ᠲᠤᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ《ᠨᠡᠷᠡᠳᠦ ᠬᠦᠮᠦᠰ ᠴᠢᠮ᠎ᠠ ᠳᠤ ᠬᠡᠷ ᠤᠨ ᠰᠤᠷᠭᠠᠯ ᠪᠢᠴᠢᠵᠦ ᠦᠭᠬᠦ》ᠬᠡᠮᠡᠭᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2022/9/29
      9 ᠰᠠᠷ᠎ᠠ ᠶᠢᠨ 22  ᠤ ᠡᠳᠦᠷ᠂ ᠲᠤᠭᠤᠷᠢᠭ  ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠡᠯ᠎ᠡ ᠪᠠᠶᠢᠭᠤᠯᠭ᠎ᠠ ᠨᠢᠭᠡᠴᠡ ᠲᠠᠢ ᠬᠤᠯᠪᠤᠭᠠᠯᠠᠨ《 ᠨᠡᠷᠡᠳᠦ ᠬᠦᠮᠦᠰ ᠴᠢᠮ᠎ᠠ ᠳᠤ ᠬᠡᠷ ᠤᠨ ᠰᠤᠷᠭᠠᠯ ᠪᠢᠴᠢᠵᠦ ᠦᠭᠬᠦ》ᠬᠡᠮᠡᠭᠦ ᠰᠢᠨ᠎ᠡ ᠴᠠᠭ ᠦᠶ᠎ᠡ  ᠶᠢᠨ ᠪᠤᠯᠪᠠᠰᠤᠨ ᠢ ᠦᠢᠯᠡᠳᠦᠯᠭᠡᠵᠢᠭᠦᠯᠬᠦ ᠤᠳᠬ᠎ᠠ ᠤᠷᠠᠯᠢᠭ ᠤᠨ ᠰᠠᠶᠢᠨ ᠲᠤᠷ᠎ᠠ  ᠶᠢᠨ ᠦᠢᠯᠡᠴᠢᠯᠡᠭᠡᠨ ᠤ ᠠᠵᠢᠯᠯᠠᠭ᠎ᠠ ᠦᠷᠨᠢᠭᠦᠯᠪᠡ᠃ ᠬᠦᠳᠡᠯᠭᠡᠭᠡᠨ ᠤ ᠲᠠᠯᠠᠪᠤᠷ ᠲᠤ᠂ ᠤᠷᠠᠨ ᠪᠢᠴᠢᠯᠭᠡᠳᠡᠳ ᠪᠢᠷ ᠪᠡᠭᠡ ᠪᠠᠨ ᠪᠢᠯᠡᠬᠦᠳᠡᠵᠦ᠂ ᠤᠯᠠᠨ ᠶᠠᠩᠵᠤ  ᠶᠢᠨ ᠤᠷᠠᠯᠢᠭ  ᠤᠨ ᠬᠡᠪ ᠨᠠᠮᠪᠠ᠂  ᠦᠷᠭᠡᠨ ᠪᠠᠶᠠᠯᠢᠭ ᠠᠷᠭ᠎ᠠ ᠬᠡᠪᠡᠷᠢ  ᠪᠠᠷ ᠰᠢᠯᠢᠳᠡᠭ ᠰᠠᠶᠢᠬᠠᠨ ᠭᠡᠷ  ᠤᠨ ᠰᠤᠷᠳᠠᠯ ᠤᠨ ᠵᠦᠪ ᠡᠨᠧᠷᠺᠢ ᠤᠯᠠᠮᠵᠢᠯᠠᠵᠤ᠂ ᠲᠤᠰᠬᠤᠨ  ᠤ ᠠᠷᠠᠳ ᠪᠠ ᠨᠠᠮ  ᠤᠨ ᠬᠡᠰᠢᠭᠦᠨ ᠺᠠᠳ᠋ᠷᠴᠤᠳ ᠲᠤᠷᠠᠳᠠᠶᠢᠶ᠎ᠠ ᠤᠷᠤᠯᠴᠠᠵᠤ᠂《ᠰᠠᠶᠢᠨ ᠰᠤᠷᠳᠠᠯ  ᠤᠨ ᠤᠯᠠᠮᠵᠢᠯᠠᠭᠴᠢ》 ᠶᠢᠨ ᠰᠠᠶᠢᠨ ᠰᠠᠶᠢᠬᠠᠨ ᠨᠡᠶᠢᠭᠡᠮ  ᠤᠨ ᠠᠭᠤᠷ ᠠᠮᠢᠰᠬᠤᠯ  ᠢ ᠪᠤᠢ ᠪᠤᠯᠭᠠᠵᠠᠢ᠃ ᠲᠠᠷᠠᠭᠠᠴᠢ ᠶᠢᠨ ᠠᠯᠬᠤᠮ ᠳᠤ᠂ ᠲᠤᠭᠤᠷᠢᠭ  ᠤᠨ ᠤᠳᠬ᠎ᠠ ᠤᠷᠠᠯᠢᠭ  ᠤᠨ ᠬᠢᠨ  ᠤ ᠬᠤᠯᠪᠤᠭ᠎ᠠ ᠬᠦᠳᠡᠭᠡ ᠲᠤᠰᠬᠤᠨ ᠤ ᠰᠤᠶᠤᠯ ᠤᠨ ᠬᠦᠭᠵᠢᠨ ᠴᠡᠴᠡᠭᠯᠡᠯᠳᠡ ᠶᠢ ᠦᠷᠭᠦᠯᠵᠢᠯᠡᠨ ᠬᠦᠨᠵᠡᠭᠡᠢ ᠠᠬᠢᠭᠤᠯᠵᠤ᠂ ᠰᠢᠨ᠎ᠡ ᠪᠤᠯᠪᠰᠤᠨ ᠤ ᠤᠷᠤᠰᠬᠠᠯ  ᠢ  ᠲᠠᠶᠢᠴᠢᠯᠠᠨ᠂ ᠦᠵᠡᠯ ᠰᠠᠨᠠᠭ᠎ᠠ‌‍ᠰᠤᠶᠤᠯ  ᠤᠨ ᠤᠬᠠᠭᠤᠯᠭ᠎ᠠ ᠶᠢᠨ ᠠᠵᠢᠯ ᠤᠨ《 ᠡᠴᠦᠰ  ᠤᠨ ᠨᠢᠭᠡ ᠺᠢᠯᠤᠮᠧᠲᠷ》 ᠢ ᠰᠢᠯᠤᠭᠤᠳᠬᠠᠵᠤ᠂ ᠤᠳᠬ᠎ᠠ ᠤᠷᠠᠯᠢᠭ  ᠤᠨ ᠰᠠᠶᠢᠨ ᠲᠤᠷ᠎ᠠ ᠶᠢᠨ ᠦᠢᠯᠡᠴᠢᠯᠡᠭᠡ ᠦᠨᠳᠦᠰᠦᠨ ᠱᠠᠳᠤᠨ ᠳᠤ ᠲᠠᠰᠤᠷᠠᠯᠳᠠ ᠦᠭᠡᠢ ᠦᠷᠭᠡᠵᠢᠨ ᠬᠦᠭᠵᠢᠭᠦ  ᠶᠢ ᠠᠬᠢᠭᠤᠯᠤᠨ᠎ᠠ᠃
图片1_副本.jpg
                                             ᠤᠷᠴᠢᠭᠤᠯᠤᠭᠴᠢ᠄ ᠠᠯᠢᠮ᠎ᠠ                                            ᠬᠢᠨᠠᠭᠴᠢ᠄ ᠪᠠᠢ ᠢᠦᠢ ᠰᠢᠶᠠ
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号