢᠨ ᠭᠡᠰᠢᠬᠦᠨ᠂ ᠤᠬᠠᠭᠤᠯᠬᠤ ᠭᠡᠯᠳᠡᠰ ᠤᠨ ᠲᠠᠷᠤᠭ᠎ᠠ ᠷᠧᠨ ᠬᠠᠢ ᠰᠢᠨ᠂ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠳ᠋ ᠡᠷᠬᠢᠯᠡᠭᠴᠢ ᠶᠦᠨ ᠰᠢᠶᠤᠤ ᠶᠠᠨ᠂ ᠦᠪᠦᠷ ᠮᠤᠩᠭᠤᠯ ᠎ ᠤᠨ ᠤᠷᠠᠨ ᠵᠢᠷᠤᠭᠴᠢᠳ ᠤᠨ ᠬᠤᠯᠪᠤᠭᠠᠨ ᠤ ᠲᠡᠳ᠋ ᠡᠷᠬᠢᠯᠡᠭᠴᠢ᠂ ᠪᠤᠭᠤᠳᠤ ᠬᠤᠳᠠ ᠶᠢᠨ ᠤᠷᠠᠨ ᠵᠢᠷᠤᠭᠴᠢᠳ ᠤᠨ ᠨᠡᠶᠢᠭᠡᠮᠯᠢᠭ ᠤᠨ ᠲᠡᠷᠢᠭᠦᠯᠡᠭᠴᠢ᠂ ᠪᠤᠭᠤᠳᠤ ᠎ ᠶᠢᠨ ᠤᠷᠠᠨ ᠵᠢᠷᠤᠭ ᠤᠨ ᠤᠷᠳᠤᠨ ᠤ ᠲᠠᠷᠤᠭ᠎ᠠ ᠮᠢᠶᠤᠤ ᠵᠢᠩ ᠼᠠᠩ ᠵᠢᠴᠢ ᠬᠤᠳᠠ᠂ ᠲᠤᠭᠤᠷᠢᠭ ᠤᠨ ᠬᠠᠮᠢᠶ᠎ᠠ ᠪᠦᠭᠦᠢ ᠨᠢᠭᠡᠴᠡ ᠶᠢᠨ ᠬᠠᠷᠢᠭᠤᠴᠠᠯᠭᠠᠳᠠᠨ ᠪᠠ ᠨᠡᠶᠢᠭᠡᠮ ᠤᠨ ᠡᠯ᠎ᠡ ᠡᠳᠡᠭᠡᠳ ᠎ ᠤᠨ ᠬᠢᠨ ᠤ ᠤᠷᠠᠯᠢᠭᠴᠢᠨ ᠨᠠᠶᠢᠵᠠ ᠨᠠᠷ ᠬᠦᠳᠡᠯᠭᠡᠭᠡᠨ ᠳᠤ ᠤᠷᠤᠯᠴᠠᠪᠠ᠃           ᠲᠤᠰ ᠤᠳᠠᠭᠠᠨ ᠤ ᠬᠦᠳᠡᠯᠭᠡᠭᠡᠨ 7  ᠰᠠᠷ᠎ᠠ ᠶᠢᠨ 19 ᠎ ᠤ ᠡᠳᠦᠷ ᠳ᠋ᠦᠩ ᠳ᠋ᠠ ᠱᠠᠨ ᠤᠷᠠᠯᠢᠭ ᠤᠨ ᠲᠤᠭᠤᠷᠢᠭ ᠲᠤ ᠪᠦᠬᠦ ᠲᠠᠯ᠎ᠠ ᠪᠠᠷ ᠡᠬᠢᠯᠡᠭᠦᠯᠵᠦ᠂ ᠬᠦᠳᠡᠭᠡ ᠲᠤᠰᠬᠤᠨ ᠤ ᠬᠦᠭᠵᠢᠨ ᠮᠠᠨᠳᠤᠯᠳᠠ ᠎ ᠳᠤ ᠬᠦᠴᠦᠨ ᠨᠡᠮᠡᠷᠢᠯᠡᠬᠦ ᠪᠠᠷ ᠵᠤᠷᠢᠵᠤ᠂ ᠬᠦᠳᠡᠭᠡ ᠲᠤᠰᠬᠤᠨ ᠤ ᠬᠦᠭᠵᠢᠯᠳᠡ᠂ ᠬᠦᠳᠡᠭᠡ ᠲᠤᠰᠬᠤᠨ ᠤ ᠪᠦᠳᠦᠭᠡᠨ ᠪᠠᠶᠢᠭᠤᠯᠤᠯᠳᠠ᠂ ᠬᠦᠳᠡᠭᠡ ᠲᠤᠰᠬᠤᠨ ᠤ ᠵᠠᠰᠠᠨ ᠬᠠᠮᠢᠶᠠᠷᠤᠯᠳᠠ ᠵᠡᠷᠭᠡ ᠭᠤᠤᠯᠳᠠᠯᠭᠠᠳᠤ ᠠᠵᠢᠯ ᠤᠨ ᠲᠤᠮᠳᠠᠭᠢ ᠦᠷ᠎ᠡ ᠪᠦᠳᠦᠮᠵᠢ ᠶᠢ ᠲᠤᠪᠤᠶᠢᠯᠭᠠᠨ ᠢᠯᠡᠷᠡᠭᠦᠯᠵᠡᠢ᠃ ᠤᠷᠠᠯᠢᠭᠴᠢᠳ ᠴᠢᠩᠱᠠᠨ ᠲᠤᠭᠤᠷᠢᠭ ᠤᠨ ᠳ᠋ᠦᠩ ᠳ᠋ᠠ  ᠭᠸᠦ ᠲᠤᠰᠬᠤᠨ᠂ ᠰᠢ ᠪᠢᠶᠠᠨ ᠴᠢᠶᠠᠩ ᠲᠤᠰᠬᠤᠨ᠂ ᠹᠦ᠋ ᠾᠧ ᠳ᠋ᠠᠩ ᠲᠤᠰᠬᠤᠨ ᠵᠢᠴᠢ ᠪᠤᠭᠤᠳᠤ ᠶᠢᠨ ᠡᠷᠬᠢᠨ ᠲᠤᠭᠤᠷᠢᠨ ᠳᠠᠬᠢ ᠪᠤᠯᠪᠠᠰᠤᠨᠳᠤ ᠲᠤᠰᠬᠤᠨ ᠪᠠᠯᠭᠠᠰᠤᠨ ᠳᠤ ᠰᠢᠷᠢᠰ ᠠᠵᠢᠭᠯᠠᠯᠳᠠ ᠶᠢᠨ ᠬᠦᠳᠡᠯᠭᠡᠭᠡᠨ ᠢᠶᠠᠷ ᠲᠠᠮᠵᠢᠨ᠂ ᠤᠷᠠᠨ ᠵᠢᠷᠤᠭ᠂ ᠭᠡᠷᠡᠯ ᠵᠢᠷᠤᠭ ᠎ ᠤᠨ ᠭᠡᠯᠪᠡᠷᠢ ᠪᠠᠷ ᠬᠠᠮᠤᠭ ᠦᠵᠡᠰᠬᠦᠯᠡᠩᠳᠦ ᠬᠦᠳᠡᠭᠡ ᠲᠤᠰᠬᠤᠨ ᠤ ᠪᠠᠶᠢᠭᠤᠯᠤᠯᠳᠠ ᠶᠢᠨ ᠦᠷ᠎ᠡ ᠪᠦᠳᠦᠭᠡᠯ ᠪᠠ ᠰᠤᠶᠤᠯ ᠪᠤᠯᠪᠠᠰᠤᠨᠳᠤ ᠭᠦᠳᠡᠭᠡ ᠲᠤᠰᠬᠤᠨ ᠤ ᠪᠦᠳᠦᠭᠡᠨ ᠪᠠᠶᠢᠭᠤᠯᠤᠯᠳᠠ ᠵᠢᠴᠢ ᠬᠦᠳᠡᠭᠡ ᠲᠤᠰᠬᠤᠨ ᠤ ᠰᠤᠯᠠ ᠰᠡᠯᠡᠭᠦᠴᠡᠯ ᠵᠤᠭᠠᠴᠠᠯ ᠤᠨ ᠲᠦᠷᠦᠯ ᠵᠦᠢᠯ ᠤᠨ ᠭᠦᠭᠵᠢᠯᠳᠡ ᠶᠢᠨ ᠦᠷ᠎ᠡ ᠪᠦᠳᠦᠮᠵᠢ ᠶᠢ ᠲᠡᠯᠭᠡᠨ ᠦᠵᠡᠭᠦᠯᠵᠦ᠂ ᠰᠢᠯᠢᠳᠡᠭ ᠬᠢᠷᠢ ᠪᠦᠳᠦᠮᠵᠢ ᠪᠠᠷ ᠨᠠᠮ ᠤᠨ ᠬᠤᠷᠢᠳᠤᠭᠠᠷ ᠬᠤᠭᠤᠴᠠᠭᠠᠨ ᠤ ᠶᠡᠭᠡ ᠬᠤᠷᠠᠯ ᠎ ᠤᠨ ᠠᠮᠵᠢᠯᠳᠠ ᠲᠠᠢ ᠬᠤᠷᠠᠯᠳᠤᠬᠤ ᠶᠢ ᠪᠠᠶᠠᠷᠯᠠᠨ ᠤᠭᠳᠤᠵᠠᠢ᠃ ᠲᠤᠰ ᠤᠳᠠᠭᠠᠨ ᠤ ᠲᠡᠯᠭᠡᠨ ᠦᠵᠡᠭᠦᠯᠦᠯᠭᠡ ᠶᠢᠨ ᠬᠦᠳᠡᠯᠭᠡᠭᠡᠨ 9  ᠰᠠᠷ᠎ᠠ ᠎ ᠶᠢᠨ 19 ᠎ ᠠᠴᠠ ᠡᠬᠢᠯᠡᠵᠦ᠂ 10 ᠰᠠᠷ᠎ᠠ ᠶᠢᠨ 10 ᠬᠦᠷᠳᠡᠯ᠎ᠡ ᠦᠷᠬᠦᠯᠵᠢᠯᠡᠨ᠎ᠡ᠃    
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号