9 ᠰᠠᠷ᠎ᠠ ᠶᠢᠨ 20 ᠤ ᠡᠳᠦᠷ᠂ ᠪᠦᠬᠦ ᠲᠤᠭᠤᠷᠢᠭ ᠤᠨ ᠭᠤᠤᠯᠳᠠᠯᠭᠠᠳᠤ ᠲᠦᠷᠦᠯ ᠵᠦᠢᠯ ᠤᠨ ᠪᠦᠳᠦᠭᠡᠨ | ᠪᠠᠶᠢᠭᠤᠯᠤᠯᠳᠠ ᠶᠢ ᠲᠤᠭᠢᠷᠠᠭᠤᠯᠤᠨ ᠠᠬᠢᠭᠤᠯᠬᠤ ᠬᠤᠷᠠᠯ ᠬᠤᠷᠠᠯᠳᠤᠵᠤ᠂ ᠲᠤᠭᠤᠷᠢᠭ ᠤᠨ ᠨᠠᠮ ᠤᠨ ᠬᠤᠷᠢᠶᠠᠨ ᠤ | ᠱᠦᠵᠢ ᠳ᠋ᠢᠩ ᠺᠠᠢ ᠬᠤᠷᠠᠯ ᠢ ᠡᠷᠬᠢᠯᠡᠵᠦ ᠶᠠᠷᠢᠶ᠎ᠠ ᠲᠠᠯᠪᠢᠵᠠᠢ᠃ ᠨᠠᠮ ᠤᠨ ᠬᠤᠷᠢᠶᠠᠨ ᠤ ᠲᠡᠳ᠋ ᠱᠦᠵᠢ ᠵᠠᠰᠠᠭ ᠤᠨ | ᠤᠷᠳᠤᠨ ᠤ ᠲᠠᠷᠤᠭ᠎ᠠ ᠪᠠᠢ ᠶᠦᠨ ᠰᠢ ᠬᠤᠷᠠᠯ ᠳᠤ ᠶᠠᠷᠢᠶ᠎ᠠ ᠲᠠᠯᠪᠢᠪᠠ᠃ ᠲᠤᠭᠤᠷᠢᠭ ᠤᠨ ᠲᠦᠷᠪᠡᠨ ᠢᠵᠢ | ᠤᠳᠤᠷᠢᠳᠬᠤ ᠪᠠᠭ ᠤᠨ ᠬᠠᠷᠢᠭᠤᠴᠠᠯᠭᠠᠳᠠᠨ ᠨᠦᠭᠦᠳ ᠵᠢᠴᠢ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ | ᠪᠠᠶᠢᠭᠤᠯᠭ᠎ᠠ᠂ ᠭᠤᠤᠯᠳᠠᠯᠭᠠᠳᠤ ᠲᠦᠷᠦᠯ ᠵᠦᠢᠯ ᠤᠨ ᠠᠵᠢᠯ ᠤᠨ ᠲᠤᠰᠬᠠᠢ ᠠᠩᠬᠢ ᠶᠢᠨ ᠭᠤᠤᠯ ᠬᠠᠷᠢᠭᠤᠴᠠᠯᠭᠠᠳᠠᠳ | ᠬᠤᠷᠠᠯ ᠳᠤ ᠤᠷᠤᠯᠴᠠᠭᠰᠠᠨ ᠪᠠᠶᠢᠨ᠎ᠠ᠃ | ᠬᠤᠷᠠᠯ ᠠᠴᠠ ᠪᠦᠭᠦ ᠲᠤᠭᠤᠷᠢᠭ ᠤᠨ ᠬᠤᠳᠠᠯᠳᠤᠭ᠎ᠠ ᠤᠷᠢᠵᠤ ᠪᠡᠯᠡ ᠤᠷᠤᠭᠤᠯᠬᠤ ᠠᠵᠢᠯ ᠤᠨ ᠠᠬᠢᠴᠠ ᠶᠢᠨ | ᠪᠠᠶᠢᠳᠠᠯ᠂ ᠬᠦᠷᠢᠶᠡᠯᠡᠩ ᠲᠤᠭᠤᠷᠢᠭ ᠤᠨ ᠭᠤᠤᠯᠳᠠᠯᠭᠠᠳᠤ ᠲᠦᠷᠦᠯ ᠵᠦᠢᠯ ᠢ ᠲᠦᠯᠬᠢᠨ ᠠᠬᠢᠭᠤᠯᠤᠭᠰᠠᠨ ᠪᠠᠶᠢᠳᠠᠯ ᠪᠡ | ᠪᠦᠬᠦ ᠲᠤᠭᠤᠷᠢᠭ ᠤᠨ ᠭᠤᠤᠯᠳᠠᠯᠭᠠᠳᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠪᠠᠲ᠋ᠦ᠋ᠯᠬᠢᠨ | ᠠᠬᠢᠭᠤᠯᠤᠭᠰᠠᠨ ᠪᠠᠶᠢᠳᠠᠯ ᠤᠨ ᠲᠤᠬᠠᠢ ᠰᠤᠨᠤᠰᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠭᠤᠤᠯᠳᠠᠯᠭᠠᠳᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ | ᠪᠤᠯ ᠴᠢᠩᠱᠠᠨ ᠲᠤᠭᠤᠷᠢᠭ ᠤᠨ ᠴᠢᠨᠠᠷ ᠰᠠᠶᠢᠳᠠᠢ ᠬᠦᠭᠵᠢᠯᠳᠡ ᠶᠢᠨ《 ᠴᠢᠩᠭ᠎ᠠ ᠲᠠᠳᠠᠬᠤ ᠬᠦᠴᠦᠨ》᠂ ᠭᠠᠵᠠᠷ | ᠤᠷᠤᠨ ᠤ ᠠᠵᠤ ᠠᠬᠤᠢ ᠶᠢᠨ ᠬᠦᠭᠵᠢᠯᠳᠡ ᠶᠢᠨ《 ᠬᠠᠳᠠᠭᠤ ᠲᠤᠯᠭᠠᠭᠤᠷᠢ》᠂ ᠮᠦᠨ ᠴᠦ ᠢᠷᠡᠭᠡᠳᠦᠢ ᠶᠢᠨ ᠮᠠᠨ | ᠤ ᠲᠤᠭᠤᠷᠢᠭ ᠤᠨ ᠴᠢᠨᠠᠷ ᠰᠠᠶᠢᠳᠠᠢ ᠬᠦᠭᠵᠢᠯᠳᠡ ᠳᠤ ᠨᠡᠩ ᠦᠨᠳᠦᠷ ᠬᠤᠪᠢ ᠤᠯᠬᠤ《 ᠭᠤᠤᠯ | ᠭᠠᠷᠳᠠᠴᠠ》ᠪᠤᠯᠤᠨ᠎ᠠ᠂ ᠪᠦᠬᠦ ᠲᠤᠭᠤᠷᠢᠭ ᠢᠶᠠᠷ ᠢᠶᠠᠨ ᠪᠠᠴᠢᠮ ᠲᠤᠯᠭᠠᠮ᠎ᠠ ᠰᠡᠳᠬᠢᠯᠭᠡ᠂ ᠬᠠᠷᠢᠭᠤᠴᠠᠯᠭᠠᠳᠤ ᠰᠡᠳᠭᠢᠯᠭᠡ | ᠪᠡ ᠡᠭᠦᠷᠭᠡᠳᠦ ᠰᠡᠳᠭᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂《 ᠬᠤᠶᠠᠷ ᠰᠢᠨ᠎ᠡ》ᠠᠵᠢᠯᠯᠠᠭ᠎ᠠ ᠶᠢᠨ | ᠤᠳᠤᠷᠢᠳᠤᠮᠵᠢ ᠶᠢ ᠪᠠᠳᠤᠵᠢᠭᠤᠯᠵᠤ᠂ ᠨᠡᠮᠡᠭᠳᠡᠯ ᠤᠨ ᠤᠬᠠᠮᠰᠠᠷ ᠢᠶᠠᠨ ᠴᠢᠩᠭᠠᠷᠠᠭᠤᠯᠤᠨ᠂ ᠭᠤᠤᠯᠳᠠᠯᠭᠠᠳᠤ ᠲᠦᠷᠦᠯ | ᠵᠦᠢᠯ ᠢ ᠦᠨᠡᠨᠬᠦ ᠪᠤᠳᠠᠳᠠᠢ ᠠᠳᠬᠤᠬᠤ ᠭᠡᠷᠡᠭᠳᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠤᠳᠠᠳᠤ ᠦᠷ᠎ᠡ ᠪᠦᠳᠦᠮᠵᠢ ᠶᠢ ᠲᠤᠪᠤᠶᠢᠯᠭᠠᠨ᠂ ᠨᠠᠶᠢᠳᠠᠪᠤᠷᠢᠵᠢᠭᠤᠯᠤᠯᠳᠠ | ᠶᠢ ᠠᠳᠬᠤᠵᠤ᠂《 ᠪᠤᠳᠠᠳᠠᠢ ᠶᠢ ᠠᠳᠬᠤᠵᠤ ᠠᠵᠢᠯ ᠪᠦᠳᠦᠭᠦ》 ᠶᠢ ᠰᠢᠯᠭᠠᠨ ᠪᠠᠶᠢᠴᠠᠭᠠᠬᠤ ᠬᠡᠮᠵᠢᠭᠦᠷ ᠪᠤᠯᠭᠠᠵᠤ᠂ | ᠦᠨᠳᠦᠷ ᠪᠠᠷᠢᠮᠵᠢᠶ᠎ᠠ ᠪᠠᠷ ᠲᠦᠷᠭᠡᠨ ᠲᠦᠯᠦᠪᠵᠢᠭᠦᠯᠵᠦ᠂ ᠲᠦᠷᠭᠡᠨ ᠭᠠᠷᠳᠠᠵᠤ᠂ ᠲᠦᠷᠭᠡᠨ ᠬᠡᠷᠡᠭᠵᠢᠬᠦᠯᠵᠦ᠂ | ᠬᠤᠳᠠᠯᠳᠤᠭ᠎ᠠ ᠤᠷᠢᠬᠤ᠂ ᠠᠷᠠᠯᠵᠢᠶᠠᠴᠢᠨ ᠤᠷᠢᠬᠤ᠂ ᠠᠵᠢᠯ ᠡᠬᠢᠯᠡᠭᠦᠯᠬᠦ᠂ ᠦᠢᠯᠡᠳᠪᠦᠷᠢᠯᠡᠯ ᠳᠤ ᠤᠷᠤᠭᠤᠯᠬᠤ᠂ ᠨᠢᠭᠡᠳᠦᠯ | ᠳᠤ ᠤᠷᠤᠭᠤᠯᠬᠤ ᠶᠢ ᠦᠨᠡᠨ ᠬᠦ ᠠᠳᠬᠤᠵᠤ᠂ ᠦᠨᠡᠨᠬᠦ ᠠᠳᠬᠤᠵᠦ ᠪᠤᠳᠠᠳᠠᠢ ᠪᠠᠷ ᠠᠵᠢᠯᠯᠠᠬᠤ ᠳᠤ ᠲᠦᠰᠢᠭᠯᠡᠨ ᠨᠡᠩ | ᠤᠯᠠᠨ ᠰᠢᠨ᠎ᠡ ᠠᠵᠤ ᠠᠬᠤᠢ ᠶᠢᠨ ᠨᠡᠮᠡᠭᠳᠡᠯ ᠤᠨ ᠴᠡᠭ ᠢ ᠪᠤᠶᠢᠵᠢᠭᠤᠯᠤᠨ᠎ᠠ᠃ ᠠᠰᠠᠭᠤᠳᠠᠯ ᠳᠤ ᠴᠢᠭᠯᠡᠭᠦᠯᠦᠨ | ᠨᠠᠶᠢᠳᠠᠪᠤᠷᠢᠵᠢᠭᠤᠯᠬᠤ ᠶᠢ ᠠᠳᠬᠤᠵᠤ᠂ ᠭᠤᠤᠯᠳᠠᠯᠭᠠᠳᠤ ᠠᠵᠤ ᠠᠬᠤᠶᠢᠯᠠᠯ᠂ ᠭᠤᠤᠯᠳᠠᠯᠭᠠᠳᠤ ᠲᠦᠷᠦᠯ ᠵᠦᠢᠯ ᠢ | ᠲᠤᠭᠳᠠᠭᠠᠵᠤ᠂ ᠬᠠᠷᠠᠯᠳᠠ᠂ ᠠᠷᠭ᠎ᠠ ᠬᠡᠮᠵᠢᠶ᠎ᠡ᠂ ᠴᠠᠭ ᠬᠤᠭᠤᠴᠠᠭ᠎ᠠ ᠪᠠᠨ ᠲᠤᠳᠤᠷᠠᠭᠤᠯᠵᠤ᠂ ᠨᠦᠭᠦᠴᠡᠯ ᠪᠦᠷᠢᠳᠦᠭᠰᠡᠨ | ᠲᠦᠷᠦᠯ ᠵᠦᠢᠯ ᠢ ᠠᠰᠢᠭᠯᠠᠯᠳᠠ ᠳᠤ ᠤᠷᠤᠭᠤᠯᠬᠤ ᠶᠢ ᠲᠦᠯᠬᠢᠨ ᠠᠬᠢᠭᠤᠯᠵᠤ᠂ ᠡᠷᠳᠡᠭᠡᠨ ᠦᠷ᠎ᠡ ᠪᠦᠳᠦᠮᠵᠢ | ᠭᠠᠷᠭᠠᠬᠤ ᠪᠠᠷ ᠴᠢᠷᠮᠠᠶᠢᠨ᠎ᠠ᠃ ᠭᠡᠪᠴᠢᠶᠡᠵᠢᠯ ᠠᠴᠠ ᠲᠠᠪᠠᠭᠰᠠᠨ ᠠᠵᠤ ᠠᠬᠤᠶᠢᠯᠠᠯ ᠢ ᠴᠢᠩᠭ᠎ᠠ ᠠᠳᠬᠤᠬᠤ ᠪᠦᠭᠡᠳ | ᠲᠦᠷᠭᠡᠨ ᠠᠳᠬᠤᠵᠤ᠂ ᠡᠳᠦᠷ ᠲᠤᠳᠤᠮ ᠤᠨ ᠲᠤᠭᠢᠷᠠᠭᠤᠯᠤᠳᠠ ᠪᠠᠨ ᠴᠢᠩᠭᠠᠳᠬᠠᠵᠤ᠂ ᠦᠢᠯᠡᠴᠢᠯᠡᠭᠡᠨ ᠤ ᠪᠠᠳᠤᠯᠠᠭ᠎ᠠ | ᠶᠢ ᠪᠦᠬᠦ ᠲᠠᠯ᠎ᠠ ᠪᠠᠷ ᠰᠠᠶᠢᠳᠤᠷ ᠬᠢᠨ᠎ᠠ᠃ ᠡᠭᠦᠷᠭᠡ ᠬᠠᠷᠢᠭᠤᠴᠠᠯᠭ᠎ᠠ ᠪᠠᠨ ᠲᠤᠪᠤᠶᠢᠯᠭᠠᠨ ᠨᠠᠶᠢᠳᠠᠪᠤᠷᠢᠵᠢᠭᠤᠯᠬᠤ ᠶᠢ | ᠠᠳᠬᠤᠵᠤ᠂ ᠲᠤᠭᠤᠷᠢᠭ ᠤᠨ ᠲᠡᠰ ᠤᠨ ᠤᠳᠤᠷᠢᠳᠤᠯᠭ᠎ᠠ ᠲᠦᠷᠦᠭᠦᠯᠡᠨ ᠦᠯᠢᠭᠡᠷ ᠲᠠᠭᠤᠷᠢᠶᠠᠯ ᠪᠤᠯᠵᠤ᠂ ᠡᠯ᠎ᠡ ᠹᠷᠤᠨᠲ᠂ | ᠡᠯ᠎ᠡ ᠰᠠᠯᠠᠭ᠎ᠠ ᠮᠦᠴᠢᠷ ᠤᠨ ᠠᠵᠤ ᠠᠬᠤᠢ ᠶᠢᠨ ᠬᠦᠭᠵᠢᠯᠳᠡ ᠶᠢ ᠴᠢᠩᠭᠠᠳᠬᠠᠬᠤ ᠶᠢ ᠲᠠᠶᠢᠴᠢᠯᠠᠨ ᠲᠠᠭᠠᠭᠤᠯᠵᠤ᠂ | ᠠᠵᠢᠯ ᠤᠨ ᠬᠠᠷᠢᠭᠤᠴᠠᠯᠭ᠎ᠠ ᠶᠢ ᠪᠤᠳᠠᠳᠠᠶᠢᠵᠢᠭᠤᠯᠵᠤ᠂ ᠤᠴᠢᠷ ᠶᠠᠪᠤᠳᠠᠯ ᠢ ᠦᠨᠡᠨᠬᠦ ᠰᠠᠶᠢᠳᠤᠷ ᠬᠢᠭᠦ ᠶᠢᠨ ᠬᠠᠮᠳᠤ | ᠪᠤᠳᠠᠳᠤ ᠦᠷ᠎ᠡ ᠪᠦᠳᠦᠮᠵᠢ ᠭᠠᠷᠭᠠᠯᠭᠠᠬᠤ ᠭᠡᠷᠡᠭᠳᠡᠢ᠃ ᠡᠯ᠎ᠡ ᠬᠠᠷᠢᠭᠤᠴᠠᠯᠭᠠᠳᠤ ᠪᠠᠶᠢᠭᠤᠯᠭ᠎ᠠ ᠨᠢᠭᠡᠴᠡ ᠡᠯ᠎ᠡ ᠬᠠᠷᠠᠯᠳᠠ | ᠡᠭᠦᠷᠭᠡ ᠲᠠᠢ ᠪᠠᠨ ᠬᠢᠨᠠᠮᠠᠭᠠᠢ ᠬᠠᠷᠢᠴᠠᠭᠤᠯᠤᠨ ᠲᠠᠬᠢᠨ ᠵᠠᠳᠠᠯᠤᠯᠳᠠ ᠬᠢᠵᠤ᠂ ᠠᠷᠭ᠎ᠠ ᠬᠡᠮᠵᠢᠶ᠎ᠡ ᠪᠠᠨ ᠲᠠᠬᠢᠨ | ᠨᠠᠷᠢᠯᠢᠭᠵᠢᠭᠤᠯᠵᠤ᠂ ᠠᠵᠢᠯ ᠤᠨ ᠢᠶᠠᠨ ᠦᠨᠳᠦᠷ ᠶᠠᠰᠤ ᠴᠢᠨᠠᠷᠳᠠᠢ ᠪᠠᠷ ᠨᠠᠶᠢᠳᠠᠪᠤᠷᠢᠵᠢᠭᠤᠯᠬᠤ ᠶᠢ ᠲᠦᠯᠬᠢᠨ | ᠠᠬᠢᠭᠤᠯᠵᠤ᠂ ᠭᠤᠤᠯᠳᠠᠯᠭᠠᠳᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠶᠠᠰᠤ ᠴᠢᠨᠠᠷ᠂ ᠬᠤᠷᠳᠤᠴᠠ᠂ | ᠦᠷ᠎ᠡ ᠪᠦᠳᠦᠮᠵᠢ ᠶᠢ ᠪᠦᠬᠦᠨ ᠢ ᠲᠡᠭᠡᠭᠰᠢᠯᠡᠭᠦᠯᠬᠦ ᠶᠢ ᠦᠨᠡᠨ ᠬᠦ ᠪᠠᠳᠤᠯᠠᠨ᠎ᠠ᠃ | | | ᠨᠠᠶᠢᠷᠠᠭᠤᠯᠤᠭᠴᠢ᠄ ᠠᠯᠢᠮ᠎ᠠ | ᠬᠢᠨᠠᠭᠴᠢ᠄ ᠪᠠᠢ ᠢᠦᠢ ᠰᠢᠶᠠ | | | | | | | |