ᠴᠢᠩᠱᠠᠨ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ ᠲᠤᠭᠤᠶᠢᠯᠠᠩ 2022 ᠤᠨ ᠤ 14 ᠳ᠋ᠤᠭᠡᠷ ᠤᠳᠠᠭᠠᠨ ᠤ ᠰᠤᠷᠤᠯᠴᠠᠯᠭ᠎ᠠ ᠶᠢᠨ ︵ᠦᠷᠭᠡᠳᠭᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/29
     《ᠰᠢ ᠶᠢᠨ ᠫᠢᠩ ᠲᠦᠷᠦ ᠶᠢ ᠵᠠᠰᠠᠬᠤ ᠲᠤᠬᠠᠢ》 ᠨᠤᠮ ᠤᠨ ᠲᠦᠷᠪᠡᠳᠦᠭᠡᠷ ᠪᠤᠳᠢ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠦᠯᠦᠭᠡ᠂ 9 ᠰᠠᠷ᠎ᠠ ᠶᠢᠨ 28 ᠤ ᠡᠳᠦᠷ᠂ ᠴᠢᠩᠱᠠᠨ‌‍ᠲ᠋ᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ ᠲᠤᠭᠤᠶᠢᠯᠠᠩ 2022 ᠤᠨ ᠤ 14 ᠳ᠋ᠤᠭᠡᠷ ᠤᠳᠠᠭᠠᠨ ᠤ ᠰᠤᠷᠤᠯᠴᠠᠯᠭ᠎ᠠ ᠶᠢᠨ ︵ᠦᠷᠭᠡᠳᠭᠡᠭᠰᠡᠨ︶ ᠬᠤᠷᠠᠯ  ᠬᠤᠷᠠᠯᠳᠤᠭᠤᠯᠵᠤ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠤᠬᠠᠭᠤᠯᠬᠤ ᠬᠡᠯᠳᠡᠰ ᠤᠨ ᠲᠠᠷᠤᠭ᠎ᠠ ᠷᠧᠨ ᠬᠠᠢ ᠰᠢᠨ ᠰᠤᠷᠤᠯᠴᠠᠯᠭ᠎ᠠ ᠶᠢᠨ ᠬᠤᠷᠠᠯ  ᠢ ᠡᠷᠬᠢᠯᠡᠵᠡᠢ᠃ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ ᠲᠤᠭᠤᠶᠢᠯᠠᠩ ᠤᠨ ᠬᠡᠰᠢᠭᠦᠨ᠂ ᠲᠤᠭᠤᠷᠢᠭ ᠤᠨ ᠬᠠᠷᠢᠶᠠᠨ ᠤ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠶᠢᠨ ᠭᠤᠤᠯ ᠬᠠᠷᠢᠭᠤᠴᠠᠯᠭᠠᠳᠠᠳ ᠪᠠ ᠬᠤᠪᠢᠳᠠᠨ ᠬᠠᠮᠢᠶᠠᠷᠬᠤ ᠤᠳᠤᠷᠢᠳᠤᠯᠭ᠎ᠠ ᠨᠠᠷ ᠬᠤᠷᠠᠯ ᠳᠤ ᠤᠷᠤᠯᠴᠠᠵᠠᠢ᠃
22_副本.jpg
         ᠬᠤᠷᠠᠯ ᠳᠤ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠮᠠᠷᠺᠡᠰ ᠤᠨ ᠦᠵᠡᠯ  ᠤᠨ ᠲᠡᠭᠡᠳᠦ ᠰᠤᠷᠭᠠᠭᠤᠯᠢ ᠶᠢᠨ ᠲᠡᠳ᠋ ᠲᠠᠷᠤᠭ᠎ᠠ᠂ ᠳ᠋ᠤᠺᠲ᠋ᠤᠷ᠂ ᠫᠷᠤᠹᠧᠰᠰᠤᠷ᠂ ᠳ᠋ᠤᠺᠲ᠋ᠤᠷᠠᠨᠲ  ᠤᠨ ᠵᠢᠯᠤᠭᠤᠳᠤᠭᠴᠢ ᠪᠠᠭᠰᠢ ᠹᠦ᠋ ᠰᠦᠸᠧ ᠭᠧᠨ ᠪᠠᠭᠰᠢ《 ᠲᠡᠦᠭᠡ  ᠶᠢᠨ ᠰᠠᠨᠠᠭᠠᠴᠢᠯᠭᠠᠳᠤ ᠴᠢᠨᠠᠷ ᠢ ᠡᠵᠡᠮᠳᠡᠵᠦ᠂ ᠲᠡᠮᠡᠴᠡᠨ ᠤᠷᠤᠭᠰᠢᠯᠠᠬᠤ ᠲᠤᠭᠳᠠᠯ ᠬᠦᠴᠦᠨ ᠢᠶᠠᠨ ᠴᠢᠩᠭᠠᠳᠬᠠᠵᠤ —〈ᠰᠢ ᠶᠢᠨ ᠫᠢᠩ ᠲᠦᠷᠦ ᠶᠢ ᠵᠠᠰᠠᠬᠤ ᠲᠤᠬᠠᠢ》ᠨᠤᠮ ᠤᠨ ᠲᠦᠷᠪᠡᠳᠦᠭᠡᠷ ᠪᠤᠳᠢ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠤᠶ᠎ᠠ〉ᠬᠡᠭᠦ ᠰᠡᠳᠦᠪ  ᠢᠶᠠᠷ ᠵᠢᠯᠤᠭᠤᠳᠤᠯᠭ᠎ᠠ ᠶᠢᠨ ᠲᠠᠶᠢᠯᠤᠮᠵᠢ ᠬᠢᠵᠡᠢ᠃ ᠲᠠᠶᠢᠯᠤᠮᠵᠢ ᠳᠤ《ᠰᠢ ᠶᠢᠨ ᠫᠢᠩ ᠲᠦᠷᠦ ᠶᠢ ᠵᠠᠰᠠᠬᠤ ᠲᠤᠬᠠᠢ》 ᠨᠤᠮ ᠤᠨ ᠲᠦᠷᠪᠡᠳᠦᠭᠡᠷ ᠪᠤᠳᠢ ᠶᠢᠨ ᠤᠨᠤᠯ ᠪᠠ ᠪᠤᠳᠠᠳᠤ ᠠᠬᠤᠢ  ᠶᠢᠨ ᠬᠦᠨᠳᠦ ᠴᠢᠬᠤᠯᠠ ᠠᠴᠢ ᠬᠤᠯᠪᠤᠭᠳᠠᠯ᠂  ᠴᠢᠬᠤᠯᠠ ᠠᠭᠤᠯᠭ᠎ᠠ ᠪᠠ ᠵᠤᠭᠰᠤᠯᠳᠠ ᠦᠵᠡᠯᠳᠡ᠂ ᠠᠷᠭ᠎ᠠ ᠪᠠᠷᠢᠯ ᠵᠡᠷᠭᠡ ᠭᠤᠷᠪᠠᠨ ᠲᠠᠯ᠎ᠠ ᠠᠴᠠ ᠬᠦᠨᠵᠡᠭᠡᠢ ᠤᠶᠢᠯᠠᠭᠠᠮᠵᠢᠳᠠᠢ ᠲᠠᠶᠢᠯᠪᠤᠷᠢᠯᠠᠯᠳᠠ ᠬᠢᠵᠡᠢ᠃     ᠬᠤᠷᠠᠯ ᠠᠴᠠ ᠱᠠᠭᠠᠷᠳᠠᠭᠰᠠᠨ ᠨᠢ᠂《 ᠬᠤᠶᠠᠷ ᠢ ᠲᠤᠭᠳᠠᠭᠠᠬᠤ》ᠰᠢᠢᠳᠪᠦᠷᠢᠳᠦ ᠠᠴᠢ ᠬᠤᠯᠪᠤᠭᠳᠠᠯ ᠢ ᠬᠦᠨᠵᠡᠭᠡᠢ ᠤᠶᠢᠯᠠᠭᠠᠵᠤ᠂《 ᠲᠦᠷᠪᠡᠨ ᠤᠬᠠᠮᠰᠠᠷ》 ᠢ ᠴᠢᠩᠭᠠᠳᠬᠠᠵᠤ᠂《 ᠲᠦᠷᠪᠡᠨ ᠢᠳᠡᠭᠡᠯ 》 ᠢ ᠡᠷᠡᠰ ᠪᠠᠳᠤ ᠪᠤᠯᠭᠠᠵᠤ᠂《ᠬᠤᠶᠠᠷ ᠢ ᠬᠠᠮᠠᠭᠠᠯᠠᠬᠤ》᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠲᠠᠰᠤᠷᠠᠯᠳᠠ ᠦᠭᠡᠢ ᠬᠦᠨᠵᠡᠭᠡᠶᠢᠷᠡᠭᠦᠯᠵᠦ᠂ ᠦᠷᠭᠡᠨ ᠤᠯᠠᠨ ᠺᠠᠳ᠋ᠷ ᠰᠢᠨ᠎ᠡ ᠠᠶᠠᠨ ᠵᠠᠮ ᠳᠠᠭᠠᠨ ᠡᠷᠡᠯᠭᠡᠭᠯᠡᠨ ᠤᠷᠤᠭᠰᠢᠯᠠᠬᠤ ᠶᠢ ᠤᠷᠮᠠᠰᠢᠭᠤᠯᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠪᠠᠷ ᠴᠢᠷᠮᠠᠶᠢᠨ᠎ᠠ᠃ ᠡᠭᠦᠨ ᠤ ᠵᠡᠷᠭᠡᠴᠡᠭᠡ ᠪᠠᠷ᠂《ᠰᠢ ᠶᠢᠨ ᠫᠢᠩ ᠲᠦᠷᠦ ᠶᠢ ᠵᠠᠰᠠᠬᠤ ᠲᠤᠬᠠᠢ》 ᠨᠤᠮ ᠤᠨ ᠨᠢᠭᠡᠳᠦᠭᠡᠷ ᠪᠤᠳᠢ ᠠᠴᠠ ᠲᠦᠷᠪᠡᠳᠦᠭᠡᠷ ᠪᠤᠳᠢ ᠶᠢ ᠨᠢᠭᠡᠨ ᠪᠦᠬᠦᠯᠢ ᠴᠤᠭᠴᠠ ᠪᠤᠯᠭᠠᠨ ᠰᠤᠷᠤᠯᠴᠠᠵᠤ᠂  ᠰᠤᠷᠤᠯᠴᠠᠯᠭ᠎ᠠ ᠪᠠ ᠰᠤᠷᠭᠠᠨ ᠬᠦᠮᠦᠵᠢᠯ  ᠢ ᠦᠷᠭᠦᠯᠵᠢᠯᠡᠨ ᠰᠠᠶᠢᠳᠤᠷ ᠠᠳᠬᠤᠵᠤ᠂ ᠤᠬᠠᠭᠤᠯᠤᠨ ᠲᠦᠭᠡᠮᠡᠯᠵᠢᠬᠦᠯᠬᠦ  ᠶᠢ ᠴᠢᠩᠭᠠᠳᠬᠠᠵᠤ᠂ ᠰᠣᠳᠣᠯᠤᠯ ᠪᠠ ᠲᠠᠶᠢᠯᠪᠤᠷᠢᠯᠠᠬᠤ ᠪᠠᠨ ᠬᠦᠨᠵᠡᠭᠡᠶᠢᠷᠡᠬᠦᠯᠵᠦ᠂ ᠤᠯᠠᠨ ᠤᠯᠤᠰ ᠤᠨ ᠬᠡᠪᠴᠢᠶᠡᠨ  ᠤ ᠲᠠᠮᠵᠢᠭᠤᠯᠭ᠎ᠠ ᠶᠢ ᠰᠢᠨᠡᠳᠭᠡᠨ᠂ ᠨᠠᠮ  ᠤᠨ ᠰᠢᠨ᠎ᠡ ᠤᠨᠤᠯ ᠢ ᠰᠤᠷᠴᠤ ᠨᠡᠪᠳᠡᠷᠡᠳᠡᠯ᠎ᠡ ᠤᠶᠢᠯᠠᠭᠠᠵᠤ ᠪᠤᠳᠠᠳᠠᠶᠢᠵᠢᠭᠤᠯᠬᠤ ᠲᠡᠭᠡᠷ᠎ᠡ ᠲᠠᠰᠤᠷᠠᠯᠳᠠ ᠦᠭᠡᠢ ᠰᠢᠨ᠎ᠡ ᠠᠬᠢᠴᠠ ᠰᠢᠨ᠎ᠡ ᠦᠷ᠎ᠡ ᠪᠦᠳᠦᠮᠵᠢ ᠤᠯᠵᠤ᠂ ᠪᠤᠳᠠᠳᠤ ᠠᠵᠢᠯᠯᠠᠭ᠎ᠠ ᠪᠠᠷ  ᠢᠶᠠᠨ ᠨᠠᠮ ᠤᠨ ᠬᠤᠷᠢᠳᠤᠭᠠᠷ ᠶᠡᠭᠡ ᠬᠤᠷᠠᠯ  ᠤᠨ ᠠᠮᠵᠢᠯᠳᠠᠳᠠᠢ ᠬᠤᠷᠠᠯᠳᠤᠬᠤ ᠶᠢ ᠪᠠᠶᠠᠷᠯᠠᠨ ᠤᠭᠳᠤᠨ᠎ᠠ᠃                                            ᠤᠷᠴᠢᠭᠤᠯᠤᠭᠴᠢ᠄ ᠠᠯᠢᠮ᠎ᠠ                                            ᠬᠢᠨᠠᠭᠴᠢ᠄ ᠪᠠᠢ ᠢᠦᠢ ᠰᠢᠶᠠ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号