ᠴᠢᠩᠱᠠᠨ ᠲᠤᠭᠤᠷᠢᠭ ᠤᠯᠤᠰ ᠤᠨ ᠦᠮᠴᠢᠯᠡᠯᠳᠦ ᠠᠵᠤ ᠠᠬᠤᠶᠢᠯᠠᠯ  ᠤᠨ ᠦᠭᠡᠷᠡᠴᠢᠯᠡᠯᠳᠡ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/28
      9 ᠰᠠᠷ᠎ᠠ ᠶᠢᠨ 26 ᠤ ᠡᠳᠦᠷ᠂ ᠴᠢᠩᠱᠠᠨ ᠲᠤᠭᠤᠷᠢᠭ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠦᠭᠡᠷᠡᠴᠢᠯᠡᠯᠳᠡ ᠶᠢ ᠠᠬᠢᠭᠤᠯᠬᠤ ᠬᠤᠷᠠᠯ ᠬᠤᠷᠠᠯᠳᠤᠭᠤᠯᠵᠤ᠂ ᠤᠯᠤᠰ  ᠤᠨ ᠦᠮᠴᠢᠯᠡᠯᠳᠦ ᠠᠵᠤ ᠠᠬᠤᠶᠢᠯᠠᠯ ᠤᠨ ᠦᠭᠡᠷᠡᠴᠢᠯᠡᠯᠳᠡ ᠶᠢᠨ ᠭᠤᠤᠯᠳᠠᠯᠭᠠᠳᠤ ᠠᠵᠢᠯ ᠳᠤ ᠲᠤᠬᠢᠷᠠᠭᠤᠯᠤᠨ ᠪᠠᠶᠢᠷᠢᠯᠠᠭᠤᠯᠤᠯᠳᠠ ᠬᠢᠪᠡ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠠᠰᠠᠭ ᠤᠨ ᠤᠷᠳᠤᠨ ᠤ ᠪᠠᠶᠢᠩᠭᠤ ᠶᠢᠨ ᠲᠡᠳ᠋ ᠲᠠᠷᠤᠭ᠎ᠠ ᠭᠤᠤ  ᠶᠢᠨ ᠮᠢᠩ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃      ᠬᠤᠷᠠᠯ  ᠠᠴᠠ《ᠴᠢᠩᠱᠠᠨ ᠲᠤᠭᠤᠷᠢᠭ  ᠤᠨ ᠬᠠᠷᠢᠶᠠᠳᠤ ᠤᠯᠤᠰ  ᠤᠨ ᠦᠮᠴᠢᠯᠡᠯᠳᠦ ᠠᠵᠤ ᠠᠬᠤᠶᠢᠯᠠᠯ  ᠢ ᠡᠮᠬᠢᠯᠡᠨ ᠨᠡᠶᠢᠯᠡᠭᠦᠯᠵᠦ ᠲᠠᠬᠢᠨ ᠵᠤᠬᠢᠶᠠᠨ ᠪᠠᠶᠢᠭᠤᠯᠬᠤ ᠶᠢ ᠬᠡᠷᠡᠭᠵᠢᠬᠦᠯᠬᠦ ᠲᠦᠰᠦᠯ 》《ᠴᠢᠩᠱᠠᠨ ᠲᠤᠭᠤᠷᠢᠭ ᠤᠨ ᠤᠯᠤᠰ  ᠤᠨ ᠦᠮᠴᠢᠯᠡᠯᠳᠦ ᠠᠵᠤ ᠠᠬᠤᠶᠢᠯᠠᠯ  ᠤᠨ ᠦᠭᠡᠷᠡᠴᠢᠯᠡᠯᠳᠡ ᠶᠢᠨ ᠭᠤᠷᠪᠠᠨ ᠵᠢᠯ ᠤᠨ ᠠᠵᠢᠯᠯᠠᠭᠠᠨ  ᠤ ᠡᠭᠦᠷᠭᠡ  ᠶᠢᠨ ᠬᠠᠭᠤᠳᠠᠰᠤ ︵2020 ᠤᠨ —2022 ᠤᠨ︶》ᠵᠡᠷᠭᠡ ᠰᠢᠷᠢᠰ ᠮᠠᠲ᠋ᠧᠷᠢᠶᠠᠯ ᠢ ᠭᠡᠪᠯᠡᠨ ᠲᠠᠷᠬᠠᠭᠠᠵᠤ᠂《5+N》ᠮᠠᠶ᠋ᠢᠭ  ᠤᠨ ᠲᠤᠭᠤᠷᠢᠭ  ᠤᠨ ᠬᠠᠷᠢᠶᠠᠳᠤ ᠤᠯᠤᠰ  ᠤᠨ ᠦᠮᠴᠢᠯᠡᠯᠳᠦ ᠠᠵᠤ ᠠᠬᠤᠶᠢᠯᠠᠯ  ᠤᠨ ᠪᠠᠶᠢᠷᠢᠯᠠᠭᠤᠯᠤᠯᠳᠠ ᠶᠢᠨ ᠪᠦᠳᠦᠴᠡ  ᠶᠢ ᠨᠡᠶᠢᠯᠡᠭᠦᠯᠦᠨ ᠪᠠᠶᠢᠭᠤᠯᠵᠤ᠂ ᠦᠭᠡᠷᠡᠴᠢᠯᠡᠯᠳᠡ ᠶᠢᠨ ᠪᠤᠳᠠᠳᠤ ᠡᠭᠦᠷᠭᠡᠯᠡᠯ ᠪᠠ ᠴᠠᠭ ᠬᠤᠭᠤᠴᠠᠭ᠎ᠠ ᠶᠢ ᠨᠠᠷᠢᠯᠢᠭᠵᠢᠭᠤᠯᠤᠭᠰᠠᠨ ᠪᠠ ᠪᠤᠳᠠᠳᠠᠶᠢᠵᠢᠭᠤᠯᠤᠭᠰᠠᠨ ᠪᠠᠶᠢᠨ᠎ᠠ᠃ ᠲᠤᠭᠤᠷᠢᠭ  ᠤᠨ ᠬᠠᠷᠢᠶᠠᠳᠤ  ᠲᠠᠪᠤᠨ ᠤᠯᠤᠰ  ᠤᠨ ᠦᠮᠴᠢᠯᠡᠯᠳᠦ ᠨᠢᠭᠡᠳᠦᠭᠡᠷ ᠲᠡᠰ  ᠤᠨ ᠠᠵᠤ ᠠᠬᠤᠶᠢᠯᠠᠯ ᠤᠨ ᠬᠠᠷᠢᠭᠤᠴᠠᠯᠭᠠᠳᠠᠨ ᠠᠴᠠ ᠦᠭᠡᠷᠡᠴᠢᠯᠡᠯᠳᠡ ᠶᠢᠨ ᠠᠵᠢᠯᠯᠠᠭᠠᠨ ᠤ ᠪᠠᠶᠢᠳᠠᠯ ᠵᠢᠴᠢ ᠤᠶᠢᠷ᠎ᠠ ᠬᠤᠭᠤᠴᠠᠭᠠᠨ  ᠤ ᠠᠵᠢᠯ  ᠤᠨ ᠲᠦᠯᠦᠪᠯᠡᠭᠡᠨ ᠤ ᠲᠤᠬᠠᠢ ᠶᠠᠷᠢᠶ᠎ᠠ ᠲᠠᠯᠪᠢᠵᠠᠢ᠃ ᠲᠤᠭᠤᠷᠢᠭ  ᠤᠨ ᠤᠯᠤᠰ ᠤᠨ ᠡᠳ᠋ ᠬᠦᠷᠦᠩᠭᠡ ᠶᠢᠨ ᠵᠦᠪᠯᠡᠯ  ᠤᠨ ᠡᠷᠬᠢᠯᠡᠭᠴᠢ ᠠᠴᠠ ᠴᠢᠩᠱᠠᠨ ᠲᠤᠭᠤᠷᠢᠭ ᠤᠨ ᠤᠯᠤᠰ ᠤᠨ ᠦᠮᠴᠢᠯᠡᠯᠳᠦ ᠠᠵᠤ ᠠᠬᠤᠶᠢᠯᠠᠯ  ᠤᠨ ᠦᠭᠡᠷᠡᠴᠢᠯᠡᠯᠳᠡ  ᠶᠢᠨ ᠠᠵᠢᠯ  ᠤᠨ ᠲᠦᠯᠬᠢᠨ ᠠᠬᠢᠭᠤᠯᠤᠭᠰᠠᠨ ᠪᠠᠶᠢᠳᠠᠯ  ᠢ ᠵᠠᠷᠯᠠᠵᠤ᠂ ᠲᠠᠷᠠᠭᠠᠴᠢ ᠶᠢᠨ ᠱᠠᠳᠤᠨ  ᠤ ᠭᠤᠤᠯᠳᠠᠯᠭᠠᠳᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃                       ᠬᠤᠷᠠᠯ ᠠᠴᠠ ᠵᠢᠭᠠᠵᠤ ᠭᠠᠷᠭᠠᠭᠰᠠᠨ ᠨᠢ᠂ ᠤᠯᠤᠰ ᠤᠨ ᠦᠮᠴᠢᠯᠡᠯᠳᠦ ᠠᠵᠤ ᠠᠬᠤᠶᠢᠯᠠᠯ  ᠤᠨ ᠦᠭᠡᠷᠡᠴᠢᠯᠡᠯᠳᠡ ᠳᠤ᠂ ᠪᠦᠳᠦᠴᠡ ᠶᠢᠨ ᠪᠠᠶᠢᠷᠢᠯᠠᠭᠤᠯᠤᠯᠳᠠ  ᠶᠢ ᠰᠢᠯᠢᠳᠡᠭᠵᠢᠬᠦᠯᠬᠦ᠂ ᠤᠯᠤᠰ ᠤᠨ ᠦᠮᠴᠢᠯᠡᠯᠳᠦ ᠠᠵᠤ ᠠᠬᠤᠶᠢᠯᠠᠯ  ᠤᠨ ᠠᠮᠢᠵᠢᠷᠠᠯ ᠤᠨ ᠬᠦᠴᠦᠨ  ᠢ ᠰᠡᠷᠭᠦᠭᠡᠬᠦ᠂ ᠠᠵᠤ ᠠᠬᠤᠶᠢᠯᠠᠯ ᠤᠨ ᠦᠭᠡᠷᠡᠴᠢᠯᠡᠯᠳᠡ ᠬᠠᠮᠢᠶᠠᠷᠤᠯᠳᠠ  ᠪᠠᠨ ᠲᠡᠭᠦᠯᠳᠡᠷᠵᠢᠭᠦᠯᠬᠦ᠂ ᠬᠢᠨᠠᠨ ᠬᠠᠮᠢᠶᠠᠷᠤᠯᠳᠠ ᠪᠠᠨ ᠴᠢᠩᠭᠠᠳᠬᠠᠬᠤ᠂ ᠨᠠᠮ  ᠤᠨ ᠤᠳᠤᠷᠢᠳᠤᠯᠭ᠎ᠠ ᠶᠢ ᠴᠢᠩᠭᠠᠳᠬᠠᠬᠤ ᠲᠡᠭᠡᠷ᠎ᠡ ᠬᠦᠴᠦ  ᠪᠠᠨ ᠲᠠᠯᠪᠢᠬᠤ ᠭᠡᠷᠡᠭᠳᠡᠢ᠃  ᠤᠯᠤᠰ ᠤᠨ ᠦᠮᠴᠢᠯᠡᠯᠳᠦ ᠠᠵᠤ ᠠᠬᠤᠶᠢᠯᠠᠯ ᠢᠳᠡᠪᠬᠢᠳᠡᠢ ᠪᠠᠷ ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ᠂ ᠲᠡᠦᠭᠡ  ᠶᠢᠨ ᠦᠯᠡᠳᠡᠭᠳᠡᠯ ᠠᠰᠠᠭᠤᠳᠠᠯ ᠢ ᠪᠦᠳᠦᠮᠵᠢᠳᠡᠢ ᠰᠢᠢᠳᠪᠦᠷᠢᠯᠡᠵᠦ᠂ ᠴᠢᠨᠠᠷ ᠴᠢᠨᠰᠠᠭ᠎ᠠ ᠨᠡᠩ ᠦᠨᠳᠦᠷ᠂ ᠦᠷ᠎ᠡ ᠪᠦᠳᠦᠮᠵᠢ ᠪᠠᠷ ᠨᠡᠩ ᠰᠠᠶᠢᠨ᠂ ᠪᠦᠳᠦᠴᠡ ᠨᠡᠩ ᠰᠢᠯᠢᠳᠡᠭ ᠬᠦᠭᠵᠢᠯᠳᠡ ᠶᠢ ᠴᠢᠷᠮᠠᠶᠢᠨ ᠪᠡᠶᠡᠯᠡᠭᠦᠯᠦᠨ᠎ᠡ᠃ ᠡᠯ᠎ᠡ ᠪᠠᠶᠢᠭᠤᠯᠭ᠎ᠠ ᠨᠢᠭᠳᠠ ᠬᠠᠮᠵᠢᠯᠴᠠᠨ ᠬᠦᠳᠡᠯᠦᠯᠴᠡᠵᠦ᠂ ᠠᠵᠢᠯᠯᠠᠭᠠᠨ ᠤ ᠪᠠᠳᠤᠯᠠᠭ᠎ᠠ  ᠪᠠᠨ ᠴᠢᠩᠭᠠᠳᠬᠠᠵᠤ᠂ ᠢᠳᠡᠪᠬᠢᠳᠡᠢ ᠬᠠᠪᠰᠤᠷᠤᠨ ᠬᠦᠴᠢᠷ ᠵᠤᠪᠠᠯᠠᠩ ᠢ ᠰᠢᠢᠳᠪᠦᠷᠢᠯᠡᠵᠦ᠂  ᠰᠡᠳᠬᠢᠯ ᠢᠶᠠᠨ ᠨᠢᠭᠡᠳᠭᠡᠨ ᠬᠦᠴᠦ ᠪᠠᠨ ᠬᠠᠮᠳᠤᠳᠬᠠᠨ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠦᠭᠡᠷᠡᠴᠢᠯᠡᠯᠳᠡ ᠶᠢ ᠲᠦᠯᠬᠢᠨ ᠠᠬᠢᠭᠤᠯᠤᠨ᠎ᠠ᠃     ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ  ᠤᠨ ᠦᠮᠴᠢᠯᠡᠯᠳᠦ ᠠᠵᠤ ᠠᠬᠤᠶᠢᠯᠠᠯ  ᠤᠨ ᠦᠭᠡᠷᠡᠴᠢᠯᠡᠯᠳᠡ ᠨᠢᠭᠡᠨᠳᠡ ᠲᠡᠭᠦᠰᠬᠡᠯ  ᠤᠨ ᠱᠠᠳᠤᠨ ᠤ ᠵᠠᠩᠬᠢᠯᠠᠭ᠎ᠠ  ᠶᠢᠨ ᠬᠤᠭᠤᠴᠠᠭᠠᠨ ᠳᠤ ᠤᠷᠤᠵᠠᠢ᠂ ᠡᠯ᠎ᠠ ᠲᠠᠯ᠎ᠠ ᠶᠢᠨ ᠠᠵᠢᠯ ᠢᠯᠡᠳᠳᠡ ᠵᠡᠷᠭᠡ ᠲᠡᠪᠰᠢᠵᠦ ᠬᠤᠷᠳᠤᠴᠠ ᠨᠡᠮᠡᠭᠳᠡᠵᠡᠢ᠃ ᠡᠯ᠎ᠡ ᠪᠠᠶᠢᠭᠤᠯᠭ᠎ᠠ᠂ ᠤᠯᠤᠰ ᠤᠨ ᠦᠮᠴᠢᠯᠡᠯᠳᠦ ᠠᠵᠤ ᠠᠬᠤᠶᠢᠯᠠᠯ ᠰᠡᠳᠬᠢᠯ  ᠢᠶᠠᠨ ᠨᠢᠭᠡᠳᠬᠡᠨ ᠬᠦᠴᠦ  ᠪᠠᠨ ᠬᠠᠮᠳᠤᠳᠬᠠᠨ᠂ ᠵᠠᠪᠠᠯ ᠢᠯᠠᠬᠤ ᠪᠠᠷ ᠪᠠᠶᠢᠯᠳᠤᠵᠤ᠂ ᠤᠯᠤᠰ  ᠤᠨ ᠦᠮᠴᠢᠯᠡᠯᠳᠦ ᠠᠵᠤ ᠠᠬᠤᠶᠢᠯᠠᠯ ᠤᠨ ᠦᠭᠡᠷᠡᠴᠢᠯᠡᠯᠳᠡ   ᠶᠢᠨ ᠬᠢᠷᠢ ᠲᠡᠩᠴᠡᠭᠰᠡᠨ ᠬᠠᠷᠢᠭᠤᠯᠳᠠ ᠶᠢᠨ ᠬᠠᠭᠤᠳᠠᠰᠤ ᠶᠢ ᠬᠠᠮᠳᠤᠪᠠᠷ ᠲᠤᠰᠢᠶᠠᠵᠤ᠂《 ᠪᠤᠳᠠᠳᠠᠢ ᠳᠤ ᠠᠵᠢᠯᠯᠠᠵᠤ᠂ ᠲᠡᠷᠢᠭᠦᠯᠡᠨ ᠠᠯᠬᠤᠬᠤ》 ᠶᠢ ᠪᠠᠷᠢᠮᠳᠠᠯᠠᠵᠤ᠂《 ᠲᠤᠯᠤᠭᠠᠨ ᠰᠢᠨ᠎ᠡ ᠴᠢᠩᠱᠠᠨ》 ᠤ ᠪᠦᠳᠦᠭᠡᠨ ᠪᠠᠶᠢᠭᠤᠯᠤᠯᠳᠠ ᠳᠤ  ᠬᠦᠴᠦᠳᠦ ᠲᠤᠯᠭᠠᠭᠤᠷᠢᠯᠠᠯ ᠪᠤᠯᠵᠤ᠂ ᠪᠤᠳᠠᠳᠤ ᠠᠵᠢᠯᠯᠠᠭ᠎ᠠ  ᠪᠠᠷ  ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠳᠠᠳᠠᠢ ᠬᠤᠷᠠᠯᠳᠤᠬᠤ  ᠶᠢ ᠪᠠᠶᠠᠷᠯᠠᠨ ᠤᠭᠳᠤᠶ᠎ᠠ᠃                                       ᠤᠷᠴᠢᠭᠤᠯᠤᠭᠴᠢ᠄ ᠠᠯᠢᠮ᠎ᠠ                                       ᠬᠢᠨᠠᠭᠴᠢ᠄ ᠪᠠᠢ ᠢᠦᠢ ᠰᠢᠶᠠ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号