ᠠᠮᠤᠷ ᠲᠦᠪᠰᠢᠨ ᠴᠡᠪᠡᠷ ᠲᠡᠭᠰᠢ ᠤᠷᠤᠨ ᠰᠠᠭᠤᠴᠠ ᠶᠢᠨ ᠤᠷᠴᠢᠨ ᠲᠤᠭᠤᠷᠢᠨ ᠢ ᠪᠤᠢ ᠪᠤᠯᠭᠠᠵᠤ᠂ ᠰᠠᠭᠤᠭᠠᠯᠢ | ᠠᠷᠠᠳ ᠤᠨ ᠲᠤᠭᠤᠷᠢᠭ ᠤᠨ《ᠤᠭᠳᠠᠷᠭᠤᠢ ᠶᠢᠨ ᠲᠤᠮᠳᠠᠬᠢ ᠬᠠᠶᠠᠯᠳᠠ ᠤᠳᠠᠰᠤ》 ᠶᠢᠨ ᠠᠮᠤᠷ ᠲᠦᠪᠰᠢᠨ ᠤ | ᠲᠠᠯᠳᠠ ᠬᠡᠮ ᠢ ᠡᠷᠡᠰ ᠬᠤᠷᠢᠭᠯᠠᠬᠤ ᠶᠢᠨ ᠲᠦᠯᠦᠭᠡ᠂ ᠯᠢᠦ ᠾᠧ ᠼᠧᠩ ᠨᠡᠶᠢᠭᠡᠮ ᠲᠤᠭᠤᠷᠢᠭ ᠤᠨ ᠨᠠᠮ ᠤᠨ ᠬᠤᠷᠢᠶ᠎ᠠ | ᠦᠪᠦᠷ ᠮᠤᠩᠭᠤᠯ ᠤᠨ ᠲᠢᠶᠠᠨ ᠰᠧᠨ ᠪᠠᠷᠢᠯᠭ᠎ᠠ ᠶᠢᠨ ᠬᠦᠳᠡᠯᠮᠦᠷᠢ ᠶᠢᠨ ᠬᠢᠵᠠᠭᠠᠷᠳᠤ ᠺᠤᠮᠫᠠᠨᠢ ᠲᠠᠢ | ᠬᠤᠯᠪᠤᠭᠠᠯᠠᠨ《ᠠᠵᠤ ᠠᠬᠤᠶᠢᠯᠠᠯ ᠠᠴᠠ ᠭᠡᠷᠡᠭᠴᠡᠭᠡ ᠱᠠᠭᠠᠷᠳᠠᠯᠭ᠎ᠠ ᠠᠰᠠᠭᠤᠬᠤ᠂ ᠰᠠᠭᠤᠭᠠᠯᠢ ᠠᠷᠠᠳ ᠠᠴᠠ ᠬᠦᠰᠡᠯ | ᠱᠠᠭᠠᠷᠳᠠᠯᠭ᠎ᠠ ᠠᠰᠠᠭᠤᠬᠤ》ᠬᠡᠭᠦ ᠲᠤᠰᠬᠠᠢ ᠠᠵᠢᠯᠯᠠᠭ᠎ᠠ ᠦᠷᠨᠢᠭᠦᠯᠪᠡ᠃ | | | | ᠲᠤᠰᠬᠠᠢ ᠮᠡᠷᠭᠡᠵᠢᠯ ᠤᠨ ᠠᠵᠢᠯᠳᠠᠳ ᠭᠡᠷ ᠤᠨ ᠰᠠᠷᠠᠪᠴᠢᠨ ᠳᠤ ᠡᠯᠭᠦᠭᠡᠰᠦᠳᠡᠢ ᠴᠠᠬᠢᠯᠭᠠᠨ ᠤᠳᠠᠰᠤ ᠤᠳ ᠢ | ᠴᠢᠩᠭ᠎ᠠ ᠲᠠᠳᠠᠨ ᠤᠶᠠᠵᠤ᠂ 30 ᠭᠠᠷᠤᠢ ᠵᠤᠷᠪᠤᠰ ᠴᠠᠬᠢᠯᠭᠠᠨ ᠤᠳᠠᠰᠤᠨ ᠤ ᠬᠡᠯᠬᠢᠶ᠎ᠡ ᠶᠢ ᠨᠡᠶᠢᠯᠡᠭᠦᠯᠵᠦ᠂ | 《ᠤᠭᠳᠠᠷᠭᠤᠢ ᠶᠢᠨ ᠲᠤᠮᠳᠠᠬᠢ ᠬᠠᠶᠠᠯᠳᠠ ᠤᠳᠠᠰᠤ》 ᠶᠢᠨ ᠠᠮᠤᠷ ᠲᠦᠪᠰᠢᠨ ᠤ ᠲᠠᠯᠳᠠ ᠭᠡᠮ ᠢ ᠠᠷᠢᠯᠭᠠᠭᠰᠠᠨ | ᠪᠠᠶᠢᠨ᠎ᠠ᠃ ᠲᠤᠰᠬᠠᠢ ᠠᠵᠯᠯᠠᠭᠠᠨ ᠤ ᠲᠠᠷᠠᠭ᠎ᠠ᠂ ᠰᠠᠭᠤᠭᠠᠯᠢ ᠲᠤᠭᠤᠷᠢᠭ ᠤᠨ ᠴᠠᠬᠢᠯᠭᠠᠨ ᠤᠳᠠᠰᠤᠨ ᠤ ᠬᠡᠯᠬᠢᠶᠡᠨ ᠤ | ᠲᠡᠮᠳᠡᠭ ᠲᠤᠳᠤᠷᠬᠠᠢ᠂ ᠪᠠᠳᠤ ᠪᠠᠬᠢ ᠠᠮᠤᠷ ᠲᠦᠪᠰᠢᠨ᠂ ᠡᠮᠬᠢ ᠲᠢᠭᠯᠢᠮ ᠲᠠᠢ ᠪᠠᠶᠢᠵᠤ᠂ ᠰᠠᠭᠤᠭᠠᠯᠢ ᠲᠤᠭᠤᠷᠢᠭ ᠤᠨ | ᠤᠷᠴᠢᠨ ᠲᠤᠭᠤᠷᠢᠨ ᠪᠠ ᠠᠮᠤᠷ ᠲᠦᠪᠰᠢᠨ ᠢ ᠲᠡᠭᠡᠭᠰᠢᠯᠡᠬᠦᠯᠵᠡᠢ᠃ | | | | ᠲᠠᠷᠠᠭᠠᠴᠢ ᠶᠢᠨ ᠠᠯᠬᠤᠮ ᠳᠤ᠂ ᠯᠢᠦ ᠾᠧ ᠼᠧᠩ ᠨᠡᠶᠢᠭᠡᠮ ᠲᠤᠭᠤᠷᠢᠭ ᠤᠨ ᠨᠠᠮ ᠤᠨ ᠬᠤᠷᠢᠶ᠎ᠠ | ᠦᠷᠭᠦᠯᠵᠢᠯᠡᠨ ᠬᠠᠮᠢᠶ᠎ᠠ ᠪᠦᠬᠦᠢ ᠪᠠᠶᠢᠭᠤᠯᠭ᠎ᠠ ᠲᠠᠢ ᠬᠤᠯᠪᠤᠭᠠᠯᠠᠨ ᠠᠮᠤᠷ ᠲᠦᠪᠰᠢᠨ ᠢᠶᠠᠷ ᠴᠠᠬᠢᠯᠭᠠᠨ ᠭᠡᠷᠡᠭᠯᠡᠬᠦ | ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠵᠦ᠂ ᠤᠯᠠᠨ ᠲᠦᠮᠡᠨ ᠤ ᠬᠠᠤᠯᠢ ᠰᠠᠬᠢᠬᠤ ᠤᠬᠠᠮᠰᠠᠷ ᠪᠠ ᠠᠮᠤᠷ ᠲᠦᠪᠰᠢᠨ | ᠢᠶᠠᠷ ᠴᠠᠬᠢᠯᠭᠠᠨ ᠭᠡᠷᠡᠭᠯᠡᠬᠦ ᠤᠬᠠᠮᠰᠠᠷ ᠢ ᠲᠡᠭᠡᠭᠰᠢᠯᠡᠬᠦᠯᠦᠨ᠂ ᠡᠳᠦᠷ ᠲᠤᠳᠤᠮ ᠤᠨ ᠲᠤᠭᠤᠷᠢᠨ ᠪᠠᠶᠢᠴᠠᠭᠠᠯᠳᠠ ᠪᠠ | ᠵᠠᠰᠠᠨ ᠬᠠᠮᠢᠶᠠᠷᠤᠯᠳᠠ ᠪᠠᠨ ᠴᠢᠩᠭᠠᠳᠬᠠᠨ᠂ ᠬᠠᠷᠢᠶᠠᠳᠤ ᠤᠷᠤᠨ ᠤ ᠬᠠᠭᠤᠴᠢᠨ ᠲᠤᠭᠤᠷᠢᠭ ᠤᠨ ᠠᠮᠤᠷ ᠲᠦᠪᠰᠢᠨ ᠤ | ᠲᠠᠯᠳᠠ ᠬᠡᠮ ᠢ ᠠᠯᠬᠤᠮ ᠠᠯᠬᠤᠮ ᠢᠶᠠᠷ ᠠᠷᠢᠯᠭᠠᠨ᠂ ᠠᠷᠠᠳ ᠲᠦᠮᠡᠨ ᠤ ᠤᠷᠤᠨ ᠰᠠᠭᠤᠴᠠ ᠶᠢᠨ ᠬᠠᠨᠤᠮᠵᠢ ᠶᠢᠨ | ᠬᠡᠮᠵᠢᠶ᠎ᠡ ᠶᠢ ᠲᠠᠰᠤᠷᠠᠯᠳᠠ ᠦᠭᠡᠢ ᠲᠡᠭᠡᠭᠰᠢᠯᠡᠭᠦᠯᠦᠨ᠎ᠡ᠃ | | ᠨᠠᠶᠢᠷᠠᠭᠤᠯᠤᠭᠴᠢ᠄ ᠠᠯᠢᠮ᠎ᠠ | ᠬᠢᠨᠠᠭᠴᠢ᠄ ᠪᠠᠢ ᠢᠦᠢ ᠰᠢᠶᠠ | |