ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ 2022 ᠤᠨ ᠤ 14 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/25
      9 ᠰᠠᠷ᠎ᠠ ᠶᠢᠨ 22 ᠤ ᠡᠳᠦᠷ᠂ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠡᠳ᠋ ᠤᠨ ᠵᠠᠰᠠᠭ ᠠᠴᠠ ᠪᠤᠭᠤᠳᠤ ᠬᠤᠳᠠ ᠶᠢᠨ 2022 ᠤᠨ ᠤ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠲᠠᠭᠠᠳᠬᠠᠯ ᠤᠨ ᠴᠢᠩᠱᠠᠨ ᠲᠤᠭᠤᠷᠢᠭ ᠤᠨ ᠤᠨᠴᠠᠭᠠᠢ ᠪᠦᠯᠦᠭᠳᠡᠳ ᠲᠤ ᠭᠡᠰᠡᠭ ᠰᠦᠢᠳᠭᠡᠯ ᠢ ᠨᠦᠬᠦᠪᠦᠷᠢᠯᠡᠨ ᠲᠤᠰᠢᠶᠠᠬᠤ ᠠᠵᠢᠯ ᠵᠢᠴᠢ ᠴᠢᠩᠱᠠᠨ ᠴᠡᠴᠡᠷᠯᠢᠭ᠂ ᠪᠦᠯᠭᠦᠮᠳᠡᠯ ᠲᠠᠯᠠᠪᠠᠢ ᠶᠢᠨ ᠪᠡᠶ᠎ᠡ ᠴᠢᠬᠢᠷᠠᠭᠵᠢᠭᠤᠯᠬᠤ ᠶᠠᠪᠠᠭᠠᠨ ᠵᠠᠮ ᠤᠨ ᠲᠦᠷᠦᠯ ᠵᠦᠢᠯ ᠢ ᠭᠡᠷᠡᠭᠵᠢᠭᠦᠯᠬᠦ ᠵᠡᠷᠭᠡ ᠬᠤᠯᠪᠤᠭᠳᠠᠯ ᠪᠦᠬᠦᠢ ᠵᠦᠯᠡᠰ ᠢ ᠰᠤᠳᠤᠯᠵᠠᠢ᠃ ᠲᠤᠭᠤᠷᠢᠭ ᠤᠨ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠤᠷᠳᠤᠨ ᠤ ᠲᠠᠷᠤᠭ᠎ᠠ ᠪᠠᠢ ᠶᠦᠨ ᠰᠢ ᠬᠤᠷᠠᠯ ᠢ ᠡᠷᠬᠢᠯᠡᠪᠡ᠃ ᠲᠤᠭᠤᠷᠢᠭ ᠤᠨ ᠲᠡᠳ᠋ ᠲᠠᠷᠤᠭ᠎ᠠ ᠸᠠᠩ ᠹᠧᠩ ᠴᠢᠶᠠᠩ᠂ ᠯᠢ ᠨᠠ᠂ ᠵᠸᠦ ᠰᠢᠦᠢ ᠯᠢᠶᠠᠩ ᠬᠤᠷᠠᠯ ᠳᠤ ᠤᠷᠤᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠤᠨᠴᠠᠭᠠᠢ ᠪᠦᠯᠦᠭᠳᠡᠳ ᠲᠤ ᠬᠠᠨᠳᠤᠭᠤᠯᠤᠭᠰᠠᠨ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠲᠠᠭᠠᠳᠬᠠᠯ ᠢ ᠡᠳ᠋ ᠤᠨ ᠵᠠᠰᠠᠭ ᠠᠴᠠ ᠬᠡᠰᠡᠭ ᠨᠦᠭᠦᠪᠦᠷᠢ ᠦᠭᠬᠦ ᠠᠵᠢᠯ ᠢ ᠭᠡᠷᠡᠭᠵᠢᠭᠦᠯᠬᠦ ᠨᠢ᠂ ᠮᠠᠨ ᠤ ᠲᠣᠭᠤᠷᠢᠭ ᠤᠨ ᠤᠨᠴᠠᠭᠠᠢ ᠪᠦᠯᠦᠭᠳᠡᠳ ᠤᠨ ᠲᠠᠭᠠᠳᠬᠠᠯ ᠳᠤ ᠤᠷᠤᠯᠴᠠᠬᠤ ᠨᠤᠷᠮ᠎ᠠ ᠶᠢ ᠤᠯᠠᠮ ᠨᠢᠭᠡ ᠠᠯᠬᠤᠮ ᠲᠡᠭᠡᠭᠰᠢᠯᠡᠭᠦᠯᠦᠨ᠂ ᠤᠨᠴᠠᠭᠠᠢ ᠪᠦᠯᠦᠭᠳᠡᠳ ᠤᠨ ᠬᠤᠪᠢ ᠬᠦᠮᠦᠨ ᠤ ᠡᠭᠦᠷᠭᠡᠯᠡᠯ ᠢ ᠬᠦᠩᠭᠡᠷᠡᠭᠦᠯᠬᠦ ᠵᠢᠴᠢ ᠡᠮ ᠡᠮᠨᠡᠯᠭᠡ ᠶᠢᠨ ᠲᠠᠭᠠᠳᠬᠠᠯ ᠤᠨ ᠡᠷᠭᠡ ᠶᠢ ᠪᠠᠳᠤᠯᠠᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ᠃ ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠤᠯᠪᠤᠭᠳᠠᠯ ᠪᠦᠬᠦᠢ ᠪᠠᠶᠢᠭᠤᠯᠭ᠎ᠠ ᠬᠤᠯᠪᠤᠭᠠᠯᠠᠨ ᠬᠦᠳᠡᠯᠦᠯᠴᠡᠬᠦ ᠪᠠᠨ ᠦᠷᠭᠦᠯᠵᠢᠯᠡᠨ ᠴᠢᠩᠭᠠᠳᠬᠠᠵᠤ᠂ ᠤᠨᠴᠠᠭᠠᠢ ᠪᠦᠯᠦᠭᠳᠡᠳ ᠤᠨ ᠲᠠᠭᠠᠳᠬᠠᠯ ᠳᠤ ᠤᠷᠤᠯᠴᠠᠬᠤ ᠰᠠᠭᠤᠷᠢ ᠲᠤᠭ᠎ᠠ ᠶᠢ ᠤᠶᠢᠯᠠᠭᠠᠵᠤ᠂ ᠲᠤᠬᠠᠢ ᠶᠢᠨ ᠬᠦᠮᠦᠨ ᠤ ᠮᠡᠳᠡᠭᠡ ᠵᠠᠩᠭᠢ ᠶᠢ ᠬᠢᠨᠠᠨ ᠬᠠᠷᠭᠤᠭᠤᠯᠵᠤ ᠤᠨᠤᠪᠴᠢᠳᠠᠢ ᠪᠠᠶᠢᠬᠤ ᠶᠢ ᠦᠨᠡᠨᠬᠦ ᠪᠠᠳᠤᠯᠠᠵᠤ᠂ ᠲᠠᠭᠠᠳᠬᠠᠯ ᠳᠤ ᠪᠠᠳᠤᠯᠠᠭᠤᠯᠬᠤ ᠶᠤᠰᠤᠳᠠᠢ ᠤᠨᠴᠠᠭᠠᠢ ᠪᠦᠯᠦᠭᠳᠡᠳ ᠢ ᠴᠦᠮ ᠪᠠᠳᠤᠯᠠᠵᠤ᠂ ᠲᠠᠭᠠᠳᠬᠠᠯ ᠳᠤ ᠤᠷᠤᠯᠴᠠᠬᠤ ᠶᠤᠰᠤᠳᠠᠢ ᠶᠢ ᠪᠦᠬᠦᠨ ᠢ ᠤᠷᠤᠯᠴᠠᠭᠤᠯᠤᠨ᠎ᠠ᠃ ᠠᠵᠢᠯ ᠤᠨ ᠶᠠᠪᠤᠴᠠ ᠪᠠᠨ ᠤᠯᠠᠮ ᠨᠢᠭᠡ ᠠᠯᠬᠤᠮ ᠰᠢᠯᠢᠳᠡᠭᠵᠢᠬᠦᠯᠵᠦ᠂ ᠤᠨᠴᠠᠭᠠᠢ ᠪᠦᠯᠦᠭᠳᠡᠳ ᠤᠨ ᠪᠠᠳᠤᠯᠠᠭ᠎ᠠ ᠶᠢ ᠲᠤᠪᠤᠶᠢᠯᠭᠠᠵᠤ᠂ ᠲᠠᠭᠠᠳᠬᠠᠯ ᠳᠤ ᠤᠷᠤᠯᠴᠠᠬᠤ ᠦᠢᠯᠡᠴᠢᠯᠡᠭᠡ ᠶᠢ ᠨᠠᠷᠢᠨ ᠨᠢᠮᠪᠠᠢ ᠰᠠᠶᠢᠳᠤᠷ ᠬᠢᠵᠦ᠂ ᠲᠠᠭᠠᠳᠬᠠᠯ ᠳᠤ ᠤᠷᠤᠯᠴᠠᠬᠤ᠂ ᠤᠷᠤᠯᠠᠨ ᠲᠤᠰᠢᠶᠠᠬᠤ ᠵᠡᠷᠭᠡ ᠠᠵᠢᠯ ᠢ ᠪᠤᠳᠠᠳᠠᠶᠢᠵᠢᠨ ᠨᠠᠷᠢᠯᠢᠭᠵᠢᠭᠤᠯᠵᠤ᠂ ᠠᠷᠠᠳ ᠲᠤ ᠲᠦᠬᠦᠮ ᠦᠵᠡᠭᠦᠯᠬᠦ᠂ ᠪᠤᠳᠠᠳᠠᠢ ᠶᠢ ᠡᠷᠬᠢᠮᠯᠡᠬᠦ᠂ ᠦᠨᠳᠦᠷ ᠪᠦᠳᠦᠮᠵᠢᠳᠦ ᠦᠢᠯᠡᠴᠢᠯᠡᠭᠡᠨ ᠤ ᠤᠷᠴᠢᠨ ᠲᠤᠭᠤᠷᠢᠨ ᠢ ᠦᠷᠭᠦᠯᠵᠢᠯᠡᠨ ᠪᠤᠢ ᠪᠤᠯᠭᠠᠨ᠎ᠠ᠃ 2023 ᠤᠨ ᠤ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠲᠠᠭᠠᠳᠬᠠᠯ ᠤᠨ ᠲᠦᠷᠦ ᠶᠢᠨ ᠪᠤᠳᠤᠯᠭ᠎ᠠ ᠶᠢᠨ ᠰᠢᠨ᠎ᠡ ᠬᠤᠪᠢᠷᠠᠯᠳᠠ ᠶᠢ ᠤᠨᠤᠪᠴᠢᠳᠠᠢ ᠡᠵᠡᠮᠳᠡᠵᠦ᠂ ᠪᠦᠬᠦ ᠲᠤᠭᠤᠷᠢᠭ ᠤᠨ ᠡᠮ ᠡᠮᠨᠡᠯᠭᠡ ᠶᠢᠨ ᠲᠠᠭᠠᠳᠬᠠᠯ ᠤᠨ ᠲᠠᠳᠠᠪᠤᠷᠢᠯᠠᠨ ᠲᠤᠰᠢᠶᠠᠬᠤ ᠠᠵᠢᠯ ᠢ ᠤᠷᠤᠭᠰᠢᠳᠠᠢ ᠶᠠᠪᠤᠭᠳᠠᠭᠤᠯᠵᠤ᠂ ᠡᠮ ᠡᠮᠨᠡᠯᠭᠡ ᠶᠢᠨ ᠲᠠᠭᠠᠳᠬᠠᠯ ᠤᠨ ᠡᠯ᠎ᠡ ᠵᠦᠢᠯ ᠤᠨ ᠠᠵᠢᠯ ᠢ ᠲᠠᠬᠢᠨ ᠰᠢᠨ᠎ᠡ ᠱᠠᠳᠤᠨ ᠳᠤ ᠭᠠᠷᠭᠠᠬᠤ ᠶᠢ ᠠᠬᠢᠭᠤᠯᠵᠤ᠂ ᠠᠷᠠᠳ ᠲᠦᠮᠡᠨ ᠤ ᠡᠷᠡᠭᠦᠯ ᠮᠡᠨᠳᠦ ᠶᠢ ᠰᠠᠶᠢᠳᠤᠷ ᠬᠠᠮᠠᠭᠠᠯᠠᠨ᠎ᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠴᠢᠩᠱᠠᠨ ᠴᠡᠴᠡᠷᠯᠢᠭ᠂ ᠪᠦᠯᠬᠦᠮᠳᠡᠯ ᠲᠠᠯᠠᠪᠠᠢ ᠶᠢᠨ ᠪᠡᠶ᠎ᠡ ᠴᠢᠬᠢᠷᠠᠭᠵᠢᠭᠤᠯᠬᠤ ᠶᠠᠪᠠᠭᠠᠨ ᠵᠠᠮ ᠤᠨ ᠲᠦᠷᠦᠯ ᠵᠦᠢᠯ ᠢ ᠭᠡᠷᠡᠭᠵᠢᠭᠦᠯᠬᠦ ᠨᠢ ᠴᠡᠴᠡᠷᠯᠢᠭ᠂ ᠨᠤᠭᠤᠭᠠᠷᠠᠭᠤᠯᠤᠯᠳᠠ ᠶᠢᠨ ᠭᠠᠵᠠᠷ᠂ ᠶᠠᠪᠠᠭᠠᠨ ᠵᠠᠮ ᠤᠨ ᠪᠡᠶ᠎ᠡ ᠴᠢᠬᠢᠷᠠᠭᠵᠢᠭᠤᠯᠬᠤ ᠴᠢᠳᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠡᠶ᠎ᠡ ᠶᠢᠨ ᠲᠠᠮᠢᠷ ᠢᠶᠠᠷ ᠠᠷᠠᠳ ᠲᠤ ᠠᠰᠢᠭ ᠬᠦᠷᠳᠡᠭᠡᠬᠦ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢᠨ ᠦᠷ᠎ᠡ ᠪᠦᠳᠦᠮᠵᠢ ᠶᠢ ᠦᠷᠭᠦᠯᠵᠢᠯᠡᠨ ᠦᠷᠭᠡᠳᠭᠡᠭᠦ᠂ ᠦᠨᠳᠦᠷ ᠪᠠᠷᠢᠮᠵᠢᠶᠠᠳᠤ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠨᠡᠶᠢᠳᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠳᠤ ᠴᠢᠬᠤᠯᠠ ᠠᠴᠢ ᠬᠤᠯᠪᠤᠭᠳᠠᠯ ᠲᠠᠢ᠃ ᠬᠤᠷᠠᠯ ᠠᠴᠠ ᠱᠠᠭᠠᠷᠳᠠᠭᠰᠠᠨ ᠨᠢ᠂ ᠪᠡᠶ᠎ᠡ ᠶᠢᠨ ᠲᠠᠮᠢᠷ ᠢᠶᠠᠷ ᠠᠷᠠᠳ ᠲᠤ ᠠᠰᠢᠭ ᠬᠦᠷᠳᠡᠭᠡᠬᠦ ᠢᠨᠵᠧᠨᠧᠷᠢᠩ ᠤᠨ ᠵᠢᠯ ᠤᠨ ᠬᠠᠷᠠᠯᠳᠠ ᠶᠢ ᠦᠨᠳᠦᠷ ᠪᠠᠷᠢᠮᠵᠢᠶ᠎ᠠ ᠪᠠᠷ ᠬᠦᠢᠴᠡᠳᠬᠡᠵᠦ᠂ ᠪᠡᠶ᠎ᠡ ᠶᠢᠨ ᠲᠠᠮᠢᠷ ᠤᠨ ᠴᠡᠴᠡᠷᠯᠢᠭ᠂ ᠪᠡᠶ᠎ᠡ ᠴᠢᠬᠢᠷᠠᠭᠵᠢᠭᠤᠯᠬᠤ ᠶᠠᠪᠠᠭᠠᠨ ᠵᠠᠮ ᠵᠡᠷᠭᠡ ᠡᠯ᠎ᠡ ᠲᠦᠷᠦᠯ ᠤᠨ ᠲᠠᠯᠠᠪᠤᠷ ᠤᠨ ᠲᠦᠭᠦᠭᠡᠷᠦᠮᠵᠢ ᠶᠢ ᠦᠭᠡᠷᠡᠴᠢᠯᠡᠨ ᠲᠡᠰ ᠲᠠᠪᠰᠢᠬᠦᠯᠵᠦ᠂ ᠤᠯᠠᠨ ᠲᠦᠮᠡᠨ ᠤ ᠤᠶᠢᠷ᠎ᠠ ᠬᠠᠪᠢ ᠳᠤ᠂ ᠲᠦᠭᠦᠮ ᠲᠦᠳᠡᠭᠡᠨ ᠢᠶᠠᠷ ᠰᠤᠯᠠ ᠰᠡᠯᠡᠭᠦᠦ ᠶᠢ ᠡᠳ᠋ᠯᠡᠬᠦ᠂ ᠪᠡᠶ᠎ᠡ ᠪᠠᠨ ᠴᠢᠬᠢᠷᠠᠭᠵᠢᠭᠤᠯᠬᠤ ᠭᠡᠷᠡᠭᠴᠡᠭᠡ ᠶᠢ ᠲᠠᠰᠤᠷᠠᠯᠳᠠ ᠦᠭᠡᠢ ᠬᠠᠩᠭᠠᠨ᠎ᠠ᠃ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠨᠡᠷᠡᠳᠦ ᠲᠡᠮᠳᠡᠭᠳᠦ ᠶᠢᠨ ᠤᠷᠤᠯᠳᠤᠭᠠᠨ ᠤ ᠵᠦᠢᠯ ᠢ ᠪᠦᠬᠦ ᠰᠡᠳᠬᠢᠯ ᠢᠶᠠᠷ ᠢᠶᠠᠨ ᠰᠦᠪᠡᠭᠴᠢᠯᠡᠨ ᠪᠠᠶᠢᠭᠤᠯᠵᠤ᠂ ᠤᠯᠠᠨ ᠲᠦᠮᠡᠨ ᠤ ᠵᠢᠱᠢᠶ᠎ᠡ ᠦᠵᠡᠭᠦᠯᠬᠦ ᠰᠢᠷᠢᠰ ᠠᠵᠢᠯᠯᠠᠭ᠎ᠠ ᠶᠢ ᠢᠳᠡᠪᠬᠢᠳᠡᠢ ᠪᠦᠭᠡᠳ ᠡᠮᠬᠢ ᠵᠢᠷᠤᠮ ᠲᠠᠢ ᠦᠷᠨᠢᠭᠦᠯᠵᠦ᠂ ᠮᠠᠨ ᠤ ᠲᠤᠭᠤᠷᠢᠭ ᠤᠨ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠦᠢᠯᠡᠰ ᠤᠨ ᠦᠷᠨᠢᠨ ᠬᠦᠭᠵᠢᠬᠦ ᠶᠢ ᠠᠬᠢᠭᠤᠯᠤᠨ᠎ᠠ᠃ ᠡᠯ᠎ᠡ ᠬᠠᠮᠢᠶ᠎ᠠ ᠪᠦᠭᠦᠢ ᠪᠠᠶᠢᠭᠤᠯᠭ᠎ᠠ ᠪᠡᠶ᠎ᠡ ᠶᠢᠨ ᠲᠠᠮᠢᠷ ᠤᠨ ᠴᠡᠴᠡᠷᠯᠢᠭ᠂ ᠪᠡᠶ᠎ᠡ ᠴᠢᠬᠢᠷᠠᠭᠵᠢᠭᠤᠯᠬᠤ ᠶᠠᠪᠠᠭᠠᠨ ᠵᠠᠮ ᠵᠡᠷᠭᠡ ᠲᠠᠯᠠᠪᠠᠢ ᠤᠷᠳᠤᠨ ᠤ ᠲᠦᠭᠦᠭᠡᠷᠦᠮᠵᠢ ᠶᠢᠨ ᠪᠠᠶᠢᠭᠤᠯᠤᠯᠳᠠ ᠵᠢᠴᠢ ᠡᠳᠦᠷ ᠲᠤᠳᠤᠮ ᠤᠨ ᠬᠠᠮᠠᠭᠠᠯᠠᠯᠳᠠ ᠳᠠᠬᠢ ᠬᠢᠨᠠᠨ ᠬᠠᠮᠢᠶᠠᠷᠤᠯᠳᠠ ᠪᠠ ᠦᠨᠡᠯᠡᠨ ᠵᠢᠱᠢᠯᠳᠡ ᠶᠢ ᠴᠢᠩᠭᠠᠳᠬᠠᠵᠤ᠂ ᠲᠠᠯᠠᠪᠠᠢ ᠤᠷᠳᠤᠨ ᠤ ᠲᠦᠭᠦᠭᠡᠷᠦᠮᠵᠢ ᠶᠢᠨ ᠬᠠᠮᠢᠶᠠᠷᠤᠯᠳᠠ ᠰᠢᠯᠢᠳᠡᠭ᠂ ᠬᠡᠷᠡᠭᠯᠡᠯᠳᠡ ᠰᠠᠶᠢᠨ ᠪᠠᠶᠢᠬᠤ ᠶᠢ ᠪᠠᠳᠤᠯᠠᠵᠤ᠂ ᠨᠡᠩ ᠦᠨᠳᠦᠷ ᠪᠠᠷᠢᠮᠵᠢᠶᠠᠨ ᠤ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠨᠡᠶᠢᠳᠡ ᠶᠢᠨ ᠦᠢᠯᠡᠴᠢᠯᠡᠭᠡ ᠶᠢ ᠬᠠᠩᠭᠠᠬᠤ ᠳᠤ ᠲᠤᠯᠭᠠᠭᠤᠷᠢᠯᠠᠯ ᠪᠤᠯᠵᠤ᠂ ᠠᠷᠠᠳ ᠲᠦᠮᠡᠨ ᠤ ᠬᠦᠷᠳᠡᠮᠵᠢ ᠶᠢᠨ ᠲᠦᠷᠦᠭᠳᠡᠯ ᠪᠠ ᠬᠠᠩᠭᠠᠮᠵᠢ ᠶᠢᠨ ᠬᠡᠮᠵᠢᠶ᠎ᠡ ᠶᠢ ᠦᠨᠡᠨᠬᠦ ᠲᠡᠭᠡᠭᠰᠢᠯᠡᠭᠦᠯᠵᠦ᠂ ᠠᠮᠢᠵᠢᠷᠠᠯ ᠤᠨ ᠬᠦᠴᠦᠨ ᠲᠠᠢ᠂ ᠬᠦᠳᠡᠯᠭᠡᠭᠡᠨ ᠢ ᠡᠷᠬᠢᠮᠯᠡᠭᠰᠡᠨ ᠡᠷᠡᠭᠦᠯ ᠴᠢᠬᠢᠷᠠᠭᠳᠤ ᠴᠢᠩᠱᠠᠨ ᠬᠤᠳᠠ ᠶᠢᠨ ᠰᠢᠨ᠎ᠡ ᠲᠦᠷᠢ ᠲᠦᠷᠬᠦ ᠶᠢ ᠴᠤᠭᠴᠠᠯᠠᠬᠤ ᠳᠤ ᠬᠦᠴᠦᠯᠡᠨ ᠴᠢᠷᠮᠠᠶᠢᠨ᠎ᠠ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                                 ᠤᠷᠴᠢᠭᠤᠯᠤᠭᠴᠢ᠄ ᠠᠯᠢᠮ᠎ᠠ                                                 ᠬᠢᠨᠠᠭᠴᠢ᠄ ᠪᠠᠢ ᠢᠦᠢ ᠰᠢᠶᠠ   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号