ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ《ᠴᠢᠩᠱᠠᠨ ᠲᠤᠭᠤᠷᠢᠭ ᠤᠨ ᠨᠡᠶᠢᠭᠡᠮ ᠲᠤᠭᠤᠷᠢᠭ ᠤᠨ ᠲᠤᠤᠷᠵᠢᠭᠤᠯᠤᠯᠳᠠ ᠶᠢ ᠲᠤᠭᠢᠷᠠᠭᠤᠯᠬᠤ ᠲᠤᠬᠠᠢ ᠠᠵᠢᠯ ᠤᠨ ᠲᠦᠰᠦᠯ》᠎ ᠢ ᠲᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/9/21
             ᠴᠢᠩᠱᠠᠨ ᠵᠠᠰᠠᠭ ᠲᠠᠷᠬᠠᠭᠠᠭᠰᠠᠨ〔2022〕8 ᠳ᠋ᠤᠭᠠᠷ ᠲᠤᠭᠠᠳᠤ     ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ《ᠴᠢᠩᠱᠠᠨ ᠲᠤᠭᠤᠷᠢᠭ ᠤᠨ ᠨᠡᠶᠢᠭᠡᠮ ᠲᠤᠭᠤᠷᠢᠭ ᠤᠨ ᠲᠤᠤᠷᠵᠢᠭᠤᠯᠤᠯᠳᠠ ᠶᠢ ᠲᠤᠭᠢᠷᠠᠭᠤᠯᠬᠤ ᠲᠤᠬᠠᠢ ᠠᠵᠢᠯ ᠤᠨ ᠲᠦᠰᠦᠯ》᠎ ᠢ ᠲᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ ᠡᠯ᠎ᠡ ᠬᠠᠮᠢᠶ᠎ᠠ ᠪᠦᠬᠦᠢ ᠨᠢᠭᠡᠴᠡ᠂ ᠵᠡᠭᠡᠯᠢ ᠪᠠᠯᠭᠠᠰᠤ᠄     ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠢᠶᠠᠷ ᠰᠤᠳᠤᠯᠤᠨ ᠵᠦᠪᠰᠢᠶᠡᠷᠡᠭᠦᠯᠦᠭᠡᠳ᠂ ᠡᠳᠦᠭᠡ《ᠴᠢᠩᠱᠠᠨ ᠲᠤᠭᠤᠷᠢᠭ ᠤᠨ ᠨᠡᠶᠢᠭᠡᠮ ᠲᠤᠭᠤᠷᠢᠭ ᠤᠨ ᠲᠤᠤᠷᠵᠢᠭᠤᠯᠤᠯᠳᠠ ᠶᠢ ᠲᠤᠭᠢᠷᠠᠭᠤᠯᠬᠤ ᠲᠤᠬᠠᠢ ᠠᠵᠢᠯ ᠤᠨ ᠲᠦᠰᠦᠯ》᠎ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃                    ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ                               2022 ᠣᠨ ᠤ 6 ᠰᠠᠷ᠎ᠠ ᠶᠢᠨ 7᠎ ᠤ ᠡᠳᠦᠷ        ᠴᠢᠩᠱᠠᠨ ᠲᠤᠭᠤᠷᠢᠭ ᠤᠨ ᠨᠡᠶᠢᠭᠡᠮ ᠲᠤᠭᠤᠷᠢᠭ ᠤᠨ ᠲᠤᠤᠷᠵᠢᠭᠤᠯᠤᠯᠳᠠ ᠶᠢ ᠲᠤᠭᠢᠷᠠᠭᠤᠯᠬᠤ ᠲᠤᠬᠠᠢ ᠠᠵᠢᠯ ᠤᠨ ᠲᠦᠰᠦᠯ      ᠵᠡᠭᠡᠯᠢ ᠭᠤᠳᠤᠮᠵᠢ ︵ᠪᠠᠯᠭᠠᠰᠤ︶᠎ ᠶᠢᠨ ᠲᠤᠤᠷᠵᠢᠭᠤᠯᠤᠯᠳᠠ ᠶᠢᠨ ᠦᠢᠯᠡᠴᠢᠯᠡᠭᠡᠨ ᠤ ᠬᠠᠮᠢᠶᠠᠷᠤᠯᠳᠠ ᠶᠢ ᠤᠯᠠᠮ ᠨᠢᠭᠡ ᠠᠯᠬᠤᠮ ᠬᠦᠨᠵᠡᠭᠡᠶᠢᠷᠡᠭᠦᠯᠵᠦ᠂ ᠲᠤᠤᠷᠵᠢᠭᠤᠯᠤᠯᠳᠠ ᠶᠢᠨ ᠬᠠᠮᠢᠶᠠᠷᠤᠯᠳᠠ ᠶᠢᠨ ᠬᠦᠴᠦᠨ ᠢ ᠲᠡᠭᠦᠯᠳᠡᠷᠵᠢᠭᠦᠯᠵᠦ᠂ ᠲᠤᠤᠷᠵᠢᠭᠤᠯᠤᠯᠳᠠ ᠶᠢᠨ ᠬᠠᠮᠢᠶᠠᠷᠤᠯᠳᠠ ᠶᠢᠨ ᠲᠠᠪᠠᠭᠤᠯᠢᠭ ᠢ ᠪᠠᠳᠠᠷᠠᠭᠤᠯᠬᠤ ᠶᠢᠨ ᠲᠦᠯᠦᠭᠡ᠂ ᠪᠦᠬᠦ ᠲᠤᠭᠤᠷᠢᠭ ᠤᠨ ᠨᠡᠶᠢᠭᠡᠮ ᠲᠤᠭᠤᠷᠢᠭ᠂ ᠰᠠᠭᠤᠭᠠᠯᠢ ᠠᠷᠠᠳ ᠤᠨ ᠲᠤᠭᠤᠷᠢᠭ᠂  ᠲᠡᠯᠭᠡᠬᠦᠷ ᠪᠠ ᠠᠰᠠᠷ ᠲᠠᠭᠳᠤ ᠶᠢᠨ ᠡᠷᠦᠭᠡ ᠶᠢᠨ ᠲᠤᠭ᠎ᠠ ᠨᠡᠮᠡᠭᠳᠡᠭᠰᠡᠨ ᠪᠤᠳᠠᠳᠤ ᠪᠠᠶᠢᠳᠠᠯ ᠳᠤ ᠰᠠᠭᠤᠷᠢᠯᠠᠨ᠂  ᠪᠦᠬᠦ ᠲᠤᠭᠤᠷᠢᠭ ᠤᠨ ᠨᠡᠶᠢᠭᠡᠮ ᠲᠤᠭᠤᠷᠢᠭ ᠤᠨ ᠲᠤᠤᠷᠵᠢᠭᠤᠯᠤᠯᠳᠠ ᠶᠢᠨ ᠪᠠᠶᠢᠷᠢᠯᠠᠭᠤᠯᠤᠯᠳᠠ ᠶᠢ ᠰᠢᠯᠢᠳᠡᠭᠵᠢᠭᠦᠯᠦᠨ ᠲᠤᠬᠢᠷᠠᠭᠤᠯᠬᠤ ᠪᠠᠷ ᠲᠤᠭᠳᠠᠪᠠ᠂ ᠪᠤᠳᠠᠳᠠᠢ ᠲᠦᠰᠦᠯ ᠨᠢ ᠲᠤᠤᠷᠠᠬᠢ ᠮᠡᠳᠦ᠄      ᠨᠢᠭᠡ᠂ ᠲᠤᠤᠷᠵᠢᠭᠤᠯᠤᠯᠳᠠ ᠶᠢ ᠲᠤᠭᠢᠷᠠᠭᠤᠯᠤᠨ ᠪᠠᠶᠢᠷᠢᠰᠢᠭᠤᠯᠤᠨ᠎ᠠ      ᠲᠤᠰ ᠤᠳᠠᠭᠠᠨ ᠤ ᠲᠤᠤᠷᠵᠢᠭᠤᠯᠤᠯᠳᠠ ᠶᠢᠨ ᠲᠤᠭᠢᠷᠠᠭᠤᠯᠤᠯᠳᠠ ᠨᠢ ᠨᠡᠶᠢᠭᠡᠮ ᠲᠤᠭᠤᠷᠢᠭ ᠲᠤ ᠰᠠᠭᠤᠭ᠎ᠠ ᠡᠷᠦᠭᠡ ᠵᠢᠴᠢ ᠬᠠᠷᠢᠶ᠎ᠠ ᠤᠷᠤᠨ ᠤ ᠬᠤᠳᠠᠯᠳᠤᠭᠠᠨ ᠤ ᠠᠰᠠᠷ ᠪᠠᠶᠢᠰᠢᠩ᠂ ᠲᠡᠯᠭᠡᠭᠦᠷ ᠵᠡᠷᠭᠡ ᠬᠦᠮᠦᠰ ᠤᠨ ᠲᠠᠷᠬᠠᠯᠳᠠ ᠶᠢᠨ ᠪᠠᠶᠢᠳᠠᠯ ᠢ ᠪᠦᠬᠦ ᠲᠠᠯ᠎ᠠ ᠪᠠᠷ ᠪᠤᠳᠤᠯᠬᠢᠯᠠᠵᠤ᠂ ᠪᠦᠷᠬᠦᠴᠡ ᠶᠢᠨ ᠬᠡᠪᠴᠢᠶ᠎ᠡ ᠶᠢ ᠬᠠᠮᠤᠭ ᠶᠡᠭᠡ ᠪᠤᠯᠭᠠᠨ᠎ᠠ᠃      ︵ᠨᠢᠭᠡ︶ ᠨᠡᠶᠢᠭᠡᠮ ᠲᠤᠭᠤᠷᠢᠭ ‍ᠣᠨ‌‍ᠲ᠋ᠤᠤᠷᠵᠢᠭᠤᠯᠤᠯᠳᠠ ᠎ ᠶᠢᠨ ᠪᠠᠶᠢᠷᠢᠯᠠᠭᠤᠯᠤᠯᠳᠠ      ᠪᠠᠶᠢᠳᠠᠯ ᠢ ᠤᠶᠢᠯᠠᠭᠠᠭᠰᠠᠨ ᠢᠶᠠᠷ᠂ ᠪᠦᠬᠦ ᠲᠤᠭᠤᠷᠢᠭ ᠤᠨ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠲᠤᠭᠤᠷᠢᠭ᠂ ᠠᠰᠠᠷ ᠲᠠᠭᠳᠤ᠂ ᠲᠡᠯᠭᠡᠭᠦᠷ ᠵᠡᠷᠭᠡ ᠳᠤ ᠪᠠᠷᠤᠭ 260903 ᠡᠷᠦᠭᠡ ᠪᠠᠶᠢᠨ᠎ᠠ ︵ᠬᠤᠭᠤᠰᠤᠨ ᠡᠷᠦᠭᠡ 37996᠂ ᠰᠢᠨ᠎ᠡ ᠪᠠᠷ ᠨᠡᠮᠡᠭᠳᠡᠭᠰᠡᠨ ᠠᠰᠠᠷ ᠨᠡᠶᠢᠳᠡ13574 ᠡᠷᠦᠭᠡ ᠪᠠᠭᠳᠠᠭᠳᠠᠨ᠎ᠠ︶᠂ ᠲᠤᠮᠳᠠᠴᠢ ᠪᠠᠷ 400 ᠡᠷᠦᠭᠡ ᠳᠤ 1 ᠲᠤᠤᠷᠵᠢᠭᠤᠯᠤᠯᠳᠠ ᠶᠢᠨ ᠠᠵᠢᠯᠳᠠᠨ ᠨᠤᠭᠳᠠᠬᠤ ᠪᠠᠷ ᠪᠤᠳᠤᠬᠤ ᠳᠤ᠂ 654 ᠲᠤᠤᠷᠵᠢᠭᠤᠯᠤᠯᠳᠠ ᠶᠢᠨ ᠠᠵᠢᠯᠳᠠᠨ ᠬᠡᠷᠡᠭᠰᠡᠨ᠎ᠡ᠂ ᠡᠬᠦᠨ ᠠᠴᠠ ᠭᠠᠳᠠᠨ᠎ᠠ᠂ ᠬᠤᠰᠢᠭᠤᠴᠢ ᠵᠠᠮ ᠤᠨ ᠵᠡᠭᠡᠯᠢ ᠭᠤᠳᠤᠮᠵᠢ ᠶᠢᠨ 110 ᠳ᠋ᠣᠭᠠᠷ ᠨᠤᠮᠧᠷᠳᠦ ᠤᠯᠤᠰ  ᠤᠨ ᠵᠠᠮ ︵ᠴᠢᠩᠱᠠᠨ ᠶᠡᠭᠡ ᠵᠠᠮ — ᠭᠦᠩ ᠬᠤ᠋ ᠳ᠋ᠦᠩ ᠵᠠᠮ  ᠤᠨ ᠭᠡᠰᠡᠭ︶ ᠎ ᠤᠨ ᠬᠤᠶᠠᠷ ᠬᠠᠪᠢ ᠶᠢᠨ ᠤᠷᠤᠨ ᠪᠦᠰᠡ ᠶᠢ ᠬᠠᠷᠢᠭᠤᠴᠠᠨ ᠬᠠᠮᠢᠶᠠᠷᠴᠤ᠂  ᠪᠦᠭᠦᠳᠡ 126 ᠠᠵᠤ ᠠᠬᠤᠶᠢᠯᠠᠯ᠂ 100 ᠡᠷᠦᠭᠡ ᠪᠠᠶᠢᠵᠤ᠂ ᠪᠦᠷ ᠯᠠ ᠨᠡᠭᠦᠳᠡᠯ ᠬᠦᠮᠦᠨ ᠠᠮᠠ ᠪᠠᠶᠢᠵᠤ᠂ ᠬᠠᠮᠢᠶᠠᠷᠤᠯᠳᠠ ᠶᠢᠨ ᠬᠦᠴᠢᠷᠳᠡᠯ ᠶᠡᠭᠡ᠂ 2 ᠠᠵᠤ ᠠᠬᠤᠶᠢᠯᠠᠯ ᠤᠨ ᠲᠤᠤᠷᠵᠢᠭᠤᠯᠤᠯᠳᠠ ᠤᠨ ᠴᠡᠭ ᠢ ᠨᠡᠮᠡᠨ ᠲᠤᠬᠢᠷᠠᠭᠤᠯᠵᠤ᠂ ᠨᠡᠶᠢᠭᠡᠮ ᠲᠤᠭᠤᠷᠢᠭ ᠲᠤ ᠪᠦᠭᠦᠳᠡ 656 ᠲᠤᠤᠷᠵᠢᠭᠤᠯᠤᠯᠳᠠ ᠶᠢᠨ ᠠᠵᠢᠯᠳᠠᠨ ᠴᠢᠬᠤᠯᠠᠳᠠᠢ ᠪᠠᠶᠢᠵᠤ᠂ ᠤᠳᠤᠬᠠᠨ ᠳᠠᠭᠠᠨ 529 ᠲᠤᠤᠷᠵᠢᠭᠤᠯᠤᠯᠳᠠ ᠶᠢᠨ ᠠᠵᠢᠯᠳᠠᠨ ᠲᠠᠢ ᠪᠠᠶᠢᠵᠤ᠂ 127 ᠲᠤᠤᠷᠵᠢᠭᠤᠯᠤᠯᠳᠠ᠂ 127 ᠨᠡᠶᠢᠭᠡᠮ ᠲᠤᠭᠤᠷᠢᠭ  ᠤᠨ ᠠᠵᠢᠯᠳᠠᠨ ︵ᠲᠤᠰᠢᠶᠠᠯ ᠬᠠᠪᠰᠤᠷᠭᠠᠭᠰᠠᠨ ᠲᠤᠤᠷᠵᠢᠭᠤᠯᠤᠯᠳᠠ ᠶᠢᠨ ᠠᠵᠢᠯᠳᠠᠨ︶ ᠎ ᠢ ᠰᠢᠨ᠎ᠡ ᠪᠠᠷ ᠨᠡᠮᠡᠭᠦ ᠴᠢᠬᠤᠯᠠᠳᠠᠢ᠃  ᠬᠡᠪᠡᠴᠦ 2017 ᠤᠨ ᠠᠴᠠ ᠤᠳᠤ ᠪᠤᠯᠳᠠᠯ᠎ᠠ᠂ ᠮᠦᠩᠭᠡᠵᠢᠯ ᠵᠠᠮ ᠤᠨ ᠵᠡᠭᠡᠯᠢ ᠭᠤᠳᠤᠮᠵᠢ᠂ ᠬᠤᠰᠢᠭᠤᠴᠢ ᠵᠠᠮ ᠤᠨ ᠵᠡᠭᠡᠯᠢ ᠭᠤᠳᠤᠮᠵᠢ᠂ ᠴᠢᠩ ᠹᠦ᠋ ᠪᠠᠯᠭᠠᠰᠤ ᠪᠠ ᠰᠢᠩ ᠱᠧᠩ ᠪᠠᠯᠭᠠᠰᠤ ᠤᠨᠴᠠᠭᠠᠢ ᠰᠢᠯᠳᠠᠭᠠᠨ ᠠᠴᠠ ᠪᠤᠯᠵᠤ᠂ ᠬᠡᠰᠡᠭ ᠭᠠᠵᠠᠷ ᠤᠷᠤᠨ ᠨᠢ ᠲᠤᠤᠷᠵᠢᠭᠤᠯᠤᠯᠳᠠ ᠬᠤᠪᠢᠶᠠᠭᠰᠠᠨ ᠦᠭᠡᠢ᠂  ᠤᠷᠢᠳ ᠢᠶᠠᠷ 25 ᠨᠡᠶᠢᠭᠡᠮ ᠲᠤᠭᠤᠷᠢᠭ ᠤᠨ ᠠᠵᠢᠯᠳᠠᠨ ᠢ ᠲᠤᠭᠢᠷᠠᠭᠤᠯᠵᠠᠢ᠃ ᠴᠢᠩ ᠹᠦ᠋ ᠪᠠᠯᠭᠠᠰᠤ ᠶᠢᠨ ᠸᠠᠨ ᠵᠢᠶᠦ᠋ᠨ ᠤ ᠲᠦᠷᠪᠡᠳᠦᠭᠡᠷ ᠬᠤᠭᠤᠴᠠᠭ᠎ᠠ ᠪᠤᠯᠤᠨ ᠤᠯᠢᠮᠫᠢᠺ ᠤᠨ ᠭᠤᠷᠪᠠᠳᠤᠭᠠᠷ ᠨᠤᠮᠧᠷᠳᠦ ᠰᠠᠭᠤᠭᠠᠯᠢ ᠲᠤᠭᠤᠷᠢᠭ ᠤᠨ 2475 ᠡᠷᠦᠭᠡ ᠶᠢ ᠵᠡᠭᠡᠯᠢ ᠭᠤᠳᠤᠮᠵᠢ ᠠᠴᠠ ᠲᠦᠷ ᠬᠦᠯᠢᠶᠡᠨ ᠠᠪᠴᠦ ᠬᠠᠮᠢᠶᠠᠷᠤᠭᠰᠠᠨ ᠦᠭᠡᠢ᠂ ᠤᠰᠤᠳᠤ ᠵᠡᠭᠡᠯᠢ ᠶᠢᠨ ᠸᠠᠨ ᠺᠧ ᠲᠦᠪ ᠴᠡᠴᠡᠷᠯᠢᠭ ᠤᠨ ᠰᠠᠭᠤᠭᠠᠯᠢ ᠲᠤᠭᠤᠷᠢᠭ ᠤᠨ3016 ᠡᠷᠦᠭᠡ ᠪᠠ ᠪᠢ ᠬᠦᠢ ᠶᠤᠸᠠᠨ ᠰᠠᠭᠤᠭᠠᠯᠢ ᠲᠤᠭᠤᠷᠢᠭ ᠤᠨ 1274 ᠡᠷᠦᠭᠡ  ᠶᠢ ᠵᠡᠭᠡᠯᠢ ᠭᠤᠳᠤᠮᠵᠢ ᠠᠴᠠ ᠲᠦᠷ ᠬᠦᠯᠢᠶᠡᠨ ᠠᠪᠴᠦ ᠬᠠᠮᠢᠶᠠᠷᠤᠭᠰᠠᠨ ᠦᠭᠡᠢ᠂ ᠬᠤᠯᠪᠤᠭᠳᠠᠭᠰᠠᠨ 17 ᠲᠤᠤᠷᠵᠢᠭᠤᠯᠤᠯᠳᠠ ᠶᠢᠨ ᠴᠡᠭ ᠲᠤ ᠲᠦᠷ ᠴᠠᠭ ᠲᠤ ᠠᠵᠢᠯᠳᠠᠨ ᠲᠤᠭᠢᠷᠠᠭᠤᠯᠤᠭᠰᠠᠨ ᠦᠭᠡᠢ᠃ ᠬᠠᠷᠭᠤᠭᠤᠯᠤᠨ ᠬᠠᠰᠤᠭᠰᠠᠨ ᠤ ᠲᠠᠷᠤᠭ᠎ᠠ ᠪᠤᠳᠠᠳᠠᠢ ᠲᠦᠰᠦᠪᠯᠡᠨ ᠪᠤᠳᠤᠬᠤ ᠳᠤ 85  ᠨᠡᠷᠡᠰ ᠨᠡᠶᠢᠭᠡᠮ ᠲᠤᠭᠤᠷᠢᠭ  ᠤᠨ ᠠᠵᠢᠯᠳᠠᠨ ᠢ ᠰᠢᠨ᠎ᠡ ᠪᠠᠷ ᠨᠡᠮᠡᠭᠳᠡᠭᠦᠯᠬᠦ ᠴᠢᠬᠤᠯᠠᠳᠠᠢ ᠪᠠᠶᠢᠨ᠎ᠠ᠃       1. ᠬᠦᠴᠦᠷᠭᠡᠭᠯᠡᠯ ᠵᠠᠮ ᠤᠨ ᠵᠡᠭᠡᠯᠢ ᠭᠤᠳᠤᠮᠵᠢ᠄ ᠤᠳᠤ ᠪᠦᠭᠦᠳᠡ 23217 ᠡᠷᠦᠭᠡ ᠲᠠᠢ᠂ 58 ᠲᠤᠤᠷᠵᠢᠭᠤᠯᠤᠯᠳᠠ ᠶᠢᠨ ᠴᠡᠭ᠂ 58 ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠤᠨ ᠠᠵᠢᠯᠳᠠᠨ᠂ 24 ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠤᠨ ᠠᠵᠢᠯᠳᠠᠨ ᠢ ᠲᠤᠭᠢᠷᠠᠭᠤᠯᠬᠤ ᠴᠢᠬᠤᠯᠠᠳᠠᠢ᠃ ᠲᠤᠰ ᠤᠳᠠᠭᠠᠨ ᠤ ᠲᠤᠭᠢᠷᠠᠭᠤᠯᠤᠯᠳᠠ ᠳᠤ᠂ ᠲᠤᠤᠷᠵᠢᠭᠤᠯᠤᠯᠳᠠ ᠶᠢᠨ ᠴᠡᠭ ᠨᠡᠮᠡᠭᠳᠡᠵᠦ ᠬᠠᠰᠤᠭᠳᠠᠭᠰᠠᠨ ᠦᠭᠡᠢ᠂ ᠠᠵᠢᠯᠳᠠᠨ ᠤ ᠲᠤᠭ᠎ᠠ‌ᠬᠤᠪᠢᠷᠠᠯᠳᠠ ᠦᠭᠡᠢ᠃      ᠹᠦ᠋ ᠶᠤᠸᠠᠨ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 12᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 12 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      ᠹᠦ᠋ ᠳ᠋ᠠ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 8᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 8 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      ᠹᠦ᠋ ᠷᠦᠨ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 10᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 10 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      ᠹᠦ᠋ ᠷᠤᠤ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 8᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 8 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      ᠹᠧᠩ ᠴᠠᠨ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 9᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 9 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃     ᠎ ᠶᠢᠨ ᠯᠢᠨ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 11᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 11 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      2. ᠵᠤᠯ ᠵᠢᠷᠭᠠᠯᠳᠤ ᠵᠠᠮ ᠤᠨ ᠵᠡᠭᠡᠯᠢ ᠭᠤᠳᠤᠮᠵᠢ᠄ ᠤᠳᠤ ᠪᠦᠭᠦᠳᠡ 18060 ᠡᠷᠦᠭᠡ ᠲᠠᠢ᠂ 46 ᠲᠤᠤᠷᠵᠢᠭᠤᠯᠤᠯᠳᠠ ᠶᠢᠨ ᠴᠡᠭ᠂ 46 ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠤᠨ ᠠᠵᠢᠯᠳᠠᠨ᠂ 16 ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠤᠨ ᠠᠵᠢᠯᠳᠠᠨ ᠢ ᠲᠤᠭᠢᠷᠠᠭᠤᠯᠬᠤ ᠴᠢᠬᠤᠯᠠᠳᠠᠢ᠃ ᠲᠤᠰ ᠤᠳᠠᠭᠠᠨ ᠤ ᠲᠤᠭᠢᠷᠠᠭᠤᠯᠤᠯᠳᠠ ᠳᠤ᠂ ᠲᠤᠤᠷᠵᠢᠭᠤᠯᠤᠯᠳᠠ ᠶᠢᠨ ᠴᠡᠭ ᠨᠡᠮᠡᠭᠳᠡᠵᠦ ᠬᠠᠰᠤᠭᠳᠠᠭᠰᠠᠨ ᠦᠭᠡᠢ᠂ ᠠᠵᠢᠯᠳᠠᠨ ᠤ ᠲᠤᠭ᠎ᠠ‌ᠬᠤᠪᠢᠷᠠᠯᠳᠠ ᠦᠭᠡᠢ᠃      ᠨᠠᠷᠠᠨ ᠭᠡᠷᠡᠯᠳᠦ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 11᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 11 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      ᠹᠠᠨ ᠷᠦᠩ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 11᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 11 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      ᠵᠤᠯ ᠵᠢᠷᠭᠠᠯᠳᠤ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 10᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 10 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      ᠰᠠᠢ ᠶᠢᠨ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 14᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 14 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      3. ᠵᠤᠯ ᠵᠢᠷᠭᠠᠯᠳᠤ ᠵᠠᠮ ᠤᠨ ᠵᠡᠭᠡᠯᠢ ᠭᠤᠳᠤᠮᠵᠢ᠄ ᠤᠳᠤ ᠪᠦᠭᠦᠳᠡ 38393 ᠡᠷᠦᠭᠡ ᠲᠠᠢ (ᠰᠢᠨ᠎ᠡ ᠪᠠᠷ ᠨᠡᠮᠡᠭᠳᠡᠭᠰᠡᠨ ᠠᠰᠠᠷ ᠨᠡᠶᠢᠳᠡ 1272 ᠡᠷᠦᠭᠡ ᠪᠠᠭᠳᠠᠭᠳᠠᠨ᠎ᠠ︶᠂ 96 ᠲᠤᠤᠷᠵᠢᠭᠤᠯᠤᠯᠳᠠ‌‍ᠶᠢᠨ ᠴᠡᠭ᠂ 96 ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠤᠨ ᠠᠵᠢᠯᠳᠠᠨ᠂ 28 ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠤᠨ ᠠᠵᠢᠯᠳᠠᠨ ᠢ ᠲᠤᠭᠢᠷᠠᠭᠤᠯᠬᠤ ᠴᠢᠬᠤᠯᠠᠳᠠᠢ᠃ ᠲᠤᠰ ᠤᠳᠠᠭᠠᠨ ᠤ ᠲᠤᠭᠢᠷᠠᠭᠤᠯᠤᠯᠳᠠ ᠳᠤ᠂ ᠲᠤᠤᠷᠵᠢᠭᠤᠯᠤᠯᠳᠠ ᠶᠢᠨ ᠴᠡᠭ 24 ᠨᠡᠮᠡᠭᠳᠡᠵᠦ᠂ 12ᠠᠵᠢᠯᠳᠠᠨ ᠢ ᠨᠡᠮᠡᠭᠦ ᠴᠢᠬᠤᠯᠠᠳᠠᠢ᠃      ᠵᠧᠨ ᠬᠤᠸᠠ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 17᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 17 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      ᠴᠢᠩ ᠶᠦᠨ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 10᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 10 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      ᠰᠢᠨ ᠰᠢᠩ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 11᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 11 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      ᠴᠦᠨ ᠭᠤᠸᠠᠩ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 16᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 16 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      ᠢᠦᠢ ᠼᠠᠢ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 12᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 12 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      ᠡᠦ ᠢ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 9᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠎ ᠲᠤ 9 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      ᠲᠠᠯ᠎ᠠ ᠨᠤᠳᠤᠭ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 21᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 21 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      4. ᠴᠢᠯᠤᠭᠡᠳᠦ ᠵᠠᠮ ᠤᠨ ᠵᠡᠭᠡᠯᠢ ᠭᠤᠳᠤᠮᠵᠢ᠄ ᠤᠳᠤ ᠪᠦᠭᠦᠳᠡ 32277 ᠡᠷᠦᠭᠡ ᠲᠠᠢ (ᠰᠢᠨ᠎ᠡ ᠪᠠᠷ ᠨᠡᠮᠡᠭᠳᠡᠭᠰᠡᠨ ᠠᠰᠠᠷ ᠨᠡᠶᠢᠳᠡ 1406 ᠡᠷᠦᠭᠡ ᠪᠠᠭᠳᠠᠭᠳᠠᠨ᠎ᠠ︶᠂ 81 ᠲᠤᠤᠷᠵᠢᠭᠤᠯᠤᠯᠳᠠ ᠶᠢᠨ ᠴᠡᠭ᠂ 81 ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠤᠨ ᠠᠵᠢᠯᠳᠠᠨ᠂ 28 ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠤᠨ ᠠᠵᠢᠯᠳᠠᠨ ᠢ ᠲᠤᠭᠢᠷᠠᠭᠤᠯᠬᠤ ᠴᠢᠬᠤᠯᠠᠳᠠᠢ᠃ ᠲᠤᠰ ᠤᠳᠠᠭᠠᠨ ᠤ ᠲᠤᠭᠢᠷᠠᠭᠤᠯᠤᠯᠳᠠ ᠳᠤ᠂ ᠲᠤᠤᠷᠵᠢᠭᠤᠯᠤᠯᠳᠠ ᠶᠢᠨ ᠴᠡᠭ 11 ᠨᠡᠮᠡᠭᠳᠡᠵᠦ᠂ 11 ᠠᠵᠢᠯᠳᠠᠨ ᠢ ᠨᠡᠮᠡᠭᠦ ᠴᠢᠬᠤᠯᠠᠳᠠᠢ᠃      ᠭᠡᠷᠡᠯᠳᠦ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 9᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 9 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      ᠰᠢᠤᠸᠡᠢ ᠶᠤᠸᠠᠨ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 13᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 13 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      ᠬᠠᠪᠰᠤᠷᠤᠯᠴᠠᠬᠤ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 10᠂ ᠨᠡᠶᠢᠭᠡᠮ ᠤᠨ ᠦᠢᠯᠡᠴᠢᠯᠡᠭᠡᠨ ᠎ ᠤ ᠲᠤᠭᠤᠷᠢᠭ ᠲᠤ 10 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      ᠸᠧᠨ ᠴᠠᠩ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 13᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 13 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      ᠠᠷᠠᠳᠴᠢᠯᠠᠯ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 10᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 10 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      ᠡᠦ ᠯᠤ᠋ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 11᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 11 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      ᠭᠤᠸᠠᠩ ᠬᠤᠢ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 15᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 15 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      5. ᠬᠤᠰᠢᠭᠤᠴᠢ ᠵᠠᠮ ᠤᠨ ᠵᠡᠭᠡᠯᠢ ᠭᠤᠳᠤᠮᠵᠢ᠄ ᠤᠳᠤ ᠪᠦᠭᠦᠳᠡ 18116 ᠡᠷᠦᠭᠡ ᠲᠠᠢ᠂ 47 ᠲᠤᠤᠷᠵᠢᠭᠤᠯᠤᠯᠳᠠ‌‍ᠶᠢᠨ ᠴᠡᠭ᠂ 47 ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠤᠨ ᠠᠵᠢᠯᠳᠠᠨ᠂ 16 ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠤᠨ ᠠᠵᠢᠯᠳᠠᠨ ᠢ ᠲᠤᠭᠢᠷᠠᠭᠤᠯᠬᠤ ᠴᠢᠬᠤᠯᠠᠳᠠᠢ᠃ ᠲᠤᠰ ᠤᠳᠠᠭᠠᠨ ᠤ ᠲᠤᠭᠢᠷᠠᠭᠤᠯᠤᠯᠳᠠ ᠳᠤ᠂ ᠲᠤᠤᠷᠵᠢᠭᠤᠯᠤᠯᠳᠠ ᠶᠢᠨ ᠴᠡᠭ 14 ᠨᠡᠮᠡᠭᠳᠡᠵᠦ᠂ 1 ᠠᠵᠢᠯᠳᠠᠨ ᠢ ᠨᠡᠮᠡᠭᠦ ᠴᠢᠬᠤᠯᠠᠳᠠᠢ᠃      ᠪᠸᠢ ᠵᠢᠶᠠ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 12᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 12 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      ᠦᠩᠭᠡ ᠭᠡᠷᠡᠯᠳᠦ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 10᠂ ᠨᠡᠶᠢᠭᠡᠮ ᠤᠨ ᠦᠢᠯᠡᠴᠢᠯᠡᠭᠡᠨ ᠎ ᠤ ᠲᠤᠭᠤᠷᠢᠭ ᠲᠤ 10 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      ᠴᠢᠩ ᠶᠤᠸᠠᠨ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 14᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 14 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      ᠬᠠᠳᠠ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 11᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 11 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      6. ᠴᠢᠩᠱᠠᠨ‌ᠵᠠᠮ  ᠤᠨ ᠵᠡᠭᠡᠯᠢ ᠭᠤᠳᠤᠮᠵᠢ᠄ ᠤᠳᠤ ᠪᠦᠭᠦᠳᠡ 28400 ᠡᠷᠦᠭᠡ ᠲᠠᠢ ( ᠰᠢᠨ᠎ᠡ ᠪᠠᠷ ᠨᠡᠮᠡᠭᠳᠡᠭᠰᠡᠨ ᠠᠰᠠᠷ ᠨᠡᠶᠢᠳᠡ 1640 ᠡᠷᠦᠭᠡ ᠪᠠᠭᠳᠠᠭᠳᠠᠨ᠎ᠠ︶᠂ 71 ᠲᠤᠤᠷᠵᠢᠭᠤᠯᠤᠯᠳᠠ ᠶᠢᠨ ᠴᠡᠭ᠂ 71 ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠤᠨ ᠠᠵᠢᠯᠳᠠᠨ᠂ 28 ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠤᠨ ᠠᠵᠢᠯᠳᠠᠨ ᠢ ᠲᠤᠭᠢᠷᠠᠭᠤᠯᠬᠤ ᠴᠢᠬᠤᠯᠠᠳᠠᠢ᠃ ᠲᠤᠰ ᠤᠳᠠᠭᠠᠨ ᠤ ᠲᠤᠭᠢᠷᠠᠭᠤᠯᠤᠯᠳᠠ ᠳᠤ᠂ ᠲᠤᠤᠷᠵᠢᠭᠤᠯᠤᠯᠳᠠ ᠶᠢᠨ ᠴᠡᠭ 6 ᠨᠡᠮᠡᠭᠳᠡᠵᠦ᠂ 6 ᠠᠵᠢᠯᠳᠠᠨ ᠢ ᠨᠡᠮᠡᠭᠦ ᠴᠢᠬᠤᠯᠠᠳᠠᠢ᠃      ᠽᠢ ᠶᠢ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 8᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 8 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      ᠴᠢᠩ ᠡᠦ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 12᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 12 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      ᠮᠢᠨ ᠢ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 10᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 10 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      ᠨᠠᠷᠠᠨ ᠭᠡᠷᠡᠯᠳᠦ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 12᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 12 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      ᠲᠤᠯᠠᠭᠠᠨ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 9᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 9 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      ᠯᠢᠤ ᠡᠾᠧ ᠴᠧᠩ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 10᠂ ᠨᠡᠶᠢᠭᠡᠮ ᠤᠨ ᠦᠢᠯᠡᠴᠢᠯᠡᠭᠡᠨ ᠎ ᠤ ᠲᠤᠭᠤᠷᠢᠭ ᠲᠤ 10 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      ᠪᠸᠢ ᠰᠢᠨ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 10᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 10 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      7. ᠰᠢᠨᠵᠢᠯᠡᠬᠦ ᠤᠬᠠᠭᠠᠨᠴᠢ ᠵᠠᠮ ᠤᠨ ᠵᠡᠭᠡᠯᠢ ᠭᠤᠳᠤᠮᠵᠢ᠄ ᠤᠳᠤ ᠪᠦᠭᠦᠳᠡ 39544 ᠡᠷᠦᠭᠡ ᠲᠠᠢ ( ᠰᠢᠨ᠎ᠡ ᠪᠠᠷ ᠨᠡᠮᠡᠭᠳᠡᠭᠰᠡᠨ ᠠᠰᠠᠷ ᠨᠡᠶᠢᠳᠡ 420 ᠡᠷᠦᠭᠡ ᠪᠠᠭᠳᠠᠭᠳᠠᠨ᠎ᠠ︶᠂ 99 ᠲᠤᠤᠷᠵᠢᠭᠤᠯᠤᠯᠳᠠ ᠶᠢᠨ ᠴᠡᠭ᠂ 99 ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠤᠨ ᠠᠵᠢᠯᠳᠠᠨ᠂ 28 ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠤᠨ ᠠᠵᠢᠯᠳᠠᠨ ᠢ ᠲᠤᠭᠢᠷᠠᠭᠤᠯᠬᠤ ᠴᠢᠬᠤᠯᠠᠳᠠᠢ᠃ ᠲᠤᠰ ᠤᠳᠠᠭᠠᠨ ᠤ ᠲᠤᠭᠢᠷᠠᠭᠤᠯᠤᠯᠳᠠ ᠳᠤ᠂ ᠲᠤᠤᠷᠵᠢᠭᠤᠯᠤᠯᠳᠠ ᠶᠢᠨ ᠴᠡᠭ 12 ᠨᠡᠮᠡᠭᠳᠡᠵᠦ᠂ 12 ᠠᠵᠢᠯᠳᠠᠨ ᠢ ᠨᠡᠮᠡᠭᠦ ᠴᠢᠬᠤᠯᠠᠳᠠᠢ᠃      ᠺᠠᠩ ᠯᠧ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 13᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 13 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      ᠶᠢᠩ ᠪᠢᠩ ᠨᠢᠭᠡᠳᠦᠭᠡᠷ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 8᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 8 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      ᠶᠢᠩ ᠪᠢᠩ ᠬᠤᠶᠠᠳᠤᠭᠠᠷ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 11᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 11 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      ᠨᠡᠭᠡᠮᠡᠯ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 31᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 31 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      ᠶᠠ ᠶᠤᠸᠠᠨ‌ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 12᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 12 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      ᠸᠠᠩ ᠶᠤᠸᠠᠨ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 12᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 12 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      ᠶᠢᠩ ᠴᠦᠨ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 12᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 12 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      8. ᠤᠰᠤᠳᠤ ᠵᠠᠮ  ᠤᠨ ᠵᠡᠭᠡᠯᠢ ᠭᠤᠳᠤᠮᠵᠢ᠄ ᠤᠳᠤ ᠪᠦᠭᠦᠳᠡ 15712 ᠡᠷᠦᠭᠡ ᠲᠠᠢ ( ᠰᠢᠨ᠎ᠡ ᠪᠠᠷ ᠨᠡᠮᠡᠭᠳᠡᠭᠰᠡᠨ ᠠᠰᠠᠷ ᠨᠡᠶᠢᠳᠡ 4290 ᠡᠷᠦᠭᠡ ᠪᠠᠭᠳᠠᠭᠳᠠᠨ᠎ᠠ︶᠂ 40 ᠲᠤᠤᠷᠵᠢᠭᠤᠯᠤᠯᠳᠠ ᠶᠢᠨ ᠴᠡᠭ᠂ 29 ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠤᠨ ᠠᠵᠢᠯᠳᠠᠨ᠂ 12 ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠤᠨ ᠠᠵᠢᠯᠳᠠᠨ ᠢ ᠲᠤᠭᠢᠷᠠᠭᠤᠯᠬᠤ ᠴᠢᠬᠤᠯᠠᠳᠠᠢ᠃ ᠲᠤᠰ ᠤᠳᠠᠭᠠᠨ ᠤ ᠲᠤᠭᠢᠷᠠᠭᠤᠯᠤᠯᠳᠠ ᠳᠤ᠂ ᠲᠤᠤᠷᠵᠢᠭᠤᠯᠤᠯᠳᠠ ᠶᠢᠨ ᠴᠡᠭ 12 ᠨᠡᠮᠡᠭᠳᠡᠵᠦ᠂ 1 ᠠᠵᠢᠯᠳᠠᠨ ᠢ ᠨᠡᠮᠡᠭᠦ ᠴᠢᠬᠤᠯᠠᠳᠠᠢ᠃      ᠴᠠᠩ ᠵᠧᠩ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 12᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 12 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      ᠯᠢ ᠮᠢᠨ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 10᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 10 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      ᠵᠢᠶᠠᠨ ᠬᠤᠸᠠ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 18᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 7 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      9. ᠴᠢᠩ ᠹᠦ᠋ ᠪᠠᠯᠭᠠᠰᠤ᠄ ᠤᠳᠤ ᠪᠦᠭᠦᠳᠡ 37434 ᠡᠷᠦᠭᠡ ᠲᠠᠢ ( ᠰᠢᠨ᠎ᠡ ᠪᠠᠷ ᠨᠡᠮᠡᠭᠳᠡᠭᠰᠡᠨ ᠠᠰᠠᠷ ᠨᠡᠶᠢᠳᠡ 2643 ᠡᠷᠦᠭᠡ ᠪᠠᠭᠳᠠᠭᠳᠠᠨ᠎ᠠ︶᠂ 94 ᠲᠤᠤᠷᠵᠢᠭᠤᠯᠤᠯᠳᠠ ᠶᠢᠨ ᠴᠡᠭ᠂ 88 ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠤᠨ ᠠᠵᠢᠯᠳᠠᠨ᠂ 12 ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠤᠨ ᠠᠵᠢᠯᠳᠠᠨ ᠢ ᠲᠤᠭᠢᠷᠠᠭᠤᠯᠬᠤ ᠴᠢᠬᠤᠯᠠᠳᠠᠢ᠃ ᠲᠤᠰ ᠤᠳᠠᠭᠠᠨ ᠤ ᠲᠤᠭᠢᠷᠠᠭᠤᠯᠤᠯᠳᠠ ᠳᠤ᠂ ᠲᠤᠤᠷᠵᠢᠭᠤᠯᠤᠯᠳᠠ ᠶᠢᠨ ᠴᠡᠭ 41 ᠨᠡᠮᠡᠭᠳᠡᠵᠦ᠂ 30 ᠠᠵᠢᠯᠳᠠᠨ ᠢ ᠨᠡᠮᠡᠭᠦ ᠴᠢᠬᠤᠯᠠᠳᠠᠢ᠃      ᠪᠤᠤ ᠯᠢ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 29᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 29 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      ᠸᠠᠨ ᠵᠢᠶᠦ᠋ᠨ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ  37᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 31 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      ᠶᠢᠨ ᠬᠠᠢ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 28᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 28 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      10. ᠰᠢᠩ ᠱᠧᠩ ᠪᠠᠯᠭᠠᠰᠤ᠄ ᠤᠳᠤ ᠪᠦᠭᠦᠳᠡ 9750 ᠡᠷᠦᠭᠡ ᠲᠠᠢ ( ᠰᠢᠨ᠎ᠡ ᠪᠠᠷ ᠨᠡᠮᠡᠭᠳᠡᠭᠰᠡᠨ ᠠᠰᠠᠷ ᠨᠡᠶᠢᠳᠡ 1903 ᠡᠷᠦᠭᠡ ᠪᠠᠭᠳᠠᠭᠳᠠᠨ᠎ᠠ︶᠂ 24 ᠲᠤᠤᠷᠵᠢᠭᠤᠯᠤᠯᠳᠠ ᠶᠢᠨ ᠴᠡᠭ᠂ 24 ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠤᠨ ᠠᠵᠢᠯᠳᠠᠨ᠂ 4 ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠤᠨ ᠠᠵᠢᠯᠳᠠᠨ ᠢ ᠲᠤᠭᠢᠷᠠᠭᠤᠯᠬᠤ ᠴᠢᠬᠤᠯᠠᠳᠠᠢ᠃ ᠲᠤᠰ ᠤᠳᠠᠭᠠᠨ ᠤ ᠲᠤᠭᠢᠷᠠᠭᠤᠯᠤᠯᠳᠠ ᠳᠤ᠂ ᠲᠤᠤᠷᠵᠢᠭᠤᠯᠤᠯᠳᠠ ᠶᠢᠨ ᠴᠡᠭ 17ᠨᠡᠮᠡᠭᠳᠡᠵᠦ᠂ 12 ᠠᠵᠢᠯᠳᠠᠨ ᠢ ᠨᠡᠮᠡᠭᠦ ᠴᠢᠬᠤᠯᠠᠳᠠᠢ᠃      ᠰᠦᠩ ᠱᠢ ᠨᠡᠶᠢᠭᠡᠮ ᠲᠤᠭᠤᠷᠢᠭ᠄ ᠲᠤᠤᠷᠵᠢᠭᠤᠯᠤᠯᠳᠠ ᠶᠢᠨ ᠴᠡᠭ 24᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠲᠤ 24 ᠬᠦᠮᠦᠨ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠤᠷᠢᠭ ᠲᠤ 4 ᠬᠦᠮᠦᠨ᠃      ᠲᠡᠭᠡᠷ᠎ᠡ ᠲᠤᠷᠠᠳᠤᠭᠰᠠᠨ ᠨᠡᠶᠢᠭᠡᠮ ᠲᠤᠭᠤᠷᠢᠭ ᠤᠨ ᠲᠤᠤᠷᠵᠢᠭᠤᠯᠤᠯᠳᠠ ᠶᠢᠨ ᠪᠠᠶᠢᠷᠢᠯᠠᠭᠤᠯᠤᠯᠳᠠ ᠶᠢᠨ ᠪᠠᠶᠢᠳᠠᠯ ᠎ ᠢ ᠦᠨᠳᠦᠰᠦᠯᠡᠨ ᠲᠦᠰᠦᠪᠯᠡᠨ ᠪᠤᠳᠤᠭᠰᠠᠨ ᠢᠶᠠᠷ᠂ ᠮᠠᠨ  ᠤ ᠲᠤᠭᠤᠷᠢᠭ ᠲᠤ ᠨᠡᠶᠢᠳᠡ 656 ᠲᠤᠤᠷᠵᠢᠭᠤᠯᠤᠯᠳᠠ ᠶᠢᠨ ᠴᠡᠭ ᠢ ᠪᠠᠶᠢᠷᠢᠯᠠᠭᠤᠯᠪᠠᠯ ᠵᠤᠬᠢᠨ᠎ᠠ᠂  ᠬᠠᠮᠢᠶᠠᠷᠤᠯᠳᠠ ᠳᠤ ᠤᠷᠤᠭᠤᠯᠤᠭ᠎ᠠ ᠦᠭᠡᠢ ᠵᠢᠵᠢᠭ ᠲᠤᠭᠤᠷᠢᠭ ᠲᠤ ᠬᠤᠯᠪᠤᠭᠳᠠᠭᠰᠠᠨ 17 ᠲᠤᠤᠷᠵᠢᠭᠤᠯᠤᠯᠳᠠ ᠳᠤ ᠲᠦᠷ ᠴᠠᠭ ᠠᠵᠢᠯᠳᠠᠨ ᠲᠤᠭᠢᠷᠠᠭᠤᠯᠬᠤ ᠦᠭᠡᠢ  ᠠᠴᠠ ᠭᠠᠳᠠᠨ᠎ᠠ᠂ 639 ᠨᠡᠶᠢᠭᠡᠮ ᠲᠤᠭᠤᠷᠢᠭ ᠤᠨ ᠠᠵᠢᠯᠳᠠᠨ ᠢ ᠲᠤᠭᠢᠷᠠᠭᠤᠯᠬᠤ ᠴᠢᠬᠤᠯᠠᠳᠠᠢ᠃ ᠡᠭᠦᠨ ᠠᠴᠠ ᠭᠠᠳᠠᠨ᠎ᠠ᠂ ᠮᠠᠨ  ᠤ ᠲᠤᠭᠤᠷᠢᠭ《ᠵᠡᠭᠡᠯᠢ ᠭᠤᠳᠤᠮᠵᠢ ᠶᠢ ᠰᠢᠯᠢᠳᠡᠭᠵᠢᠭᠦᠯᠵᠦ᠂ ᠨᠡᠶᠢᠭᠡᠮ ᠲᠤᠭᠤᠷᠢᠭ ᠢ ᠬᠦᠴᠦᠷᠭᠡᠭᠵᠢᠬᠦᠯᠵᠦ᠂ ᠦᠢᠯᠡᠴᠢᠯᠡᠭᠡ ᠶᠢ ᠠᠬᠢᠭᠤᠯᠬᠤ》᠂ ᠨᠡᠶᠢᠭᠡᠮ ᠤᠨ ᠵᠠᠰᠠᠯᠳᠠ ᠶᠢᠨ ᠲᠤᠭᠳᠠᠴᠠ ᠶᠢᠨ ᠰᠢᠨ᠎ᠡ ᠶᠢ ᠡᠭᠦᠳᠬᠦ ᠦᠭᠡᠷᠡᠴᠢᠯᠡᠯᠳᠡ ᠬᠡᠷᠡᠭᠵᠢᠭᠦᠯᠦᠭᠰᠡᠨ ᠠᠴᠠ ᠨᠠᠰᠢ᠂ ᠨᠡᠶᠢᠭᠡᠮ ᠤᠨ ᠦᠢᠯᠡᠴᠢᠯᠡᠭᠡᠨ ᠤ ᠲᠤᠭᠤᠷᠢᠭ ᠤᠨ ᠠᠵᠢᠯᠳᠠᠨ ︵ᠲᠤᠰᠢᠶᠠᠯ ᠬᠠᠪᠰᠤᠷᠭᠠᠭᠰᠠᠨ ᠲᠤᠤᠷᠵᠢᠭᠤᠯᠤᠯᠳᠠ ᠶᠢᠨ ᠠᠵᠢᠯᠳᠠᠨ︶ ᠎ ᠠᠴᠠ ᠭᠠᠳᠠᠨ᠎ᠠ᠂ ᠨᠡᠶᠢᠭᠡᠮ ᠲᠤᠭᠤᠷᠢᠭ ᠪᠤᠯᠭᠠᠨ ᠎ ᠳᠤ 4 ᠤᠯᠠᠨ ᠨᠡᠶᠢᠳᠡ ᠶᠢᠨ ᠦᠢᠯᠡᠴᠢᠯᠡᠭᠡᠨ ᠤ  ᠭᠠᠵᠠᠷ ᠤᠨ ᠠᠵᠢᠯᠳᠠᠨ ᠢ ᠲᠤᠭᠢᠷᠠᠭᠤᠯᠵᠠᠢ ︵ᠲᠠᠷᠤᠢ ᠡᠮᠦᠨ᠎ᠡ ᠲᠠᠪᠴᠠᠩ  ᠤᠨ ᠠᠵᠢᠯᠳᠠᠨ ᠪᠠᠶᠢᠵᠤ᠂ 1 ᠲᠤᠰᠬᠠᠢ ᠲᠤᠰᠢᠶᠠᠯᠳᠤ ᠨᠠᠮ  ᠤᠨ ᠠᠵᠢᠯ ᠤᠨ ᠠᠵᠢᠯᠳᠠᠨ ᠪᠠᠭᠳᠠᠨ᠎ᠠ︶᠂ ᠨᠡᠶᠢᠳᠡ196 ᠬᠦᠮᠦᠨ ᠪᠤᠢ᠃ ᠲᠡᠭᠡᠷᠡᠭᠢ  ᠶᠢ ᠬᠤᠷᠢᠶᠠᠩᠭᠤᠶᠢᠯᠠᠪᠠᠯ᠂ ᠬᠤᠶᠠᠷ ᠲᠦᠷᠦᠯ  ᠤᠨ ᠠᠵᠢᠯᠳᠠᠨ ᠨᠡᠶᠢᠳᠡ 835 ᠬᠦᠮᠦᠨ ᠪᠠᠶᠢᠨ᠎ᠠ᠃      ᠬᠤᠶᠠᠷ᠂ ᠲᠡᠦᠭᠡ  ᠶᠢᠨ ᠦᠯᠡᠳᠡᠭᠳᠡᠯ ᠠᠰᠠᠭᠤᠳᠠᠯ ᠢ ᠲᠤᠳᠤᠷᠬᠠᠶᠢᠯᠠᠬᠤ ᠨᠢ      ᠲᠤᠰ ᠤᠳᠠᠭᠠᠨ  ᠤ ᠨᠡᠶᠢᠭᠡᠮ ᠲᠤᠭᠤᠷᠢᠭ ᠤᠨ ᠲᠤᠤᠷᠵᠢᠭᠤᠯᠤᠯᠳᠠ ᠶᠢᠨ ᠪᠠᠶᠢᠷᠢᠯᠠᠭᠤᠯᠤᠯᠳᠠ ᠶᠢ ᠲᠤᠭᠢᠷᠠᠭᠤᠯᠤᠭᠰᠠᠨ ᠤ ᠲᠠᠷᠠᠭ᠎ᠠ᠂ ᠬᠤᠳᠠ ᠶᠢᠨ ᠲᠤᠭᠤᠷᠢᠭ ᠤᠨ ᠲᠤᠤᠷᠵᠢᠭᠤᠯᠤᠯᠳᠠ ᠤᠨ ᠪᠦᠷᠬᠦᠴᠡ ᠶᠢ ᠪᠦᠬᠦ ᠲᠠᠯ᠎ᠠ ᠎ ᠪᠠᠷ ᠪᠡᠶᠡᠯᠡᠭᠦᠯᠵᠦ᠂《ᠵᠡᠭᠡᠯᠢ ᠪᠠᠯᠭᠠᠰᠤ ᠱᠦᠭᠯᠦ ᠦᠯᠢᠶᠡᠵᠦ᠂ ᠰᠠᠯᠠᠭ᠎ᠠ ᠮᠦᠴᠢᠷ ᠤᠳ ᠨᠡᠷ᠎ᠡ ᠮᠡᠳᠡᠭᠦᠯᠬᠦ》ᠠᠵᠢᠯ ᠤᠨ ᠵᠠᠭᠪᠤᠷ ᠢᠶᠠᠷ ᠦᠨᠳᠦᠰᠦᠨ ᠱᠠᠳᠤᠨ ᠤ ᠨᠡᠶᠢᠭᠡᠮ ᠤᠨ ᠵᠠᠰᠠᠯᠳᠠ ᠶᠢᠨ ᠬᠦᠭᠵᠢᠯᠳᠡ ᠶᠢᠨ ᠲᠤᠮᠳᠠ ᠤᠷᠳᠤ ᠬᠤᠭᠤᠴᠠᠭ᠎ᠠ ᠎ ᠪᠠᠷ ᠤᠷᠤᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠪᠦᠳᠦᠮᠵᠢᠳᠡᠢ ᠰᠢᠢᠳᠪᠤᠷᠢᠯᠡᠵᠡᠢ᠃      ︵ᠨᠢᠭᠡ︶ ᠦᠯᠦ ᠬᠠᠮᠢᠶᠠᠷᠤᠭᠳᠠᠬᠤ ᠤᠷᠤᠨ ᠪᠦᠰᠡ ᠶᠢᠨ ᠬᠠᠷᠢᠶᠠᠯᠠᠯ᠃ ᠤᠳᠤᠬᠠᠨ  ᠤ ᠪᠦᠷᠢᠳᠭᠡᠭᠰᠡᠨ ᠢᠶᠠᠷ ᠂ ᠦᠯᠦ ᠬᠠᠮᠢᠶᠠᠷᠤᠭᠳᠠᠬᠤ ᠤᠷᠤᠨ ᠪᠦᠰᠡ ᠨᠡᠶᠢᠳᠡ 20 ᠭᠠᠵᠠᠷ ᠪᠠᠶᠢᠵᠤ᠂ ᠡᠭᠦᠨ ᠳᠤ ᠴᠢᠩᠱᠠᠨ ᠵᠠᠮ ᠤᠨ ᠵᠡᠭᠡᠯᠢ ᠭᠤᠳᠤᠮᠵᠢ10 ᠭᠠᠵᠠᠷ᠂ ᠤᠰᠤᠳᠤ ᠵᠡᠭᠡᠯᠢ ᠭᠤᠳᠤᠮᠵᠢ 10 ᠭᠠᠵᠠᠷ ᠪᠤᠢ᠃ ᠵᠡᠭᠡᠯᠢ ᠭᠤᠳᠤᠮᠵᠢ ᠪᠠᠷ ᠲᠦᠷᠦᠭᠦᠯᠡᠨ ᠦᠯᠦ ᠬᠠᠮᠢᠶᠠᠷᠤᠭᠳᠠᠬᠤ ᠤᠷᠤᠨ ᠪᠦᠰᠡ ᠤᠳ ᠢ ᠲᠠᠩᠰᠠᠯᠠᠨ ᠪᠦᠷᠢᠳᠭᠡᠵᠦ᠂  ᠬᠠᠷᠢᠶᠠᠯᠠᠭᠳᠠᠬᠤ ᠨᠢᠭᠡᠴᠡ ︵ᠪᠤᠶᠤ ᠬᠤᠪᠢ ᠬᠦᠮᠦᠨ︶ ᠵᠢᠴᠢ ᠠᠵᠢᠯ ᠲᠦᠷᠦᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ  ᠢ ᠲᠤᠳᠤᠷᠬᠠᠢ ᠪᠤᠯᠭᠠᠨ᠎ᠠ᠃ ᠬᠠᠷᠢᠴᠠᠩᠭᠤᠢ ᠤᠶᠢᠷᠠᠬᠠᠨ ᠪᠠᠶᠢᠯᠭᠠᠬᠤ ᠵᠠᠷᠴᠢᠮ ᠢᠶᠠᠷ ᠪᠦᠬᠦᠨ  ᠢ ᠬᠠᠷᠢᠶᠠᠳᠤ ᠤᠷᠤᠨ ᠤ ᠲᠤᠤᠷᠵᠢᠭᠤᠯᠤᠯᠳᠠ ᠶᠢᠨ ᠬᠡᠪᠴᠢᠶᠡᠨ ᠳᠤ ᠤᠷᠤᠭᠤᠯᠵᠤ᠂ ᠨᠡᠶᠢᠭᠡᠮ ᠲᠤᠭᠤᠷᠢᠭ ᠠᠴᠠ ᠪᠦᠬᠦᠨ ᠢ ᠬᠠᠮᠤᠷᠤᠭᠰᠠᠨ ᠬᠠᠮᠢᠶᠠᠷᠤᠯᠳᠠ ᠶᠢ ᠬᠡᠷᠡᠭᠵᠢᠭᠦᠯᠵᠦ᠂ ᠬᠠᠮᠢᠶᠠᠷᠤᠯᠳᠠ ᠳᠤ ᠭᠡᠭᠡᠭᠳᠡᠯ ᠦᠭᠡᠢ᠂ ᠮᠤᠬᠤᠷ ᠪᠤᠯᠤᠩ ᠦᠭᠡᠢ᠂ ᠪᠦᠭᠦᠨ ᠢ ᠪᠦᠷᠭᠦᠭᠦ ᠶᠢ ᠪᠠᠳᠤᠯᠠᠨ᠎ᠠ᠃ ᠪᠤᠰᠤᠳ ᠡᠳᠦᠷ ᠲᠤᠳᠤᠮ ᠤᠨ ᠲᠤᠬᠠᠶᠢᠯᠠᠭᠰᠠᠨ ᠠᠵᠢᠯ ᠤᠨ ᠬᠠᠮᠢᠶᠠᠷᠤᠯᠳᠠ᠂ ᠬᠢᠨᠠᠨ ᠰᠢᠯᠭᠠᠵᠤ ᠬᠢᠨᠠᠯᠳᠠ ᠲᠠᠯᠪᠢᠬᠤ ᠶᠢ ᠲᠤᠳᠤᠷᠬᠠᠶᠢᠯᠠᠵᠤ᠂ ᠲᠤᠭᠤᠷᠢᠭ ᠤᠨ ᠬᠠᠤᠯᠢ ᠭᠡᠷᠡᠭᠵᠢᠭᠦᠯᠬᠦ ᠲᠤᠪᠴᠢᠶ᠎ᠡ ᠠᠴᠠ  ᠲᠠᠭᠠᠭᠠᠵᠤ ᠠᠪᠤᠭᠰᠠᠨ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠤᠷᠤᠨ‌‍ᠳᠤ ᠬᠤᠪᠢᠶᠠᠷᠢᠯᠠᠨ ᠤᠷᠤᠭᠰᠠᠨ ᠤᠷᠤᠨ ᠪᠦᠰᠡ ᠵᠡᠷᠭᠡ ᠶᠢ᠂ ᠲᠤᠬᠠᠶᠢᠯᠠᠭᠰᠠᠨ ᠠᠵᠢᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠷᠢᠭᠤᠴᠠᠵᠤ᠂ ᠵᠡᠭᠡᠯᠢ ᠭᠤᠳᠤᠮᠵᠢ᠂ ᠨᠡᠶᠢᠭᠡᠮ ᠲᠤᠭᠤᠷᠢᠭ ᠬᠠᠮᠢᠶ᠎ᠠ ᠪᠦᠭᠦᠢ ᠪᠠᠶᠢᠭᠤᠯᠭ᠎ᠠ ᠨᠢᠭᠡᠴᠡ ᠡᠭᠦᠷᠭᠡ ᠬᠠᠷᠢᠭᠤᠴᠠᠯᠭ᠎ᠠ ᠶᠢ ᠱᠠᠯᠠᠪᠳᠠᠨ ᠬᠦᠢᠴᠡᠳᠭᠡᠯᠭᠡᠨ᠎ᠡ᠃      ︵ᠬᠤᠶᠠᠷ︶ ᠠᠵᠤ ᠠᠬᠤᠶᠢᠯᠡᠯ᠂ ᠠᠵᠢᠯ ᠦᠢᠯᠡᠰ ᠤᠨ ᠨᠢᠭᠡᠴᠢ᠂ ᠬᠤᠳᠠᠯᠳᠤᠭᠠᠨ ᠤ ᠡᠷᠦᠭᠡ᠂ ᠲᠡᠯᠭᠡᠭᠦᠷ ᠵᠡᠷᠭᠡ ᠶᠢᠨ ᠬᠠᠮᠢᠶᠠᠷᠤᠯᠳᠠ᠃ ᠬᠤᠳᠠᠯᠳᠤᠭ᠎ᠠ᠂ ᠤᠷᠤᠨ ᠰᠠᠭᠤᠴᠠ ᠬᠤᠯᠢᠯᠳᠤᠭᠰᠠᠨ ᠬᠤᠳᠠᠯᠳᠤᠭᠠᠨ ᠤ ᠡᠷᠦᠭᠡ᠂ ᠠᠰᠠᠷ ᠲᠠᠭᠳᠤ᠂ ᠲᠡᠯᠭᠡᠭᠦᠷ 400 ᠡᠷᠦᠭᠡ ᠪᠦᠷᠢ ᠳᠤ ᠨᠢᠭᠡ ᠲᠤᠤᠷᠵᠢᠭᠤᠯᠤᠯᠳᠠ ᠶᠢ ᠲᠤᠬᠢᠷᠠᠭᠤᠯᠬᠤ ᠪᠠᠷᠢᠮᠵᠢᠶ᠎ᠠ ᠪᠠᠷ ᠨᠡᠶᠢᠭᠡᠮ ᠲᠤᠭᠤᠷᠢᠭ ᠤᠨ ᠲᠤᠤᠷᠵᠢᠭᠤᠯᠤᠯᠳᠠ ᠶᠢᠨ ᠬᠠᠮᠢᠶᠠᠷᠤᠯᠳᠠ ᠳᠤ ᠤᠷᠤᠭᠤᠯᠤᠨ᠎ᠠ᠃ ᠰᠠᠭᠤᠭᠠᠯᠢ ᠡᠷᠦᠭᠡ ᠦᠭᠡᠢ ᠠᠵᠤ ᠠᠬᠤᠶᠢᠯᠡᠯ᠂ ᠠᠵᠢᠯ ᠦᠢᠯᠡᠰ ᠤᠨ ᠨᠢᠭᠡᠴᠢ ︵ᠬᠤᠳᠠ ᠶᠢᠨ ᠰᠢᠭᠤᠳ ᠬᠠᠷᠢᠶ᠎ᠠ ᠨᠢᠭᠡᠴᠡ᠂ ᠪᠠᠩᠬᠢ᠂ ᠬᠤᠳᠠᠯᠳᠤᠭᠠᠨ ᠤ ᠲᠤᠭᠤᠷᠢᠭ᠂ ᠠᠯᠪᠠᠨ ᠠᠰᠠᠷ ᠵᠡᠷᠭᠡ︶᠂ ᠵᠡᠭᠡᠯᠢ ᠭᠤᠳᠤᠮᠵᠢ ᠪᠠᠷ ᠲᠦᠷᠦᠭᠦᠯᠡᠨ ᠬᠠᠷᠢᠴᠠᠩᠭᠤᠢ ᠤᠶᠢᠷᠠᠬᠠᠨ ᠪᠠᠶᠢᠯᠭᠠᠬᠤ ᠵᠠᠷᠴᠢᠮ ᠢᠶᠠᠷ ᠨᠡᠶᠢᠭᠡᠮ ᠲᠤᠭᠤᠷᠢᠭ ᠤᠨ ᠲᠤᠤᠷᠵᠢᠭᠤᠯᠤᠯᠳᠠ ᠶᠢᠨ ᠬᠠᠮᠢᠶᠠᠷᠤᠯᠳᠠ ᠳᠤ ᠤᠷᠤᠭᠤᠯᠤᠨ᠎ᠠ᠃ ᠠᠵᠢᠯ ᠲᠦᠷᠦᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠷᠢᠭᠤᠴᠠᠵᠤ ᠪᠠᠶᠢᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠦᠪᠡᠷ ᠦᠪᠡᠷ ᠤᠨ ᠲᠤᠳᠤᠭᠠᠳᠤ ᠶᠢᠨ ᠬᠠᠮᠢᠶᠠᠷᠤᠯᠳᠠ ᠶᠢᠨ ᠰᠢᠰᠲ᠋ᠧᠮ ᠢᠶᠠᠷ ᠡᠳᠦᠷ ᠲᠤᠳᠤᠮ ᠤᠨ ᠬᠠᠮᠢᠶᠠᠷᠤᠯᠳᠠ ᠬᠢᠨ᠎ᠡ᠂ ᠵᠡᠭᠡᠯᠢ ᠭᠤᠳᠤᠮᠵᠢ ᠨᠡᠶᠢᠭᠡᠮ ᠲᠤᠭᠤᠷᠢᠭ ᠵᠦᠪᠭᠡᠨ ᠲᠡᠭᠡᠷ᠎ᠡ ᠲᠤᠷᠠᠳᠤᠭᠰᠠᠨ ᠡᠯ᠎ᠡ ᠲᠦᠷᠦᠯ ᠤᠨ ᠬᠠᠷᠢᠶᠠᠳᠤ ᠪᠠᠶᠢᠭᠤᠯᠭ᠎ᠠ ᠶᠢᠨ ᠠᠶᠤᠯᠬᠦᠢ ᠦᠢᠯᠡᠳᠪᠦᠷᠢᠯᠡᠯ ᠪᠠ ᠠᠵᠤ ᠠᠬᠤᠢ ᠶᠢᠨ ᠪᠠᠶᠢᠴᠠᠭᠠᠯᠳᠠ ᠶᠢᠨ ᠠᠵᠢᠯ ᠢ ᠬᠠᠷᠢᠭᠤᠴᠠᠨ᠎ᠠ᠂ ᠭᠡᠭᠦ ᠳᠤ ᠵᠠᠷᠤᠳᠠᠯ ᠢ ᠤᠴᠢᠷ ᠶᠠᠪᠤᠳᠠᠯ  ᠤᠨ ᠲᠠᠭᠠᠤ ᠰᠢᠯᠵᠢᠭᠦᠯᠬᠦ ᠭᠡᠷᠡᠭᠳᠡᠢ᠃      ︵ᠭᠤᠷᠪᠠ︶ ᠦᠢᠯᠡᠳᠪᠦᠷᠢ ᠠᠭᠤᠷᠬᠠᠢ  ᠶᠢᠨ ᠲᠡᠭᠡᠳᠦ ᠰᠤᠷᠭᠠᠭᠤᠯᠢ᠂ ᠪᠠᠶᠢᠷᠢ ᠶᠢᠨ ᠠᠰᠠᠷ ᠤᠨ ᠬᠠᠮᠢᠶᠠᠷᠤᠯᠳᠠ᠃ ᠬᠠᠷᠢᠶᠠᠳᠤ ᠤᠷᠤᠨ ᠤ ᠲᠤᠳᠤᠷᠠᠬᠢ ᠶᠡᠭᠡ ᠰᠤᠷᠭᠠᠭᠤᠯᠢ ᠲᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠶᠢᠨ ᠪᠠᠶᠢᠷᠢ᠂ ᠡᠮᠨᠡᠯᠭᠡ  ᠶᠢᠨ ᠬᠤᠷᠢᠶᠠᠨ ᠤ ᠠᠵᠢᠯᠳᠠᠨ ᠤ ᠪᠠᠶᠢᠷᠢ᠂ ᠦᠢᠯᠡᠳᠪᠦᠷᠢ ᠠᠭᠤᠷᠬᠠᠢ ᠶᠢᠨ ᠠᠵᠢᠯᠳᠠᠨ ᠤ ᠪᠠᠶᠢᠷᠢ ᠵᠡᠷᠭᠡ ᠶᠢ ᠬᠠᠮᠳᠤ ᠳᠤᠨᠢ ᠨᠡᠶᠢᠭᠡᠮ ᠲᠤᠭᠤᠷᠢᠭ ᠤᠨ ᠲᠤᠤᠷᠵᠢᠭᠤᠯᠤᠯᠳᠠ ᠶᠢᠨ ᠬᠡᠪᠴᠢᠶᠡᠨ ᠳᠤ ᠤᠷᠤᠭᠤᠯᠵᠤ᠂ ᠤᠳᠤ ᠶᠢᠨ ᠭᠤᠤᠯᠯᠠᠨ ᠬᠠᠮᠢᠶᠠᠷᠬᠤ ᠪᠠᠶᠢᠭᠤᠯᠭ᠎ᠠ ᠠᠴᠠ ᠦᠷᠭᠦᠯᠵᠢᠯᠡᠨ ᠪᠤᠳᠠᠳᠠᠢ ᠬᠠᠷᠢᠭᠤᠴᠠᠵᠤ᠂ ᠬᠦᠳᠡᠯᠦᠩᠭᠦᠢ ᠪᠠᠷ ᠲᠠᠩᠰᠠᠯᠠᠨ ᠬᠠᠮᠢᠶᠠᠷᠴᠤ᠂ ᠲᠤᠭᠳᠠᠮᠠᠯ ᠬᠤᠭᠤᠴᠠᠭ᠎ᠠ ᠲᠠᠢ ᠪᠠᠷ ᠨᠡᠶᠢᠭᠡᠮ ᠲᠤᠭᠤᠷᠢᠭ ᠤᠨ ᠲᠤᠤᠷᠵᠢᠭᠤᠯᠤᠯᠳᠠ ᠶᠢᠨ ᠠᠵᠢᠯᠳᠠᠨ ᠳᠤ ᠮᠡᠳᠡᠭᠦᠯᠦᠨ ᠲᠠᠩᠰᠠᠯᠠᠭᠤᠯᠬᠤ ᠭᠡᠷᠡᠭᠳᠡᠢ᠃      ︵ᠲᠦᠷᠪᠡ︶ ᠲᠡᠷᠭᠡᠨ ᠬᠦᠮᠦᠷᠭᠡ᠂ ᠲᠡᠷᠭᠡᠨ ᠰᠠᠷᠠᠪᠴᠢ᠂ ᠵᠢᠵᠢᠭ ᠰᠡᠷᠢᠭᠦᠨ ᠭᠡᠷ ᠤᠨ ᠬᠠᠮᠢᠶᠠᠷᠤᠯᠳᠠ᠃ ᠨᠡᠶᠢᠭᠡᠮ ᠲᠤᠭᠤᠷᠢᠭ ᠤᠨ ᠨᠡᠶᠢᠳᠡ ᠶᠢᠨ ᠦᠮᠴᠢᠯᠡᠯ ᠤᠨ ᠲᠡᠷᠭᠡᠨ ᠬᠦᠮᠦᠷᠭᠡ᠂ ᠲᠡᠷᠭᠡᠨ ᠰᠠᠷᠠᠪᠴᠢ᠂ ᠵᠢᠵᠢᠭ ᠰᠡᠷᠢᠭᠦᠨ ᠭᠡᠷ 17124 ᠡᠷᠦᠭᠡ᠂ ᠠᠵᠢᠯ ᠤᠨ ᠬᠡᠮᠵᠢᠶ᠎ᠡ᠂ ᠠᠵᠢᠯ ᠤᠨ ᠬᠦᠴᠢᠷ ᠤᠨ ᠬᠡᠮᠵᠢᠶ᠎ᠡ ᠨᠢ ᠰᠠᠭᠤᠭᠠᠯᠢ ᠠᠷᠠᠳ ᠤᠨ ᠲᠤᠭᠤᠷᠢᠭ ᠠᠴᠠ ᠲᠤᠤᠷ᠎ᠠ ᠪᠠᠶᠢᠵᠤ᠂ ᠲᠤᠰᠭᠠᠷ ᠲᠠᠭᠠᠨ ᠲᠤᠤᠷᠵᠢᠭᠤᠯᠤᠯᠳᠠ ᠶᠢᠨ ᠴᠡᠭ ᠢ ᠪᠠᠶᠢᠷᠢᠯᠠᠭᠤᠯᠬᠤ ᠦᠭᠡᠢ᠂ ᠡᠯ᠎ᠡ ᠵᠡᠭᠡᠯᠢ ᠭᠤᠳᠤᠮᠵᠢ ᠪᠠᠯᠭᠠᠰᠤ ᠲᠤᠤᠷᠵᠢᠭᠤᠯᠤᠯᠳᠠ ᠪᠠᠶᠢᠷᠢᠯᠠᠭᠤᠯᠬᠤ ᠳᠠᠭᠠᠨ ᠲᠡᠷᠭᠡᠨ ᠬᠦᠮᠦᠷᠭᠡ᠂ ᠲᠡᠷᠭᠡᠨ ᠰᠠᠷᠠᠪᠴᠢ᠂ ᠵᠢᠵᠢᠭ ᠰᠡᠷᠢᠭᠦᠨ ᠭᠡᠷ ᠤᠨ ᠠᠵᠢᠯ ᠤᠨ ᠬᠡᠮᠵᠢᠶ᠎ᠡ ᠶᠢ ᠪᠤᠳᠤᠯᠭᠢᠯᠠᠬᠤ ᠭᠡᠷᠡᠭᠳᠡᠢ᠃      ᠭᠤᠷᠪᠠ᠂ ᠠᠵᠢᠯ ᠤᠨ ᠱᠠᠭᠠᠷᠳᠠᠯᠭ᠎ᠠ      ︵ᠨᠢᠭᠡ︶ ᠠᠷᠠᠳ ᠤᠨ ᠶᠠᠪᠤᠳᠠᠯ ᠤᠨ ᠲᠤᠪᠴᠢᠶ᠎ᠠ ᠢᠵᠢ ᠪᠦᠷᠢᠳᠦᠭᠦᠯᠬᠦ ᠲᠦᠷᠢᠮ ᠤᠨ ᠪᠠᠶᠢᠭᠤᠯᠤᠯᠳᠠ ᠶᠢᠨ ᠠᠵᠢᠯ ᠢ ᠨᠠᠶᠢᠳᠠᠪᠤᠷᠢᠭᠤᠯᠤᠨ᠎ᠠ᠃ ᠨᠡᠶᠢᠭᠡᠮ ᠲᠤᠭᠤᠷᠢᠭ ᠤᠨ ᠠᠵᠢᠯᠳᠠᠨ ᠢ ᠬᠦᠳᠡᠯᠦᠩᠭᠦᠢ ᠪᠠᠷ ᠨᠦᠭᠦᠪᠦᠷᠢᠯᠡᠬᠦ ᠲᠤᠭᠳᠠᠴᠠ ᠶᠢ ᠪᠠᠶᠢᠭᠤᠯᠵᠤ᠂ 《ᠴᠢᠩᠱᠠᠨ ᠲᠤᠭᠤᠷᠢᠭ ᠤᠨ ᠨᠡᠶᠢᠭᠡᠮ ᠲᠤᠭᠤᠷᠢᠭ ᠤᠨ ᠠᠵᠢᠯᠳᠡᠠ ᠢ ᠨᠦᠭᠦᠪᠦᠷᠢᠯᠡᠬᠦ ᠠᠷᠭ᠎ᠠ》᠎ ᠶᠢ ᠲᠤᠭᠳᠠᠭᠠᠵᠤ᠂ ᠨᠡᠶᠢᠭᠡᠮ ᠲᠤᠭᠤᠷᠢᠭ ᠤᠨ ᠠᠵᠢᠯᠳᠡᠠ ᠡᠯᠰᠡᠵᠦ ᠨᠦᠭᠦᠪᠦᠷᠢᠯᠡᠬᠦ ᠠᠵᠢᠯ ᠢ ᠬᠢᠨ᠎ᠡ᠃ ᠨᠡᠶᠢᠭᠡᠮ ᠲᠤᠭᠤᠷᠢᠭ ᠤᠨ ᠠᠵᠢᠯᠳᠡᠠ ᠰᠢᠯᠭᠠᠨ ᠦᠨᠡᠯᠡᠵᠦ ᠤᠷᠮᠠᠰᠢᠭᠤᠯᠬᠤ ᠠᠷᠭ᠎ᠠ ᠶᠢ ᠲᠡᠭᠦᠯᠳᠡᠷᠵᠢᠭᠦᠯᠵᠦ᠂《ᠴᠢᠩᠱᠠᠨ ᠲᠤᠭᠤᠷᠢᠭ ‍ᠣᠨ‌ᠨᠡᠶᠢᠭᠡᠮ ᠲᠤᠭᠤᠷᠢᠭ ᠤᠨ ᠠᠵᠢᠯᠳᠡᠠ ᠢ ᠰᠢᠯᠭᠠᠨ ᠦᠨᠡᠯᠡᠵᠦ ᠤᠷᠮᠠᠰᠢᠭᠤᠯᠬᠤ ᠠᠷᠭ᠎ᠠ ︵ᠲᠤᠷᠰᠢᠨ ᠭᠡᠷᠡᠭᠵᠢᠭᠦᠯᠬᠦ︶》᠎ ᠶᠢ ᠲᠤᠭᠳᠠᠭᠠᠵᠤ᠂ ᠲᠤᠤᠷᠵᠢᠭᠤᠯᠤᠯᠳᠠ ᠶᠢᠨ ᠪᠠᠶᠢᠷᠢᠯᠠᠭᠤᠯᠤᠯᠳᠠ᠂ ᠲᠤᠤᠷᠵᠢᠭᠤᠯᠤᠯᠳᠠ ᠶᠢᠨ ᠠᠵᠢᠯᠳᠠᠨ ᠤ ᠬᠦᠯᠦᠰᠦ ᠮᠦᠩᠭᠦ ᠪᠠ ᠲᠤᠤᠷᠵᠢᠭᠤᠯᠤᠯᠳᠠ ᠶᠢᠨ ᠰᠢᠯᠭᠠᠨ ᠦᠨᠡᠯᠡᠵᠦ ᠬᠠᠮᠢᠶᠠᠷᠬᠤ ᠲᠤᠭᠳᠠᠴᠠ ᠶᠢ ᠲᠤᠳᠤᠷᠬᠠᠶᠢᠯᠠᠨ᠎ᠠ᠃《ᠪᠦᠬᠦ ᠤᠷᠤᠨ ᠬᠡᠪᠴᠢᠶᠡᠨ ᠤ ᠲᠤᠤᠷᠵᠢᠭᠤᠯᠤᠯᠳᠠ ᠶᠢᠨ ᠬᠠᠮᠢᠶᠠᠷᠤᠯᠳᠠ ᠶᠢᠨ ᠭᠡᠷᠡᠭᠵᠢᠭᠦᠯᠬᠦ ᠠᠷᠭ᠎ᠠ 》᠎ ᠳᠤ ᠵᠠᠰᠠᠪᠤᠷᠢ ᠤᠷᠤᠭᠤᠯᠵᠤ᠂ ᠵᠡᠭᠡᠯᠢ ᠭᠤᠳᠤᠮᠵᠢ᠂ ᠨᠡᠶᠢᠭᠡᠮ ᠲᠤᠭᠤᠷᠢᠭ᠂ ᠲᠤᠤᠷᠵᠢᠭᠤᠯᠤᠯᠳᠠ᠂ ᠠᠰᠠᠷ ᠲᠠᠭᠳᠤ《ᠲᠦᠷᠪᠡᠨ ᠲᠡᠰ》᠎ ᠤᠨ ᠦᠨᠳᠦᠰᠦᠨ ᠱᠠᠳᠤᠨ ᠤ ᠶᠡᠷᠦᠩᠭᠡᠶᠢᠯᠡᠭᠰᠡᠨ ᠲᠤᠤᠷᠵᠢᠭᠤᠯᠤᠯᠳᠠ ᠶᠢᠨ ᠬᠠᠮᠢᠶᠠᠷᠤᠯᠳᠠ ᠶᠢ ᠪᠦᠷᠢᠯᠳᠦᠭᠦᠯᠵᠦ᠂ ᠮᠠᠨ ᠤ ᠲᠤᠭᠤᠷᠢᠭ ᠤᠨ ᠪᠦᠬᠦ ᠤᠷᠤᠨ ᠬᠡᠪᠴᠢᠶᠡᠨ ᠤ ᠲᠤᠤᠷᠵᠢᠭᠤᠯᠤᠯᠳᠠ ᠶᠢᠨ ᠵᠠᠰᠠᠯᠳᠠ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃      ︵ᠬᠤᠶᠠᠷ︶ ᠵᠡᠭᠡᠯᠢ ᠪᠠᠯᠭᠠᠰᠤ ᠪᠠᠶᠢᠩᠭᠤ ᠶᠢᠨ ᠴᠢᠨᠠᠷᠳᠠᠢ ᠬᠠᠮᠢᠶᠠᠷᠤᠯᠳᠠ ᠶᠢᠨ ᠠᠵᠢᠯ ᠢ ᠰᠠᠶᠢᠳᠤᠷ ᠬᠢᠭᠦ ᠭᠡᠷᠡᠭᠳᠡᠢ᠃ ᠨᠡᠶᠢᠭᠡᠮ ᠲᠤᠭᠤᠷᠢᠭ ᠤᠨ ᠠᠵᠢᠯᠳᠡᠠ ᠎ ᠢ ᠪᠤᠯᠪᠠᠰᠤᠷᠠᠭᠤᠯᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠤᠭᠳᠠᠮᠠᠯ ᠬᠤᠭᠤᠴᠠᠭ᠎ᠠ ᠲᠠᠢ ᠪᠠᠷ ᠨᠡᠶᠢᠭᠡᠮ ᠲᠤᠭᠤᠷᠢᠭ ᠤᠨ ᠠᠵᠢᠯᠳᠡᠠ ᠢ ᠪᠤᠯᠪᠠᠰᠤᠷᠠᠭᠤᠯᠤᠨ ᠵᠢᠯᠤᠭᠤᠳᠴᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠨᠢ ᠲᠡᠭᠡᠭᠰᠢᠯᠡᠭᠦᠯᠬᠦ ᠭᠡᠷᠡᠭᠳᠡᠢ᠃ ᠨᠡᠶᠢᠭᠡᠮ ᠲᠤᠭᠤᠷᠢᠭ ᠤᠨ ᠠᠵᠢᠯᠳᠡᠠ ᠤ ᠬᠠᠮᠢᠶᠠᠷᠤᠯᠳᠠ ᠪᠠ ᠬᠢᠨᠠᠠ ᠰᠢᠯᠭᠠᠬᠤ ᠲᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂《ᠴᠢᠩᠱᠠᠨ ᠲᠤᠭᠤᠷᠢᠭ ‍ᠣᠨ‌ᠨᠡᠶᠢᠭᠡᠮ ᠲᠤᠭᠤᠷᠢᠭ ᠤᠨ ᠠᠵᠢᠯᠳᠡᠠ ᠢ ᠰᠢᠯᠭᠠᠨ ᠦᠨᠡᠯᠡᠵᠦ ᠤᠷᠮᠠᠰᠢᠭᠤᠯᠬᠤ ᠠᠷᠭ᠎ᠠ ︵ᠲᠤᠷᠰᠢᠨ ᠭᠡᠷᠡᠭᠵᠢᠭᠦᠯᠬᠦ︶》᠎ ᠶᠢ ᠪᠦᠭᠦ ᠲᠠᠯ᠎ᠠ ᠪᠠᠷ ᠲᠤᠤᠱᠯᠠᠭᠤᠯᠵᠤ᠂ ᠨᠡᠶᠢᠭᠡᠮ ᠲᠤᠭᠤᠷᠢᠭ ᠤᠨ ᠠᠵᠢᠯᠳᠡᠠ ᠢ ᠬᠠᠯᠠᠮᠵᠢᠯᠠᠨ ᠵᠤᠷᠢᠭᠵᠢᠭᠤᠯᠵᠤ᠂ ᠠᠵᠢᠯ ᠦᠢᠯᠡᠰ ᠤᠨ ᠢᠷᠠᠭᠤ ᠠᠯᠳᠠᠷᠳᠤ ᠲᠦᠷᠦᠭᠳᠡᠯ᠂ ᠠᠵᠢᠯ ᠤᠨ ᠪᠠᠶᠢᠷᠢ ᠶᠢᠨ ᠲᠤᠭᠳᠠᠪᠤᠷᠢᠳᠤ ᠴᠢᠨᠠᠷ ᠢ ᠴᠢᠩᠭᠠᠷᠠᠭᠤᠯᠤᠨ᠎ᠠ᠃      ( ᠭᠤᠷᠪᠠ︶ ᠪᠤᠰᠤᠳ ᠬᠠᠮᠢᠶ᠎ᠠ ᠪᠦᠭᠦᠢ ᠨᠢᠭᠡᠴᠡ ᠨᠦᠭᠦᠳ  ᠵᠤᠯᠭᠠᠭᠤᠯᠤᠨ ᠬᠠᠮᠵᠢᠯᠴᠠᠬᠤ ᠠᠵᠢᠯ ᠢ ᠰᠠᠶᠢᠳᠤᠷ ᠬᠢᠨ᠎ᠡ᠃ ᠡᠳ᠋ ᠤᠨ ᠵᠠᠰᠠᠭ ᠤᠨ ᠲᠤᠪᠴᠢᠶ᠎ᠠ ᠪᠡᠯᠡ ᠮᠦᠩᠭᠦᠨ ᠤ ᠪᠠᠳᠤᠯᠠᠭ᠎ᠠ ᠶᠢ ᠬᠠᠷᠢᠭᠤᠴᠠᠵᠤ᠂ ᠨᠡᠶᠢᠭᠡᠮ ᠲᠤᠭᠤᠷᠢᠭ ᠤᠨ ᠠᠵᠢᠯᠳᠡᠠ ᠤ ᠠᠵᠢᠯ ᠤᠨ ᠨᠦᠭᠦᠪᠦᠷᠢ ᠮᠦᠩᠭᠦ ᠪᠤᠯᠤᠨ ᠬᠦᠳᠡᠯᠮᠦᠷᠢ ᠶᠢᠨ ᠬᠦᠯᠦᠰᠦ ᠤᠯᠭᠤᠮᠵᠢ ᠶᠢ ᠦᠨᠡᠨᠭᠦ ᠪᠠᠳᠤᠯᠠᠬᠤ ᠭᠡᠷᠡᠭᠳᠡᠢ᠃ ᠲᠤᠤᠷᠵᠢᠭᠤᠯᠤᠯᠳᠠ ᠶᠢᠨ ᠪᠠᠶᠢᠩᠭᠤᠵᠢᠭᠤᠯᠤᠨ ᠦᠢᠯᠡᠴᠢᠯᠡᠵᠦ ᠬᠠᠮᠢᠶᠠᠷᠬᠤ ᠪᠠᠶᠢᠭᠤᠯᠭ᠎ᠠ 《ᠬᠦᠮᠦᠨ ᠨᠢ ᠤᠴᠢᠷ ᠶᠠᠪᠤᠳᠠᠯ ᠢᠶᠠᠨ ᠲᠠᠭᠠᠵᠤ᠂ ᠵᠠᠷᠤᠳᠠᠯ ᠢ ᠤᠴᠢᠷ ᠶᠠᠪᠤᠳᠠᠯ ᠲᠠᠢ ᠨᠢ ᠰᠢᠯᠵᠢᠭᠦᠯᠬᠦ》ᠵᠠᠷᠴᠢᠮ ᠶᠤᠰᠤᠭᠠᠷ᠂ ᠲᠤᠰ ᠰᠠᠯᠠᠭ᠎ᠠ ᠮᠦᠴᠢᠷ ᠤᠨ ᠠᠵᠢᠯᠳᠠᠨ ᠢ ᠲᠤᠷᠤᠭᠰᠢ ᠪᠠᠭᠤᠯᠭᠠᠵᠤ᠂ ᠠᠵᠢᠯ ᠪᠠ ᠵᠠᠷᠤᠳᠠᠯ ᠢ ᠶᠡᠷᠦᠩᠭᠡᠢ ᠳᠤᠨᠢ ᠲᠦᠯᠦᠪᠯᠡᠬᠦ ᠶᠢ ᠲᠦᠯᠬᠢᠨ ᠠᠬᠢᠭᠤᠯᠵᠤ᠂ ᠲᠤᠰᠬᠠᠢ ᠬᠦᠮᠦᠨ ᠲᠤᠭᠳᠠᠭᠠᠵᠤ᠂ ᠲᠤᠤᠷᠵᠢᠭᠤᠯᠤᠯᠳᠠ ᠶᠢᠨ ᠠᠵᠢᠯᠳᠠᠨ ᠳᠤ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠬᠢᠵᠦ᠂ ᠠᠵᠢᠯ ᠤᠨ ᠬᠤᠯᠪᠤᠯᠳᠤᠯ ᠢ ᠴᠢᠩᠭᠠᠳᠬᠠᠨ᠎ᠠ᠃ ᠲᠤᠤᠷᠵᠢᠭᠤᠯᠤᠯᠳᠠ ᠶᠢᠨ ᠪᠠᠶᠢᠩᠭᠤ ᠶᠢᠨ ᠴᠢᠨᠠᠷᠳᠠᠢ ᠦᠢᠯᠡᠴᠢᠯᠡᠭᠡᠨ ᠤ ᠬᠠᠮᠢᠶᠠᠷᠤᠯᠳᠠ ᠳᠤ ᠤᠷᠤᠭᠤᠯᠬᠤ ᠴᠢᠬᠤᠯᠠᠳᠠᠢ ᠵᠦᠢᠯᠡᠰ ᠢ《ᠴᠢᠩᠱᠠᠨ ᠲᠤᠭᠤᠷᠢᠭ ᠨᠡᠶᠢᠭᠡᠮ ᠲᠤᠭᠤᠷᠢᠭ ᠤᠨ ᠠᠵᠢᠯ ᠤᠨ ᠵᠦᠢᠯᠡᠰ ᠤᠨ ᠭᠠᠷᠴᠠᠭ ᠢ ᠦᠭᠡᠷᠡᠴᠢᠯᠡᠨ ᠰᠠᠶᠢᠵᠢᠷᠠᠭᠤᠯᠬᠤ ᠪᠠ ᠵᠢᠷᠤᠮᠵᠢᠭᠤᠯᠬᠤ ᠲᠤᠬᠠᠢ ᠭᠡᠷᠡᠭᠵᠢᠭᠦᠯᠬᠦ ᠲᠦᠰᠦᠯ》᠎ ᠤᠨ ᠶᠤᠰᠤᠭᠠᠷ᠂ ᠨᠡᠶᠢᠭᠡᠮ ᠲᠤᠭᠤᠷᠢᠭ ᠤᠨ ᠭᠡᠷᠡᠭ ᠶᠠᠪᠤᠳᠠᠯ ᠢ ᠵᠦᠪᠰᠢᠶᠡᠷᠡᠨ ᠤᠷᠤᠭᠤᠯᠤᠨ᠎ᠠ᠃                                            ᠤᠷᠴᠢᠭᠤᠯᠤᠭᠴᠢ᠄ ᠠᠯᠢᠮ᠎ᠠ                                            ᠬᠢᠨᠠᠭᠴᠢ᠄ ᠪᠠᠢ ᠢᠦᠢ ᠰᠢᠶᠠ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号