ᠴᠢᠩᠱᠠᠨ ᠲᠤᠭᠤᠷᠢᠭ ᠤᠨ ᠵᠠᠯᠠᠭᠤᠴᠤᠳ ᠤᠨ ᠲᠠᠳᠤᠯᠭ᠎ᠠ ᠶᠢᠨ ᠰᠠᠭᠤᠷᠢᠨ ᠭᠠᠵᠠᠷ ᠢ ᠭᠤᠶᠤᠴᠢᠯᠠᠨ ᠮᠡᠳᠡᠭᠦᠯᠬᠦ ᠠᠵᠢᠯ ᠢ ᠦᠷᠨᠢᠭᠦᠯᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/9/21
ᠴᠢᠩᠱᠠᠨ ᠲᠤᠭᠤᠷᠢᠭ ᠤᠨ ᠬᠠᠷᠢᠶᠠᠨ ᠤ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠄      ᠵᠠᠯᠠᠭᠤᠴᠤᠳ ᠤᠨ ᠲᠠᠳᠤᠯᠭ᠎ᠠ ᠶᠢᠨ ᠠᠵᠢᠯ ᠢ ᠤᠯᠠᠮ ᠨᠢᠭᠡ ᠠᠯᠬᠤᠮ ᠰᠠᠶᠢᠳᠤᠷ ᠬᠢᠵᠦ᠂ ᠲᠠᠳᠤᠯᠭ᠎ᠠ ᠶᠢᠨ ᠪᠤᠯᠪᠠᠰᠤᠷᠠᠯ ᠢᠶᠠᠷ ᠵᠠᠯᠠᠭᠤᠴᠤᠳ ᠤᠨ ᠠᠵᠢᠯ ᠤᠨ ᠲᠤᠷᠰᠢᠯᠭ᠎ᠠ ᠶᠢ ᠨᠢ ᠨᠡᠮᠡᠭᠳᠡᠭᠦᠯᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠠ ᠠᠵᠢᠯ ᠤᠯᠬᠤ ᠴᠢᠳᠠᠪᠤᠷᠢ ᠶᠢ ᠲᠡᠭᠡᠭᠰᠢᠯᠡᠭᠦᠯᠬᠦ ᠶᠢᠨ ᠲᠦᠯᠦᠭᠡ᠂《ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠯᠠᠭᠤᠴᠤᠳ ᠤᠨ ᠲᠠᠳᠤᠯᠭ᠎ᠠ ᠶᠢᠨ ᠲᠦᠯᠦᠪᠵᠢᠭᠦᠯᠭᠡ ᠶᠢ ᠬᠡᠷᠡᠭᠵᠢᠭᠦᠯᠬᠦ ᠲᠦᠰᠦᠯ》 ︵ᠦᠪᠦᠷ ᠮᠤᠩᠭᠤᠯ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠲᠠᠷᠬᠠᠭᠠᠭᠰᠠᠨ〔2019〕14 ᠳ᠋ᠣᠭᠡᠷ ᠲᠤᠭᠠᠳᠤ︶᠂《ᠪᠤᠭᠤᠳᠤ ᠬᠤᠳᠠ  ᠶᠢᠨ ᠵᠠᠯᠠᠭᠤᠴᠤᠳ ᠤᠨ ᠲᠠᠳᠤᠯᠭ᠎ᠠ ᠶᠢᠨ ᠰᠠᠭᠤᠷᠢᠨ ᠭᠠᠵᠠᠷ ᠢ ᠭᠤᠶᠤᠴᠢᠯᠠᠨ ᠮᠡᠳᠡᠭᠦᠯᠬᠦ ᠠᠵᠢᠯ ᠢ ᠦᠷᠨᠢᠭᠦᠯᠬᠦ ᠲᠤᠬᠠᠢ ᠮᠡᠳᠡᠭᠳᠡᠯ》 ︵ᠪᠤᠭᠤᠳᠤ ᠬᠤᠳᠠ ᠶᠢᠨ ᠬᠦᠮᠦᠨ ᠤ ᠬᠦᠴᠦᠨ ᠤ ᠡᠬᠢ ᠪᠠᠶᠠᠯᠢᠭ‌‍ᠪᠠ ᠨᠡᠶᠢᠭᠡᠮ ᠤᠨ ᠪᠠᠳᠤᠯᠠᠭ᠎ᠠ ᠲᠠᠷᠬᠠᠭᠠᠭᠰᠠᠨ〔2019〕92 ᠳ᠋ᠣᠭᠡᠷ ᠲᠤᠭᠠᠳᠤ︶᠎ ᠶᠢᠨ ᠵᠤᠷᠢᠭ ᠰᠠᠨᠠᠭ᠎ᠠ ᠪᠠᠷ᠂ ᠴᠢᠩᠱᠠᠨ ᠲᠤᠭᠤᠷᠢᠭ ᠤᠨ ᠵᠠᠯᠠᠭᠤᠴᠤᠳ ᠤᠨ ᠲᠠᠳᠤᠯᠭ᠎ᠠ ᠶᠢᠨ ᠰᠠᠭᠤᠷᠢᠨ ᠭᠠᠵᠠᠷ ᠢ ᠬᠢᠨᠠᠨ ᠲᠤᠭᠳᠠᠭᠠᠬᠤ ᠬᠤᠯᠪᠤᠭᠳᠠᠯ ᠪᠦᠭᠦᠢ ᠵᠦᠢᠯᠡᠰ ᠢ ᠲᠤᠤᠷᠠᠬᠢ ᠮᠡᠳᠦ ᠮᠡᠳᠡᠭᠳᠡᠶ᠎ᠡ᠄     ᠨᠢᠭᠡ᠂ ᠭᠤᠶᠤᠴᠢᠯᠠᠨ ᠮᠡᠳᠡᠭᠦᠯᠬᠦ ᠴᠠᠭ     2022 ᠤᠨ ᠤ 9 ᠰᠠᠷ᠎ᠠ ᠶᠢᠨ 21᠎ ᠤ ᠡᠳᠦᠷ —10 ᠰᠠᠷ᠎ᠠ ᠶᠢᠨ 20᠎ ᠤ ᠡᠳᠦᠷ     ᠬᠤᠶᠠᠷ᠂ ᠭᠤᠶᠤᠴᠢᠯᠠᠨ ᠮᠡᠳᠡᠭᠦᠯᠬᠦ ᠬᠡᠪᠴᠢᠶ᠎ᠠ     ᠴᠢᠩᠱᠠᠨ ᠲᠤᠭᠤᠷᠢᠭ ᠤᠨ ᠬᠠᠷᠢᠶᠠᠨ ᠤ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠪᠠ ᠨᠡᠶᠢᠭᠡᠮ ᠤᠨ ᠵᠤᠬᠢᠶᠠᠨ ᠪᠠᠶᠢᠭᠤᠯᠤᠯᠳᠠ     ᠭᠤᠷᠪᠠ᠂ ᠭᠤᠶᠤᠴᠢᠯᠠᠨ ᠮᠡᠳᠡᠭᠦᠯᠬᠦ ᠨᠦᠭᠦᠴᠡᠯ     ︵ᠨᠢᠭᠡ︶ ᠡᠵᠡᠩᠨᠡᠯᠳᠡ ᠪᠠᠷ ᠵᠤᠬᠢᠬᠤ ᠬᠡᠪᠴᠢᠶᠡᠨ ᠳᠤ ᠲᠤᠯᠤᠭᠰᠠᠨ ᠪᠠ ᠰᠠᠶᠢᠨ ᠰᠠᠶᠢᠬᠠᠨ ᠨᠡᠶᠢᠭᠡᠮ ᠤᠨ ᠢᠳᠡᠭᠡᠯ ᠬᠦᠨᠳᠦ ᠲᠠᠢ ᠴᠢᠩᠱᠠᠨ ᠲᠤᠭᠤᠷᠢᠭ ᠤᠨ ᠤᠷᠤᠨ ᠪᠦᠰᠡ ᠳᠠᠬᠢ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠪᠠ ᠨᠡᠶᠢᠭᠡᠮ ᠤᠨ ᠵᠤᠬᠢᠶᠠᠨ ᠪᠠᠶᠢᠭᠤᠯᠤᠯᠳᠠ᠃     ︵ᠬᠤᠶᠠᠷ︶ ᠲᠠᠳᠤᠯᠭ᠎ᠠ ᠶᠢᠨ ᠨᠢᠭᠡᠴᠢ ᠨᠢ ᠨᠡᠯᠢᠶᠡᠳ ᠴᠢᠩᠭ᠎ᠠ ᠨᠡᠶᠢᠭᠡᠮ ᠤᠨ ᠬᠠᠷᠢᠭᠤᠴᠠᠯᠭ᠎ᠠ ᠲᠠᠢ ᠪᠠᠶᠢᠵᠤ᠂ ᠬᠠᠤᠯᠢ ᠶᠤᠰᠤᠭᠠᠷ ᠡᠵᠡᠩᠨᠡᠵᠦ᠂ ᠲᠦᠷᠢᠮ ᠲᠤᠭᠳᠠᠭᠠᠯ ᠨᠢ ᠪᠦᠷᠢᠨ ᠲᠡᠭᠦᠯᠳᠡᠷ᠂ ᠬᠠᠮᠢᠶᠠᠷᠤᠯᠳᠠ ᠲᠦᠷᠢᠮᠵᠢᠭᠰᠡᠨ᠂ ᠵᠢᠯ ᠪᠦᠷᠢ ᠠᠳᠠᠭ ᠲᠠᠭᠠᠨ 10᠎ ᠠᠴᠠ ᠲᠡᠭᠡᠭᠰᠢᠬᠢ ᠲᠠᠳᠤᠯᠭ᠎ᠠ ᠶᠢᠨ ᠪᠠᠶᠢᠷᠢ ᠶᠢ ᠬᠠᠩᠭᠠᠵᠤ ᠲᠡᠶᠢᠯᠬᠦ ᠪᠦᠭᠡᠳ ᠲᠠᠳᠤᠯᠭ᠎ᠠ ᠶᠢᠨ ᠨᠢᠭᠡᠴᠡ ᠡᠴᠠ‌‍ᠲ᠋ᠤᠰᠬᠠᠢ ᠬᠦᠮᠦᠨ ᠲᠤᠮᠢᠯᠠᠨ ᠲᠠᠳᠤᠯᠭ᠎ᠠ ᠶᠢᠨ ᠠᠵᠢᠯᠳᠠᠨ ᠳᠤ ᠠᠵᠢᠯ ᠤᠨ ᠵᠢᠯᠤᠭᠤᠳᠤᠯᠭ᠎ᠠ ᠬᠢᠵᠦ ᠲᠡᠶᠢᠯᠬᠦ᠃ ᠲᠤᠰ ᠭᠠᠵᠠᠷ ᠤᠷᠤᠨ ᠳᠤ ᠵᠤᠬᠢᠬᠤ ᠠᠵᠢᠯ ᠲᠦᠷᠦᠯ ᠤᠨ ᠲᠦᠯᠦᠭᠡᠯᠡᠬᠦ ᠴᠢᠨᠠᠷ ᠪᠠ ᠨᠡᠶᠢᠭᠡᠮ ᠤᠨ ᠨᠦᠯᠦᠭᠡᠯᠡᠬᠦ ᠬᠦᠴᠦᠨ ᠲᠠᠢ ᠠᠵᠤ ᠠᠬᠤᠶᠢᠯᠠᠯ ᠢ ᠲᠠᠳᠤᠯᠭ᠎ᠠ ᠶᠢᠨ ᠨᠢᠭᠡᠴᠢ ᠪᠠᠷ ᠲᠦᠷᠦᠭᠦᠯᠡᠨ ᠪᠤᠳᠤᠯᠬᠢᠯᠠᠨ᠎ᠠ᠃     ︵ᠭᠤᠷᠪᠠ︶ ᠲᠠᠳᠤᠯᠭ᠎ᠠ ᠶᠢᠨ ᠨᠢᠭᠡᠴᠢ ᠶᠢᠨ ᠬᠠᠩᠭᠠᠭᠰᠠᠨ ᠲᠠᠳᠤᠯᠭ᠎ᠠ ᠶᠢᠨ ᠠᠵᠢᠯ ᠤᠨ ᠪᠠᠶᠢᠷᠢ ᠨᠢ ᠵᠠᠯᠠᠭᠤᠴᠤᠳ ᠤᠨ ᠦᠢᠯᠡᠳᠦᠯᠭᠡ ᠶᠢᠨ ᠴᠢᠳᠠᠪᠤᠷᠢ ᠶᠢ ᠲᠡᠭᠡᠭᠰᠢᠯᠡᠬᠦᠯᠬᠦ ᠭᠡᠷᠡᠭᠴᠡᠭᠡ‌‍ᠳᠤ ᠨᠡᠶᠢᠴᠡᠭᠰᠡᠨ᠂ ᠵᠤᠬᠢᠬᠤ ᠮᠡᠳᠡᠯᠭᠡ᠂ ᠮᠡᠷᠭᠡᠵᠢᠯ᠂ ᠤᠷ᠎ᠠ ᠮᠡᠷᠭᠡᠵᠢᠯ ᠤᠨ ᠠᠭᠤᠯᠤᠭᠳᠠᠴᠠ ᠪᠠ ᠲᠤᠬᠠᠶᠢᠯᠠᠭᠰᠠᠨ ᠠᠵᠢᠯ  ᠤᠨ ᠠᠭᠤᠯᠭ᠎ᠠ ᠲᠠᠢ᠂  ᠤᠯᠤᠰ ᠤᠨ ᠲᠤᠭᠳᠠᠭᠠᠯ ᠳᠤ ᠨᠡᠶᠢᠴᠡᠭᠰᠡᠨ ᠬᠦᠳᠡᠯᠮᠦᠷᠢ ᠶᠢᠨ ᠬᠠᠮᠠᠭᠠᠯᠠᠯᠳᠠ ᠶᠢᠨ ᠠᠷᠭ᠎ᠠ ᠬᠡᠮᠵᠢᠶ᠎ᠡ ᠪᠠ ᠬᠦᠳᠡᠯᠮᠦᠷᠢ ᠶᠢᠨ ᠠᠶᠤᠯᠬᠦᠢ ᠪᠠᠶᠢᠬᠤ ᠪᠠ ᠡᠷᠡᠭᠦᠯ ᠬᠠᠮᠠᠭᠠᠯᠠᠯ ᠤᠨ ᠨᠦᠭᠦᠴᠡᠯ ᠢ ᠪᠦᠷᠢᠳᠦᠭᠦᠯᠦᠭᠰᠡᠨ ᠪᠠᠶᠢᠬᠤ ᠭᠡᠷᠡᠭᠳᠡᠢ᠃     ︵ᠲᠦᠷᠪᠡ︶ ᠲᠠᠳᠤᠯᠭ᠎ᠠ ᠶᠢᠨ ᠨᠢᠭᠡᠴᠢ ᠠᠵᠢᠯᠳᠠᠨ ᠢ ᠬᠦᠮᠦᠵᠢᠭᠦᠯᠦᠨ ᠪᠤᠯᠪᠠᠰᠤᠷᠠᠭᠤᠯᠬᠤ ᠪᠦᠷᠢᠨ ᠲᠡᠭᠦᠯᠳᠡᠷ ᠰᠢᠰᠲ᠋ᠧᠮ ᠢ ᠪᠦᠷᠢᠯᠳᠦᠭᠦᠯᠦᠭᠰᠡᠨ ᠪᠠᠶᠢᠬᠤ ᠭᠡᠷᠡᠭᠳᠡᠢ᠂ ᠲᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠢᠶᠠᠷ ᠭᠤᠤᠯ ᠪᠤᠯᠭᠠᠭᠰᠠᠨ ᠵᠠᠯᠠᠭᠤᠴᠤᠳ ᠲᠤ ᠲᠠᠳᠤᠯᠭ᠎ᠠ ᠶᠢᠨ ᠵᠢᠯᠤᠭᠤᠳᠤᠯᠭ᠎ᠠ ᠬᠢᠭᠦ ᠪᠠᠭᠰᠢ ᠶᠢᠨ ᠬᠦᠴᠦᠨ ᠪᠠ ᠲᠤᠰᠬᠠᠢ ᠮᠡᠷᠭᠡᠵᠢᠯ ᠤᠨ ᠠᠵᠢᠯᠳᠠᠨ᠂ ᠪᠤᠳᠠᠳᠠᠢ ᠬᠡᠷᠡᠭᠴᠡᠭᠡ ᠱᠠᠭᠠᠷᠳᠠᠯᠭ᠎ᠠ ᠶᠤᠰᠤᠭᠠᠷ ᠠᠵᠢᠯ ᠤᠨ ᠪᠠᠶᠢᠷᠢ ᠶᠢᠨ ᠪᠤᠯᠪᠠᠰᠤᠷᠠᠯ ᠬᠢᠵᠤ ᠲᠡᠶᠢᠯᠦᠨ᠎ᠡ᠃     ︵ᠲᠠᠪᠤ︶ ᠲᠠᠳᠤᠯᠭ᠎ᠠ ᠶᠢᠨ ᠨᠢᠭᠡᠴᠢ ᠲᠠᠳᠤᠯᠭ᠎ᠠ ᠶᠢᠨ ᠬᠦᠮᠦᠰ ᠲᠤ ᠬᠡᠰᠡᠭ ᠦᠨᠳᠦᠰᠦᠨ ᠠᠮᠢᠳᠤᠷᠠᠯ ᠤᠨ ᠨᠦᠭᠦᠪᠤᠷᠢ ᠬᠠᠩᠭᠠᠵᠤ ᠴᠢᠳᠠᠨ᠎ᠠ᠂ ᠬᠦᠮᠦᠨ ᠤ ᠪᠡᠶ᠎ᠡ ᠶᠢᠨ ᠠᠳᠡᠯ ᠤᠨ ᠲᠠᠭᠠᠳᠬᠠᠯ ᠢ ᠬᠤᠳᠠᠯᠳᠤᠵᠤ ᠠᠪᠴᠤ ᠦᠭᠬᠦᠨ᠎ᠡ᠃     ᠲᠦᠷᠪᠡ᠂ ᠮᠡᠳᠡᠭᠦᠯᠬᠦ ᠭᠡᠯᠪᠡᠷᠢ     ︵ᠨᠢᠭᠡ︶ ᠪᠤᠭᠤᠳᠤ ᠬᠤᠳᠠ ᠶᠢᠨ ᠵᠠᠯᠠᠭᠤᠴᠤᠳ ᠤᠨ ᠲᠠᠳᠤᠯᠭ᠎ᠠ ᠶᠢᠨ ᠨᠢᠭᠡᠴᠡ ᠶᠢᠨ ᠵᠦᠪᠰᠢᠶᠡᠷᠡᠭᠦ ᠬᠦᠰᠦᠨᠦᠭᠳᠦ᠃     ︵ᠬᠤᠶᠠᠷ︶ ᠪᠤᠭᠤᠳᠤ ᠬᠤᠳᠠ ᠶᠢᠨ ᠵᠠᠯᠠᠭᠤᠴᠤᠳ ᠤᠨ ᠲᠠᠳᠤᠯᠭ᠎ᠠ ᠶᠢᠨ ᠨᠢᠭᠡᠴᠡ ᠶᠢᠨ  ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢᠨ ᠬᠦᠰᠦᠨᠦᠭᠳᠦ᠃     ︵ᠭᠤᠷᠪᠠ︶ ᠪᠠᠶᠢᠭᠤᠯᠭ᠎ᠠ ᠨᠢᠭᠡᠴᠡ ᠶᠢᠨ ᠵᠤᠭᠢᠶᠠᠨ ᠪᠠᠶᠢᠭᠤᠯᠤᠯᠳᠠ ᠶᠢᠨ ᠪᠠᠶᠢᠭᠤᠯᠤᠮᠵᠢ  ᠶᠢᠨ ᠨᠤᠮᠧᠷ  ᠤᠨ ᠦᠨᠡᠮᠯᠡᠯ ᠪᠤᠶᠤ ᠠᠵᠤ ᠠᠬᠤᠶᠢᠯᠠᠯ ᠤᠨ ᠬᠠᠤᠯᠢ ᠶᠢᠨ ᠡᠷᠭᠡᠳᠡᠨ ᠤ ᠡᠵᠡᠩᠨᠡᠯᠳᠡ ᠶᠢᠨ ᠦᠨᠡᠮᠯᠡᠯ ᠤᠨ ᠬᠠᠭᠤᠯᠪᠤᠷᠢ ᠲᠡᠪᠳᠡᠷ᠃     ︵ᠲᠦᠷᠪᠡ︶ ᠪᠠᠶᠢᠭᠤᠯᠭ᠎ᠠ ᠨᠢᠭᠡᠴᠡ ᠶᠢᠨ ᠲᠤᠪᠴᠢ ᠲᠠᠨᠢᠯᠴᠠᠭᠤᠯᠭ᠎ᠠ ᠂ ᠠᠵᠢᠯ ᠤᠯᠭᠤᠯᠳᠠ᠂ ᠲᠠᠳᠤᠯᠭ᠎ᠠ ᠶᠢᠨ ᠲᠦᠯᠦᠪᠯᠡᠭᠡ ᠪᠡ ᠰᠢᠯᠭᠠᠨ ᠬᠢᠨᠠᠬᠤ ᠲᠦᠷᠢᠮ᠃     ᠲᠠᠪᠤ᠂ ᠭᠤᠶᠤᠴᠢᠯᠠᠨ ᠮᠡᠳᠡᠭᠦᠯᠬᠦ ᠠᠷᠭ᠎ᠠ ᠬᠡᠯᠪᠡᠷᠢ     ︵ᠨᠢᠭᠡ︶ ᠴᠢᠩᠱᠠᠨ ᠲᠤᠭᠤᠷᠢᠭ ᠤᠨ ᠤᠷᠤᠨ ᠪᠦᠰᠡ ᠳᠠᠬᠢ ᠨᠦᠬᠦᠴᠡᠯ ᠳᠤ ᠨᠡᠶᠢᠴᠡᠭᠰᠡᠨ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠪᠠ ᠨᠡᠶᠢᠭᠡᠮ ᠤᠨ ᠵᠤᠬᠢᠶᠠᠨ ᠪᠠᠶᠢᠭᠤᠯᠤᠯᠳᠠ ᠨᠢ ᠴᠢᠩᠱᠠᠨ ᠲᠤᠭᠤᠷᠢᠭ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ ᠳᠤ ᠲᠠᠳᠤᠯᠭ᠎ᠠ ᠶᠢᠨ ᠨᠢᠭᠡᠴᠢ ᠶᠢᠨ ᠭᠤᠶᠤᠴᠢᠯᠠᠯ ᠢ ᠡᠷᠭᠦᠨ᠎ᠡ᠂ ᠲᠤᠭᠤᠷᠢᠭ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ ᠠᠴᠠ ᠬᠠᠮᠢᠶ᠎ᠠ ᠪᠦᠭᠦᠢ ᠮᠠᠲ᠋ᠧᠷᠢᠶᠠᠯ ᠢ ᠬᠤᠷᠢᠶᠠᠩᠭᠤᠶᠢᠯᠠᠭᠰᠠᠨ ᠤ ᠲᠠᠷᠠᠭ᠎ᠠ ᠬᠠᠮᠢᠶ᠎ᠠ ᠪᠦᠭᠦᠢ ᠬᠦᠮᠦᠰ ᠢ ᠵᠤᠬᠢᠶᠠᠨ ᠪᠠᠶᠢᠭᠤᠯᠵᠤ ᠪᠠᠷᠢᠮᠵᠢᠶᠠᠯᠠᠵᠤ ᠦᠨᠡᠯᠡᠨ ᠲᠤᠭᠳᠠᠭᠠᠨ᠎ᠠ᠃     ︵ᠬᠤᠶᠠᠷ︶ ᠨᠠᠮ ᠤᠨ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠪᠤᠭᠤᠳᠤ ᠳᠤ ᠰᠠᠭᠤᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠬᠤᠳᠠ ᠶᠢᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ ᠎ ᠳᠤ ᠰᠠᠭᠤᠷᠢᠨ ᠭᠠᠵᠠᠷ ᠪᠠᠶᠢᠭᠤᠯᠬᠤ ᠭᠤᠶᠤᠴᠢᠯᠠᠯ ᠢᠶᠠᠨ ᠡᠷᠭᠦᠨ᠎ᠡ᠃     ᠵᠢᠷᠭᠤᠭ᠎ᠠ᠂ ᠠᠵᠢᠯ ᠤᠨ ᠱᠠᠭᠠᠷᠳᠠᠯᠭ᠎ᠠ     ᠵᠠᠯᠠᠭᠤᠴᠤᠳ ᠤᠨ ᠲᠠᠳᠤᠯᠭ᠎ᠠ ᠶᠢᠨ ᠪᠤᠯᠪᠠᠰᠤᠷᠠᠯ ᠢ ᠬᠢᠭᠦ ᠨᠢ᠂ ᠠᠵᠢᠯ ᠤᠯᠭᠤᠯᠳᠠ ᠶᠢ ᠠᠬᠢᠭᠤᠯᠬᠤ ᠰᠢᠢᠳᠪᠤᠷᠢᠳᠤ ᠪᠤᠳᠤᠯᠭ᠎ᠠ ᠶᠢ ᠲᠤᠤᠱᠯᠠᠭᠤᠯᠵᠤ᠂ ᠨᠡᠩ ᠴᠢᠨᠠᠷ ᠰᠠᠶᠢᠳᠠᠢ ᠨᠡᠩ ᠬᠦᠢᠴᠡᠳ ᠠᠵᠢᠯ ᠤᠯᠭᠤᠯᠳᠠ ᠶᠢᠨ ᠬᠠᠷᠠᠯᠳᠠ ᠶᠢ ᠪᠠᠶᠡᠯᠡᠬᠦᠯᠬᠦ ᠴᠢᠬᠤᠯᠠ ᠠᠷᠭ᠎ᠠ ᠬᠡᠮᠵᠢᠶ᠎ᠡ ᠮᠦᠨ᠃ ᠡᠯ᠎ᠡ ᠬᠠᠮᠢᠶ᠎ᠠ ᠪᠦᠬᠦᠢ ᠪᠠᠶᠢᠭᠤᠯᠭ᠎ᠠ‌ᠨᠢᠭᠡᠴᠡ ᠨᠢ ᠦᠵᠡᠯ ᠰᠠᠨᠠᠭᠠᠨ ᠤ ᠲᠠᠨᠢᠯᠳᠠ ᠪᠠᠨ ᠲᠡᠭᠡᠭᠰᠢᠯᠡᠭᠦᠯᠵᠦ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠮᠢᠶ᠎ᠠ ᠪᠦᠬᠦᠢ ᠨᠦᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠪᠠ ᠨᠡᠶᠢᠭᠡᠮ ᠤᠨ ᠵᠤᠬᠢᠶᠠᠨ ᠪᠠᠶᠢᠭᠤᠯᠤᠯᠳᠠ ᠢᠳᠡᠪᠬᠢᠳᠡᠢ ᠪᠠᠷ ᠭᠤᠶᠤᠴᠢᠯᠠᠨ ᠮᠡᠳᠡᠬᠦᠯᠦᠨ᠎ᠡ᠃ ᠭᠤᠶᠤᠴᠢᠯᠠᠨ ᠮᠡᠳᠡᠭᠦᠯᠬᠦ ᠬᠡᠵᠦ ᠪᠠᠶᠢᠭ᠎ᠠ ᠪᠠᠶᠢᠭᠤᠯᠭ᠎ᠠ ᠨᠢᠭᠡᠴᠡ ᠪᠤᠶᠤ ᠨᠡᠶᠢᠭᠡᠮ ᠤᠨ ᠵᠤᠬᠢᠶᠠᠨ ᠪᠠᠶᠢᠭᠤᠯᠤᠯᠳᠠ 10 ᠰᠠᠷ᠎ᠠ  ᠶᠢᠨ 20᠎ ᠤ ᠡᠳᠦᠷ ᠤᠨ ᠦᠳᠡ ᠎ ᠶᠢᠨ ᠬᠤᠶᠢᠨ᠎ᠠ ᠠᠵᠢᠯ ᠠᠴᠠ ᠪᠠᠭᠤᠬᠤ ᠠᠴᠠ ᠡᠮᠦᠨ᠎ᠡ ᠬᠠᠮᠢᠶ᠎ᠠ ᠪᠦᠬᠦᠢ ᠮᠠᠲ᠋ᠧᠷᠢᠶᠠᠯ ᠢᠶᠠᠨ ᠲᠤᠭᠤᠷᠢᠭ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠲᠤᠪᠴᠢᠶᠠᠨ ᠤ 801 ᠳ᠋ᠤᠭᠠᠷ ᠨᠤᠮᠧᠷᠳᠦ ᠠᠯᠪᠠᠨ ᠬᠡᠷ ᠎ ᠲᠤ ᠭᠦᠷᠭᠡᠭᠡᠷᠡᠢ᠃ ᠲᠤᠭᠤᠷᠢᠭ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ ᠬᠠᠮᠢᠶ᠎ᠠ ᠪᠦᠬᠦᠢ ᠬᠦᠮᠦᠰ ᠢ ᠵᠤᠬᠢᠶᠠᠨ ᠪᠠᠶᠢᠭᠤᠯᠵᠤ ᠭᠤᠶᠤᠴᠢᠯᠠᠨ ᠮᠡᠳᠡᠭᠦᠯᠬᠦ ᠨᠢᠭᠡᠴᠢ ᠳᠤ ᠦᠨᠡᠯᠡᠨ ᠮᠠᠭᠠᠳᠯᠠᠯᠳᠠ ᠬᠢᠨ᠎ᠡ᠃     ᠬᠠᠷᠢᠯᠴᠠᠬᠤ ᠬᠦᠮᠦᠨ᠄ ᠪᠠᠢ ᠢᠦᠢ    ᠮᠠ ᠢᠦᠢ ᠵᠢᠩ         ᠬᠠᠷᠢᠯᠴᠠᠬᠤ ᠤᠳᠠᠰᠤ᠄ 3616890     ᠲᠠᠭᠠᠯᠳᠤᠭᠤᠯᠤᠯ ᠮᠠᠲ᠋ᠧᠷᠢᠶᠠᠯ᠄ ᠲᠤᠰ ᠰᠦᠯᠵᠢᠶᠡᠨ ᠤ ᠬᠠᠶ᠋ᠢᠭ ᠢᠶᠠᠷ ᠦᠵᠡᠭᠡᠷᠡᠢ ︵https://www.qsq.gov.cn/information/qsq44/msg10795223340.html︶᠃            ᠴᠢᠩᠱᠠᠨ ᠲᠤᠭᠤᠷᠢᠭ ᠤᠨ ᠬᠦᠮᠦᠨ ᠤ ᠬᠦᠴᠦᠨ ᠤ ᠡᠬᠢ ᠪᠠᠶᠠᠯᠢᠭ ᠪᠠ            ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ                         2022 ᠤᠨ ᠤ 9 ᠰᠠᠷ᠎ᠠ ᠶᠢᠨ 20᠎ ᠤ ᠡᠳᠦᠷ                                                    ᠤᠷᠴᠢᠭᠤᠯᠤᠭᠴᠢ᠄ ᠠᠯᠢᠮ᠎ᠠ                                                  ᠬᠢᠨᠠᠭᠴᠢ᠄ ᠪᠠᠢ ᠢᠦᠢ  ᠰᠢᠶᠠ
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号