【ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠳᠤᠮᠤᠢ】ᠴᠢᠩᠱᠠᠨ  ᠲᠤᠭᠤᠷᠢᠭ᠄ ᠡᠯᠪᠡᠭ ᠬᠤᠷᠢᠶᠠᠯᠳᠠ ᠪᠠᠷ ᠨᠠᠮᠤᠷ ᠤᠨ ᠦᠵᠡᠮᠵᠢ ᠶᠢ ᠵᠢᠷᠤᠭᠯᠠᠮᠤᠢ
ᠨᠡᠶᠢᠲᠡᠯᠡᠭᠰᠡᠨ ᠴᠠᠭ᠄
2022/9/28
      ᠨᠠᠮᠤᠷ ᠤᠨ ᠦᠵᠡᠮᠵᠢ  ᠶᠡᠷᠦᠨᠢ ᠨᠢᠳᠦ ᠪᠤᠯᠢᠶᠠᠮ᠎ᠠ ᠪᠠᠶᠢᠵᠦ᠂ ᠨᠠᠮᠤᠷ ᠤᠨ  ᠬᠤᠷᠢᠶᠠᠯᠳᠠ ᠬᠦᠮᠦᠨ ᠎ ᠢ  ᠰᠣᠭᠳᠤᠷᠠᠭᠤᠯᠤᠨ᠎ᠠ᠃      9 ᠰᠠᠷ᠎ᠠ ᠶᠢᠨ 23 ᠎ ᠤ ᠡᠳᠦᠷ ᠪᠤᠯ ᠲᠤᠮᠳᠠᠳᠤ ᠤᠯᠤᠰ ᠤᠨ ᠲᠠᠪᠤᠳᠤᠭᠠᠷ ᠤᠳᠠᠭᠠᠨ ᠤ ᠲᠠᠷᠢᠶᠠᠴᠢᠳ ᠤᠨ ᠡᠯᠪᠡᠭ ᠬᠤᠷᠢᠶᠠᠯᠳᠠ ᠶᠢᠨ ᠪᠠᠶᠠᠷ ᠤᠨ ᠡᠳᠦᠷ ᠮᠦᠨ᠃
1.1.jpg
      ᠴᠢᠩᠱᠠᠨ ᠲᠤᠭᠤᠷᠢᠭ  ᠤᠨ ᠰᠢᠩ ᠱᠧᠩ ᠪᠠᠯᠭᠠᠰᠤᠨ ᠤ ᠡᠯ ᠰᠢᠶᠠᠩ ᠭᠦᠩ ᠲᠤᠰᠬᠤᠨ ᠳᠤ  ᠬᠦᠷᠬᠦ ᠳᠤ ᠂ ᠲᠠᠷᠢᠶᠠᠨ ᠭᠠᠵᠠᠷ  ᠬᠦᠭᠡᠷᠡᠨ ᠨᠤᠭᠤᠭᠠᠷᠠᠵᠤ᠂ ᠰᠡᠷᠢᠬᠦᠨ ᠰᠠᠯᠬᠢᠨ ᠨᠠᠮ ᠲᠠᠭᠤᠨ ᠢᠶᠠᠷ ᠬᠡᠯᠡᠯᠴᠡᠨ᠎ᠡ᠂ ᠵᠠᠭᠤᠨ ᠮᠦ ᠨᠠᠷᠠᠨᠬᠤᠸᠠᠷ᠂ ᠮᠢᠩᠭᠠᠨ ᠮᠦ ᠡᠷᠳᠡᠨᠢ ᠰᠢᠰᠢ ᠡᠯᠪᠡᠭ ᠬᠤᠷᠢᠶᠠᠯᠳᠠ ᠲᠠᠢ ᠪᠠᠶᠢᠵᠤ᠂ ᠬᠤᠯᠠ ᠠᠴᠠ ᠬᠠᠷᠠᠬᠤ ᠳᠤ᠂ ᠲᠤᠯᠤᠭᠠᠢ ᠪᠠᠨ ᠮᠤᠷᠤᠶᠢᠯᠭᠠᠭᠰᠠᠨ ᠨᠠᠷᠠᠨᠬᠤᠸᠠᠷ ᠢᠴᠢᠮᠡᠳᠡᠭᠡᠢ ᠭᠡᠦᠭᠡᠳ ᠠᠳᠠᠯᠢ᠃ ᠬᠠᠷ᠎ᠠ ᠨᠤᠭᠤᠭᠠᠨ ᠦᠩᠭᠡᠳᠡᠢ ᠡᠷᠳᠡᠨᠢ ᠰᠢᠰᠢ ᠰᠢᠳᠡᠮ ᠲᠦᠭᠦᠷᠡᠩ ᠮᠦᠷᠳᠡᠭᠡᠨ ᠪᠦᠭᠡᠯᠢᠭ᠂ ᠮᠦᠭᠦᠯᠢᠭ ᠮᠦᠭᠦᠯᠢᠭ ᠢᠶᠠᠷ ᠢᠶᠠᠨ ᠠᠯᠳᠠᠨ ᠰᠢᠷᠭᠠᠯ ᠪᠠᠶᠢᠵᠤ᠂ ᠲᠤᠯᠠᠭᠠᠨ ᠪᠦᠯᠢᠶᠡᠨ ᠪᠦᠭᠡᠳ ᠨᠢᠳᠦ ᠬᠢᠯᠠᠰᠤᠭᠤᠯᠤᠨ᠎ᠠ᠃ ᠵᠢᠮᠢᠰ ᠤᠨ ᠲᠠᠷᠢᠶᠠᠴᠢᠨ ᠤ ᠬᠦᠷᠢᠶᠡᠨ ᠳᠤ᠂ ᠭᠠᠯ ᠤᠯᠠᠭᠠᠨ ᠵᠢᠮᠢᠰ ᠪᠠᠭᠰᠢᠷᠠᠯᠳᠤᠵᠤ …… ᠰᠢᠷᠭᠠᠭᠤ ᠬᠠᠳᠠᠭᠤᠵᠢᠯᠳᠠᠢ ᠲᠠᠷᠢᠶᠠᠯᠠᠵᠤ ᠪᠠᠶᠢᠭ᠎ᠠ ᠲᠠᠷᠢᠶᠠᠴᠢᠳ ᠲᠤ ᠠᠪᠴᠦ ᠬᠡᠯᠡᠪᠡᠯ᠂ ᠡᠨᠡ ᠪᠤᠯ ᠲᠠᠪᠤᠨ ᠲᠠᠷᠢᠶ᠎ᠠ ᠡᠯᠪᠡᠭ ᠬᠤᠷᠢᠶᠠᠯᠳᠠ ᠭᠡᠷ ᠲᠦᠭᠦᠷᠡᠩ ᠪᠠᠭᠰᠢᠷᠠᠭᠰᠠᠨ ᠴᠠᠭ ᠮᠦᠴᠡ ᠮᠦᠨ᠂ ᠨᠢᠭᠡ ᠵᠢᠯ ᠤᠨ ᠲᠤᠳᠤᠷᠠᠬᠢ ᠬᠠᠮᠤᠭ ᠤᠨ ᠠᠮᠵᠢᠯᠳᠠ ᠶᠢᠨ ᠲᠦᠷᠦᠭᠳᠡᠯ ᠪᠠ ᠵᠤᠯ ᠵᠢᠷᠭᠠᠯ ᠤᠨ ᠲᠦᠷᠦᠭᠳᠡᠯ ᠎ ᠲᠠᠢ ᠴᠠᠭ ᠮᠦᠴᠡ ᠮᠦᠨ᠃ ᠲᠠᠷᠢᠶᠠᠴᠢᠳ ᠰᠢᠷᠭᠠᠭᠤ ᠬᠦᠳᠡᠯᠮᠦᠷᠢᠯᠡᠵᠦ ᠡᠯᠪᠡᠭ ᠵᠤᠵᠠᠭᠠᠨ ᠠᠴᠢ ᠬᠠᠷᠢᠭᠤ ᠤᠯᠵᠤ ᠡᠯᠪᠡᠭ ᠬᠤᠷᠢᠶᠠᠯᠳᠠ ᠶᠢᠨ ᠪᠠᠶᠠᠷ ᠪᠠᠭ᠋ᠠᠳᠤᠯ ᠨᠢ ᠲᠡᠳᠡᠨ ᠤ ᠢᠨᠢᠶᠡᠳᠤᠨ ᠳᠤ ᠲᠤᠳᠤᠷᠠᠨ᠎ᠠ᠃     ᠤᠶᠢᠷ᠎ᠠ ᠶᠢᠨ ᠵᠢᠯ ᠳᠤ᠂ ᠤᠨᠢᠨ ᠲᠡᠭᠡᠷ᠎ᠡ ᠨᠢ ᠶᠠᠳᠠᠭᠤ ᠶᠢ ᠲᠡᠳᠬᠦᠬᠦ ᠪᠠ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠷᠤᠨ᠎ᠠ ᠶᠢᠨ ᠰᠠᠯᠬᠢ ᠪᠠᠷ᠂ ᠴᠢᠩᠱᠠᠨ ᠲᠤᠭᠤᠷᠢᠭ ᠲᠦᠷᠦ ᠶᠢᠨ ᠪᠤᠳᠤᠯᠭ᠎ᠠ ᠶᠢ ᠬᠡᠯᠪᠡᠶᠢᠯᠭᠡᠭᠦ᠂ ᠲᠦᠷᠦᠯ ᠵᠦᠢᠯ ᠢ ᠬᠡᠯᠪᠡᠶᠢᠯᠭᠡᠭᠦ ᠂ ᠮᠡᠷᠭᠡᠵᠢᠯ ᠢ ᠬᠡᠯᠪᠡᠶᠢᠯᠭᠡᠭᠦ᠂ ᠬᠦᠴᠦᠨ ᠢᠶᠠᠨ ᠡᠮᠬᠢᠯᠡᠨ ᠨᠡᠶᠢᠯᠡᠭᠦᠯᠵᠦ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠳᠠ ᠶᠢᠨ ᠴᠢᠨᠠᠷ ᠴᠢᠨᠰᠠᠭ᠎ᠠ ᠶᠢ ᠲᠠᠰᠤᠷᠠᠯᠳᠠ ᠦᠭᠡᠢ ᠲᠡᠭᠡᠭᠰᠢᠯᠡᠭᠦᠯᠵᠦ᠂ ᠬᠦᠳᠡᠭᠡ ᠲᠤᠰᠬᠤᠨ ᠤ ᠰᠤᠶᠤᠯ ᠢ ᠴᠡᠴᠡᠭᠯᠡᠬᠦᠯᠵᠦ᠂ ᠬᠦᠳᠡᠭᠡ ᠲᠤᠰᠬᠤᠨ  ᠤ ᠠᠵᠤ ᠦᠢᠯᠡᠰ ᠎ ᠢ ᠲᠠᠶᠢᠴᠢᠯᠠᠨ᠂ ᠬᠦᠳᠡᠭᠡ ᠲᠤᠰᠬᠤᠨ  ᠤ ᠦᠨ᠎ᠡ ᠦᠷᠳᠡᠭ ᠢ  ᠪᠠᠳᠠᠷᠠᠭᠤᠯᠵᠤ᠂ ᠲᠠᠷᠢᠮᠠᠯ ᠤᠨ ᠲᠤᠮᠤ ᠡᠷᠦᠭᠡ ᠤᠨᠴᠠᠯᠢᠭᠳᠤ ᠲᠠᠷᠢᠮᠠᠯ  ᠬᠦᠭᠵᠢᠭᠦᠯᠬᠦ ᠶᠢ ᠵᠤᠷᠢᠭᠵᠢᠭᠤᠯᠤᠨ᠂ ᠠᠵᠤ ᠦᠢᠯᠡᠰ ᠤᠨ ᠪᠦᠳᠦᠴᠡ ᠶᠢᠨ ᠲᠤᠭᠢᠷᠠᠭᠤᠯᠤᠯᠳᠠ ᠎ ᠪᠠᠷ ᠲᠠᠷᠢᠶᠠᠯᠠᠩ ᠤᠨ ᠦᠷ᠎ᠡ ᠠᠰᠢᠭ ᠪᠠ ᠲᠠᠷᠢᠶᠠᠴᠢᠳ ᠤᠨ ᠤᠷᠤᠯᠭ᠎ᠠ ᠶᠢ  ᠨᠡᠮᠡᠭᠳᠡᠭᠦᠯᠵᠦ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠬᠦᠴᠦ  ᠨᠡᠮᠡᠷᠢᠯᠡᠵᠡᠢ᠃
 
                                         ᠤᠷᠴᠢᠭᠤᠯᠤᠭᠴᠢ᠄ ᠠᠯᠢᠮ᠎ᠠ                                        ᠬᠢᠨᠠᠭᠴᠢ᠄ ᠪᠠᠢ ᠢᠦᠢ ᠰᠢᠶᠠ
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号