ᠴᠢᠩᠱᠠᠨ ᠲᠣᠭᠤᠷᠢᠭ ᠠᠩᠬᠠᠳᠠᠭᠴᠢ ᠪᠦᠯᠦᠭ ᠣᠯᠠᠨ ᠲᠦᠮᠡᠨ ᠳᠤ ᠰᠠᠭᠤᠭᠳᠠᠯ ᠲᠠᠢ 10 ᠵᠦᠢᠯ ᠤᠨ ᠶᠠᠪᠤᠳᠠᠯ ᠢ ᠭᠠᠷᠭᠠᠪᠠ
ᠨᠡᠶᠢᠲᠡᠯᠡᠭᠰᠡᠨ ᠴᠠᠭ᠄
2022/9/5
      ᠰᠤᠷᠪᠤᠯᠵᠢᠯᠠᠭᠰᠠᠨ ᠭᠤᠤᠯ ᠰᠡᠳᠦᠪ᠄ ᠴᠢᠩᠱᠠᠨ ᠲᠣᠭᠤᠷᠢᠭ ᠠᠩᠬᠠᠳᠠᠭᠴᠢ ᠪᠦᠯᠦᠭ ᠣᠯᠠᠨ ᠲᠦᠮᠡᠨ ᠳᠤ ᠰᠠᠭᠤᠭᠳᠠᠯ ᠲᠠᠢ 10 ᠵᠦᠢᠯ ᠤᠨ  ᠶᠠᠪᠤᠳᠠᠯ ᠢ ᠭᠠᠷᠭᠠᠪᠠ       ᠰᠤᠷᠪᠤᠯᠵᠢᠯᠠᠭᠰᠠᠨ ᠴᠠᠭ᠄ 2022 ᠤᠨ ᠤ 9 ᠰᠠᠷ᠎ᠠ ᠶᠢᠨ 4 ᠤ ᠡᠳᠦᠷ      ᠰᠤᠷᠪᠤᠯᠵᠢᠯᠠᠭ᠎ᠠ ᠬᠦᠯᠢᠶᠡᠭᠰᠡᠨ ᠵᠤᠴᠢᠨ᠄ ᠴᠢᠩᠱᠠᠨ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠲᠤᠪᠴᠢᠶᠠᠨ ᠲᠠᠷᠤᠭ᠎ᠠ ᠵᠠᠩ ᠬᠠᠢ ᠵᠢᠶᠦ᠋ᠨ      ᠰᠤᠷᠪᠤᠯᠵᠢᠯᠠᠭᠰᠠᠨ ᠠᠬᠤᠢ ᠪᠠᠶᠢᠳᠠᠯ᠄ ᠣᠶᠢᠷ᠎ᠠ ᠳᠤ᠂ ᠴᠢᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠨᠢᠭᠡ  ᠰᠦᠯᠵᠢᠶ᠎ᠡ ᠳᠤ ᠪᠦᠬᠦᠨ ᠢ ᠭᠦᠢᠴᠡᠳᠭᠡᠬᠦ︾᠂ ︽ᠪᠥᠬᠦ ᠬᠤᠲᠠ ᠪᠠᠷ ᠨᠡᠶᠢᠳᠡᠮ ᠭᠦᠢᠴᠡᠳᠭᠡᠬᠦ︾᠂ ︽ᠭᠤᠶᠤᠴᠢᠯᠠᠬᠤ  ᠥᠬᠡᠶ ᠪᠠᠷ ᠳᠠᠷᠤᠶ ᠡᠳ᠋ᠯᠡᠬᠦ︾ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠭᠦᠴᠦ ᠪᠠᠷ ᠢᠶᠠᠨ ᠳᠡᠭᠡᠭᠰᠢᠯᠡᠭᠦᠯᠦᠭᠰᠡᠨ  ᠰᠠᠭᠤᠷᠢᠨ ᠳᠡᠭᠡᠷ᠎ᠡ᠂ ᠠᠩᠬᠠᠳᠠᠭᠴᠢ ᠪᠦᠯᠦᠭ ᠣᠯᠠᠨ ᠲᠦᠮᠡᠨ  ᠳᠤ ᠰᠠᠭᠤᠭᠳᠠᠯ ᠲᠠᠢ 10  ᠵᠦᠢᠯ ᠤᠨ ᠶᠠᠪᠤᠳᠠᠯ ᠢ  ᠡᠮᠬᠢᠯᠡᠨ ᠭᠠᠷᠭᠠᠵᠤ᠂ ︽ᠵᠠᠩᠭᠢᠯᠠᠭ᠎ᠠ ᠶᠢᠨ ᠪᠠᠭ᠎ᠠ ᠶᠠᠪᠤᠳᠠᠯ︾ ᠢ ᠰᠠᠶᠢᠲᠤᠷ ᠰᠢᠢᠳᠪᠦᠷᠢᠯᠡᠬᠦ ᠠᠴᠠ ᠭᠠᠷᠳᠠᠵᠤ᠂ ᠣᠯᠠᠨ  ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ᠲᠥᠬᠦᠮ ᠦᠵᠡᠭᠦᠯᠬᠦ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ  ᠤᠯᠠᠮ ᠨᠢᠭᠡ ᠠᠯᠬᠤᠮ ᠳᠡᠭᠡᠭᠰᠢᠯᠡᠬᠦᠯᠬᠦ ᠪᠠᠷ ᠪᠤᠢ᠃        【 ᠬᠦᠳᠦᠯᠦᠭᠴᠢ】      ᠴᠢᠩᠱᠠᠨ ᠲᠣᠭᠤᠷᠢᠭ ᠠᠩᠬᠠᠳᠠᠭᠴᠢ ᠪᠦᠯᠦᠭ ᠣᠯᠠᠨ ᠲᠦᠮᠡᠨ  ᠳᠤ ᠰᠠᠭᠤᠭᠳᠠᠯ ᠲᠠᠢ 10  ᠵᠦᠢᠯ ᠤᠨ ᠶᠠᠪᠤᠳᠠᠯ ᠢ  ᠡᠮᠬᠢᠯᠡᠨ ᠭᠠᠷᠭᠠᠵᠤ᠂ ︽ᠵᠠᠩᠭᠢᠯᠠᠭ᠎ᠠ ᠶᠢᠨ ᠪᠠᠭ᠎ᠠ ᠶᠠᠪᠤᠳᠠᠯ︾ ᠢ ᠰᠠᠶᠢᠲᠤᠷ ᠰᠢᠢᠳᠪᠦᠷᠢᠯᠡᠬᠦ ᠲᠤᠬᠠᠢ ᠶᠠᠷᠢᠭᠠᠳ ᠦᠭᠬᠦᠨ᠎ᠡ ᠦᠦ︖       【ᠰᠤᠷᠪᠤᠯᠵᠢᠯᠠᠭ᠎ᠠ ᠬᠦᠯᠢᠶᠡᠭᠰᠡᠨ ᠵᠤᠴᠢᠨ ᠵᠠᠩ ᠬᠠᠢ ᠵᠢᠶᠦ᠋ᠨ】        ᠨᠡᠶᠢᠭᠡᠮ ᠲᠣᠭᠤᠷᠢᠭ ᠤᠨ ᠶᠡᠷᠦᠩᠬᠡᠶᠢᠯᠡᠨ ᠬᠦᠯᠢᠶᠡᠨ ᠠᠪᠴᠤ ᠰᠢᠢᠳᠪᠦᠷᠢᠯᠡᠬᠦ ᠥᠭᠡᠷᠡᠴᠢᠯᠡᠯᠲᠡ ᠶᠢ  ᠶᠠᠪᠤᠭᠤᠯᠤᠨ᠎ᠠ᠃ 1 - 2 ᠨᠡᠶᠢᠭᠡᠮ ᠲᠣᠭᠤᠷᠢᠭ ᠤᠨ ᠱᠠᠲᠤᠨ ᠤ ᠨᠢᠭᠡ ᠴᠣᠩᠬᠤᠨ ᠳᠤ ᠭᠥᠯᠢᠶᠡᠨ ᠠᠪᠴᠤ ᠰᠢᠢᠳᠪᠦᠷᠢᠯᠡᠬᠦ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠭᠠᠷᠭᠠᠵᠦ᠂ ᠲᠤᠬᠠᠶᠢᠯᠠᠭᠰᠠᠨ ᠠᠵᠢᠯ ᠳᠠᠭᠠᠨ  ᠪᠣᠯᠪᠠᠰᠤᠷᠠᠩᠭᠤᠶ ᠶᠡᠷᠦᠩᠬᠡᠶ ᠰᠠᠯᠠᠭᠠᠨ ᠤ ᠶᠡᠷᠦᠩᠬᠡᠶᠢᠯᠡᠭᠰᠡᠨ ᠴᠣᠩᠬᠤᠨ ᠤ ᠠᠵᠢᠯᠲᠠᠨ ᠢ ᠰᠣᠩᠭᠤᠨ ᠲᠣᠮᠢᠯᠠᠵᠤ᠂  ᠬᠡᠰᠡᠭ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠮᠨᠡᠯᠭᠡ ᠶᠢᠨ ᠳᠠᠭᠠᠳᠬᠠᠯ ᠤᠨ  ᠲᠥᠷᠥᠯ ᠤᠨ ᠠᠷᠠᠳ ᠲᠤ ᠬᠤᠯᠪᠣᠭᠳᠠᠬᠤ ᠥᠨᠳᠥᠷ ᠲᠠᠪᠳᠠᠮᠵᠢᠳᠤ ᠬᠡᠷᠡᠭ ᠶᠠᠪᠤᠳᠠᠯ ᠢ ᠨᠡᠶᠢᠭᠡᠮ ᠲᠣᠭᠤᠷᠢᠭ ᠲᠤ  ᠪᠠᠭᠤᠯᠭᠠᠵᠤ᠂ ᠣᠯᠠᠨ ᠲᠦᠮᠡᠨ ᠤ ᠳᠡᠷᠭᠡᠳᠡᠬᠢ ᠬᠡᠷᠡᠭ ᠶᠠᠪᠤᠳᠠᠯ ᠢ ᠨᠢᠭᠡ ᠴᠣᠩᠬᠤ ᠪᠠᠷ ᠬᠡᠷ ᠤᠨ ᠬᠢᠨᠢ ᠣᠶᠢᠷᠠᠯᠴᠠᠭ᠎ᠠ  ᠰᠢᠢᠳᠪᠦᠷᠢᠯᠡᠬᠦ ᠶᠢ ᠪᠡᠶᠡᠯᠡᠭᠦᠯᠦᠨ᠎ᠡ᠃        ᠠᠷᠠᠳ ᠲᠤ ᠬᠤᠯᠪᠣᠭᠳᠠᠬᠤ ᠦᠢᠯᠡᠴᠢᠯᠡᠭᠡᠨ ᠤ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ  ᠡᠩᠨᠡᠭᠡ ᠶᠢ ᠪᠠᠶᠢᠭᠤᠯᠤᠨ᠎ᠠ᠃ ᠣᠲᠣ ᠶᠢᠨ ᠪᠠᠶᠢᠭ᠎ᠠ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ  ᠲᠣᠭᠲᠠᠴᠠ ᠶᠢᠨ ᠰᠠᠭᠤᠷᠢᠨ ᠳᠡᠭᠡᠷ᠎ᠡ᠂ ᠲᠤᠰᠬᠠᠶᠢᠯᠠᠨ ᠵᠡᠮᠳᠡᠭ ᠬᠥᠮᠦᠰ᠂ ᠨᠠᠰᠤᠲᠠᠶᠢᠴᠤᠳ ᠵᠡᠷᠭᠡ  ᠪᠠᠭᠤᠷᠠᠶᠢᠴᠤᠳ ᠲᠤ ᠦᠢᠯᠡᠴᠢᠯᠡᠳᠡᠭ ᠣᠷᠣᠯᠠᠨ ᠭᠦᠢᠴᠡᠳᠭᠡᠬᠦ ᠬᠠᠪᠰᠤᠷᠤᠨ ᠭᠦᠢᠴᠡᠳᠭᠡᠬᠦ ᠡᠩᠨᠡᠭᠡ ᠶᠢ ᠵᠣᠬᠢᠶᠠᠨ  ᠪᠠᠶᠢᠭᠤᠯᠵᠤ᠂ ᠲᠤᠰᠬᠠᠶ ᠴᠣᠩᠬᠤ ᠲᠤᠰᠬᠠᠶ ᠬᠥᠮᠦᠨ ᠮᠠᠶ᠋ᠢᠭ ᠤᠨ ᠮᠠᠲ᠋ᠧᠷᠢᠶᠠᠯ ᠢ ᠬᠢᠨᠠᠨ ᠪᠠᠶᠢᠴᠠᠭᠠᠬᠤ᠂   ᠭᠦᠢᠴᠡᠳᠭᠡᠬᠦ ᠶᠠᠪᠤᠴᠠ ᠶᠢ ᠣᠷᠣᠯᠠᠨ ᠭᠦᠢᠴᠡᠳᠭᠡᠬᠦ᠂ ᠴᠠᠭ ᠢ ᠤᠷᠲᠤᠳᠬᠠᠬᠤ ᠦᠢᠯᠡᠴᠢᠯᠡᠭᠡ᠂ ᠬᠡᠷ ᠲᠤᠨᠢ ᠣᠴᠢᠵᠤ  ᠦᠢᠯᠡᠴᠢᠯᠡᠬᠦ ᠵᠡᠷᠭᠡ ᠣᠯᠠᠨ  ᠵᠦᠢᠯ ᠤᠨ ᠬᠡᠯᠪᠡᠷᠢ ᠶᠢᠨ ᠣᠷᠣᠯᠠᠨ ᠭᠦᠢᠴᠡᠳᠭᠡᠬᠦ ᠬᠠᠪᠰᠤᠷᠤᠨ ᠭᠦᠢᠴᠡᠳᠭᠡᠬᠦ   ᠦᠢᠯᠡᠴᠢᠯᠡᠭᠡ ᠬᠠᠩᠭᠠᠨ᠎ᠠ᠃        ︽ᠨᠢᠭᠡ ᠯᠡ ᠤᠳᠠᠭ᠎ᠠ ᠳᠤ ᠭᠦᠢᠴᠡᠳᠬᠡᠬᠦ︾ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠶᠢ  ᠥᠷᠭᠡᠳᠬᠡᠨ᠎ᠡ᠃ ᠠᠵᠤ ᠠᠬᠤᠶᠢᠯᠠᠯ ᠪᠠ ᠬᠤᠪᠢ ᠬᠥᠮᠦᠨ ᠤ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ  ᠲᠣᠭᠤᠷᠢᠨ ᠳᠤ᠂ ᠰᠠᠶ᠋ᠢ ᠲᠥᠷᠥᠭᠰᠡᠨ ᠬᠡᠤᠬᠡᠳ ᠤᠨ ︽ᠨᠢᠭᠡ ᠶᠠᠪᠤᠳᠠᠯ︾ ᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂  ᠠᠵᠢᠯ ᠠᠴᠠ ᠪᠠᠨ ᠠᠮᠠᠷᠠᠬᠤ ᠶᠢᠨ ︽ᠨᠢᠭᠡ ᠶᠠᠪᠤᠳᠠᠯ︾ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠥᠨᠳᠥᠷ  ᠲᠠᠪᠳᠠᠮᠵᠢᠳᠤ ᠵᠦᠢᠯ ᠤᠨ ᠬᠠᠮ ᠦᠢᠯᠡᠴᠢᠯᠡᠭᠡ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠨ᠎ᠡ᠃        ᠪᠦᠬᠦ ᠬᠤᠳᠠ ᠶᠢᠨ ᠬᠠᠷᠢᠯᠴᠠᠨ ᠨᠡᠪᠲᠡᠷᠡᠯᠴᠡᠬᠦ ᠵᠢᠴᠢ ᠣᠨᠳᠣᠣ ᠭᠠᠵᠠᠷ ᠲᠤ ᠭᠦᠢᠴᠡᠳᠭᠡᠵᠦ ᠪᠣᠯᠬᠤ  ᠦᠢᠯᠡᠴᠢᠯᠡᠭᠡᠨ ᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠪᠠ ᠣᠯᠠᠨ ᠲᠦᠮᠡᠨ ᠤ ᠨᠡᠶᠢᠳᠡᠮ  ᠠᠩᠬᠠᠷᠴᠤ ᠪᠠᠶᠢᠭ᠎ᠠ ᠣᠨᠳᠣᠤ ᠭᠠᠵᠠᠷ ᠲᠤ ᠠᠵᠢᠯ ᠶᠠᠪᠤᠳᠠᠯ ᠭᠦᠢᠴᠡᠳᠭᠡᠬᠦ ᠵᠦᠢᠯ ᠤᠨ ᠲᠣᠭᠤᠷᠢᠨ ᠳᠤ᠂   ᠨᠢᠭᠡᠳᠦᠯᠳᠠᠢ ᠭᠦᠢᠴᠡᠳᠭᠡᠵᠦ ᠪᠣᠯᠬᠤ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯ ᠤᠨ ᠨᠠᠷᠢᠨ  ᠬᠠᠭᠤᠳᠠᠰᠤ ᠶᠢ ᠡᠮᠬᠢᠯᠡᠨ ᠳᠢᠭᠯᠡᠵᠦ᠂ ᠠᠳᠠᠯᠢ ᠨᠢᠭᠡ ᠵᠦᠢᠯ ᠢ ᠪᠠᠷᠢᠮᠵᠢᠶᠠᠵᠢᠭᠤᠯᠤᠨ ᠭᠥᠯᠢᠶᠡᠨ ᠠᠪᠴᠤ   ᠰᠢᠢᠳᠪᠦᠷᠢᠯᠡᠬᠦ ᠶᠢ ᠬᠡᠷᠡᠭᠵᠢᠭᠦᠯᠦᠨ᠂ ᠣᠷᠣᠨ ᠪᠦᠰᠡ ᠶᠢᠨ ᠬᠠᠷᠰᠢᠯᠠᠯ ᠪᠠ ᠰᠠᠯᠠᠭ᠎ᠠ ᠮᠥᠴᠢᠷ ᠤᠨ ᠪᠠᠬᠢᠯᠡᠯᠲᠡ ᠶᠢ  ᠡᠪᠳᠡᠵᠦ᠂ ᠠᠶᠢᠮᠠᠭ ᠬᠤᠲᠠ ᠲᠣᠭᠤᠷᠢᠭ ᠠᠯᠤᠰᠯᠠᠨ ᠭᠦᠢᠴᠡᠳᠭᠡᠬᠦ ᠶᠢ ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠲᠣᠬᠠᠶᠢᠯᠠᠭᠰᠠᠨ ᠠᠵᠢᠯ ᠢ ᠳᠡᠰ ᠲᠡᠪᠰᠢᠭᠦᠯᠦᠨ᠎ᠡ᠃       ᠤᠶᠤᠨᠲᠤ ᠬᠠᠤᠯᠢ ᠶᠢᠨ ᠶᠠᠪᠤᠳᠠᠯ ᠤᠨ ᠦᠢᠯᠡᠴᠢᠯᠡᠭᠡᠨ ᠤ ᠲᠤᠰᠬᠠᠶ ᠲᠢᠩᠬᠢᠮ ᠨᠢ ᠲᠤᠰᠬᠠᠶ ᠬᠠᠤᠯᠢᠴᠢ ᠶᠢᠨ ᠬᠡᠷᠡᠭ  ᠡᠷᠬᠢᠯᠡᠬᠦ ᠭᠠᠵᠠᠷ ᠵᠢᠴᠢ ᠤᠶᠤᠨᠴᠢᠯᠠᠭᠰᠠᠨ ᠥᠪᠡᠰᠦᠪᠡᠨ ᠦᠢᠯᠡᠴᠢᠯᠡᠬᠦ ᠲᠥᠬᠦᠭᠡᠷᠦᠮᠵᠢ ᠶᠢ ᠣᠷᠣᠭᠤᠯᠤᠨ ᠠᠪᠴᠢᠷᠠᠵᠤ ᠂ ᠠᠵᠤ ᠠᠬᠤᠶᠢᠯᠠᠯ ᠣᠯᠠᠨ ᠲᠦᠮᠡᠨ ᠳᠤ ᠰᠦᠢᠳᠭᠡᠯ ᠬᠤᠷᠢᠶᠠᠬᠤ ᠥᠬᠡᠶ ᠪᠠᠷ ᠬᠠᠤᠯᠢ ᠴᠠᠭᠠᠵᠠ ᠶᠢᠨ ᠵᠥᠪᠯᠡᠯᠭᠡ  ᠥᠭᠬᠦ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠵᠡᠷᠭᠡ ᠦᠢᠯᠡᠴᠢᠯᠡᠭᠡ ᠬᠠᠩᠭᠠᠨ᠎ᠠ᠃ ᠬᠠᠮᠢᠶ᠎ᠠ ᠪᠥᠬᠦᠶ  ᠰᠠᠯᠠᠭ᠎ᠠ ᠮᠥᠴᠢᠷ ᠢ ᠵᠣᠬᠢᠴᠠᠭᠤᠯᠤᠨ ᠲᠥᠪᠯᠡᠷᠡᠭᠦᠯᠦᠨ ᠰᠠᠭᠤᠯᠭᠠᠵᠤ᠂ ᠨᠢᠭᠡ  ᠲᠥᠪ ᠠᠴᠠ ᠵᠢᠯᠣᠭᠤᠳᠬᠤ᠂ ᠨᠢᠭᠡ  ᠲᠠᠪᠴᠠᠩ ᠢᠶᠠᠷ ᠠᠵᠢᠯᠯᠠᠭᠤᠯᠬᠤ᠂ ᠦᠨᠳᠦᠰᠦᠨ ᠱᠠᠲᠤᠨ ᠤ ᠶᠡᠷᠦᠩᠬᠡᠶ ᠰᠠᠯᠠᠭᠠᠨ ᠤ ᠲᠣᠣᠷᠵᠢᠭᠤᠯᠤᠯᠲᠠ ᠶᠢᠨ  ᠬᠠᠮᠢᠶᠠᠷᠤᠯᠲᠠ ᠶᠢᠨ ᠵᠠᠰᠠᠯᠲᠠ ᠶᠢᠨ ᠰᠢᠨ᠎ᠡ ᠪᠠᠶᠢᠷᠢᠰᠢᠯ ᠢ ᠪᠣᠶ ᠪᠣᠯᠭᠠᠨ᠎ᠠ᠃        ᠤᠯᠠᠨ ᠶᠠᠩᠵᠤᠴᠢᠯᠠᠭᠰᠠᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠩᠬᠤ ᠶᠢ ᠪᠠᠶᠢᠭᠤᠯᠤᠨ᠎ᠠ᠃ ᠡᠮᠨᠡᠯᠭᠡ ᠶᠢᠨ ᠳᠠᠭᠠᠳᠬᠠᠯ᠂ ᠨᠡᠶᠢᠭᠡᠮ ᠤᠨ ᠳᠠᠭᠠᠳᠬᠠᠯ ᠤᠨ ︽  ᠶᠠᠷᠦᠩᠭᠡᠶᠢᠯᠡᠭᠰᠡᠨ ᠴᠤᠩᠬᠤᠪᠴᠢ ᠶᠢᠨ ᠠᠵᠢᠯᠲᠠᠨ ᠤ ᠳᠦᠷᠢᠮ︾ ᠢ  ᠬᠦᠴᠦᠯᠡᠨ ᠪᠣᠶ ᠪᠣᠯᠭᠠᠵᠤ᠂ ᠡᠮᠦᠨ᠎ᠡ ᠲᠠᠪᠴᠠᠩ ᠳᠤ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ᠂ ᠠᠷᠤ  ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠨᠢᠭᠡᠳᠦᠯᠲᠡᠶ ᠴᠣᠩᠬᠤ ᠪᠠᠷ ᠮᠠᠲ᠋ᠧᠷᠢᠶᠠᠯ ᠭᠠᠷᠭᠠᠬᠤ ᠶᠢ  ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠠᠮᠤᠷ ᠢ ᠬᠠᠮᠠᠭᠠᠯᠠᠬᠤ᠂ ᠡᠷᠦᠬᠡ ᠠᠮᠠ ᠶᠢᠨ ᠶᠠᠪᠤᠳᠠᠯ᠂ ᠵᠠᠮ ᠬᠠᠷᠢᠯᠴᠠᠭᠠᠨ ᠤ  ᠬᠠᠮᠢᠶᠠᠷᠤᠯᠲᠠ ᠵᠡᠷᠭᠡ ᠳᠤ ᠬᠤᠯᠪᠣᠭᠳᠠᠬᠤ ᠳᠣᠲᠣᠭᠠᠳᠤ ᠶᠢ ᠬᠠᠮᠠᠭᠠᠯᠠᠬᠤ ᠶᠡᠷᠦᠩᠬᠡᠶᠢᠯᠡᠭᠰᠡᠨ ᠴᠣᠩᠬᠤ ᠲᠣᠮᠢᠯᠠᠭᠰᠠᠨ  ᠰᠠᠯᠪᠤᠷᠢ ᠳᠤ ᠣᠷᠣᠵᠤ ᠰᠠᠭᠤᠬᠤ ᠶᠢ ᠠᠬᠢᠭᠤᠯᠤᠨ᠎ᠠ᠃         ᠴᠣᠩᠬᠤ ᠪᠠᠷ ᠦᠨᠡᠯᠡᠵᠦ ᠬᠠᠷᠢᠭᠤ ᠲᠤᠰᠬᠠᠬᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ︽ᠰᠠᠶᠢᠨ  ᠮᠠᠭᠤ ᠶᠢᠨ ᠦᠨᠡᠯᠡᠯᠲᠡ︾ ᠶᠢᠨ ᠠᠵᠢᠯ ᠤᠨ ᠲᠦᠷᠢᠮ ᠪᠠ ᠦᠨᠡᠯᠡᠵᠦ ᠬᠢᠨᠠᠨ ᠬᠠᠮᠢᠶᠠᠷᠬᠤ ᠰᠢᠰᠲ᠋ᠧᠮ ᠢ  ᠪᠦᠷᠢᠨᠰᠢᠬᠦᠯᠦᠨ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ᠂ ᠵᠡᠭᠡᠯᠢ  ᠭᠤᠳᠤᠮᠵᠢ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠪᠣᠯᠤᠨ ᠨᠡᠶᠢᠭᠡᠮ ᠲᠣᠭᠤᠷᠢᠭ ᠤᠨ  ᠦᠢᠯᠡᠴᠢᠯᠡᠭᠡᠨ ᠤ ᠥᠷᠲᠡᠭᠡ ᠶᠢᠨ ᠦᠢᠯᠡᠴᠢᠯᠡᠭᠡᠨ ᠤ ᠴᠣᠩᠬᠤ᠂ ᠦᠢᠯᠡᠴᠢᠯᠡᠭᠡᠨ ᠤ ᠵᠦᠢᠯ᠂ ᠬᠡᠷᠡᠭ ᠶᠠᠪᠤᠳᠠᠯ  ᠭᠦᠢᠴᠡᠳᠭᠡᠬᠦ ᠶᠠᠪᠤᠴᠠ᠂ ᠦᠨᠡᠯᠡᠬᠦ ᠡᠲᠡᠭᠡᠳ ᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠴᠠᠭ ᠬᠢᠵᠠᠭᠠᠷᠯᠠᠨ ︽ᠮᠠᠭᠤ  ᠦᠨᠡᠯᠡᠯᠲᠡ︾ ᠶᠢ 100% ᠪᠠᠷ ᠬᠠᠷᠢᠭᠤ ᠰᠤᠷᠪᠤᠯᠵᠢᠯᠠᠵᠤ᠂ 100% ᠪᠠᠷ ᠴᠡᠭᠴᠡᠯᠡᠨ ᠰᠠᠶᠢᠵᠢᠷᠠᠭᠤᠯᠬᠤ ᠶᠢ  ᠪᠣᠳᠠᠲᠠᠶᠢᠵᠢᠭᠤᠯᠤᠨ᠎ᠠ᠃        ᠡᠭᠦᠨ ᠠᠴᠠ ᠭᠠᠳᠠᠨ᠎ᠠ ᠴᠢᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ  ᠪᠠᠰᠠ ᠣᠶᠤᠨᠴᠢ ᠣᠳᠣᠬᠢᠴᠢᠯᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠳᠤ ᠲᠦᠰᠢᠭᠯᠡᠨ᠂  VR ᠵᠠᠮᠴᠢᠯᠠᠬᠤ ᠴᠢᠳᠠᠮᠵᠢ ᠶᠢ ᠭᠠᠷᠭᠠᠵᠤ᠂ ᠠᠵᠢᠯ ᠶᠠᠪᠤᠳᠠᠯ ᠭᠦᠢᠴᠡᠳᠭᠡᠬᠦ ᠦᠢᠯᠡᠴᠢᠯᠡᠭᠡᠨ ᠤ ᠰᠢᠨ᠎ᠡ   ᠤᠶᠢᠯᠠᠭᠠᠯᠳᠠ ᠶᠢ ᠪᠣᠶ ᠪᠣᠯᠭᠠᠨ᠎ᠠ︔ ᠠᠵᠤ ᠠᠬᠤᠶᠢᠯᠠᠯ ᠪᠠ ᠠᠷᠠᠳ ᠲᠤ ᠲᠥᠬᠦᠮ ᠦᠵᠡᠭᠦᠯᠬᠦ  ᠦᠢᠯᠡᠴᠢᠯᠡᠭᠡᠨ ᠤ  ᠵᠦᠢᠯ ᠤᠨ ︽24 ᠴᠠᠭ ᠤᠨ ᠠᠦ᠋ᠲ᠋ᠣ᠋ ᠦᠢᠯᠡᠴᠢᠯᠡᠬᠦ ᠲᠣᠭᠤᠷᠢᠭ︾ ᠤᠨ ᠴᠢᠳᠠᠮᠵᠢ ᠶᠢ ᠰᠢᠯᠢᠳᠡᠭᠵᠢᠭᠦᠯᠦᠨ  ᠪᠠᠶᠠᠯᠢᠭᠵᠢᠭᠤᠯᠵᠤ᠂ ︽ᠡᠷᠲᠡ ᠣᠷᠣᠢ ᠬᠠᠷᠢᠮᠠᠬᠠᠶ ᠴᠢᠨᠠᠷ ᠲᠠᠢ ᠬᠦᠢᠴᠡᠳᠭᠡᠬᠦ︾᠂ ︽ᠦᠳᠡ ᠳᠤ ᠲᠠᠰᠤᠯᠳᠠᠭᠤᠯᠬᠤ  ᠥᠬᠡᠶ︾᠂ ︽ᠰᠦᠯᠵᠢᠶᠡᠨ ᠳᠡᠭᠡᠷ᠎ᠡ ᠪᠣᠯᠵᠣᠵᠣ ᠭᠦᠢᠴᠡᠳᠭᠡᠬᠦ︾ ᠵᠡᠷᠭᠡ  ᠦᠢᠯᠡᠴᠢᠯᠡᠭᠡ ᠶᠢ ᠨᠡᠪᠲᠡᠷᠡᠭᠦᠯᠦᠨ᠎ᠡ︔ ︽ ᠮᠦᠩᠬᠡ ᠰᠣᠪᠠᠭ᠂ ᠠᠯᠠᠭᠠᠨ ᠳᠡᠭᠡᠷ᠎ᠡ ᠬᠦᠢᠴᠡᠳᠭᠡᠬᠦ︾   ᠴᠢᠳᠠᠪᠤᠷᠢ ᠶᠢ ᠲᠦᠷᠭᠡᠳᠬᠡᠨ ᠲᠠᠰ ᠳᠡᠪᠰᠢᠭᠦᠯᠵᠦ᠂  ᠰᠦᠯᠵᠢᠶᠡᠨ ᠳᠡᠭᠡᠷ᠎ᠡ ᠭᠦᠢᠴᠡᠳᠭᠡᠬᠦ ᠶᠢ ᠬᠡᠪ ᠤᠨ ᠪᠠᠶᠢᠳᠠᠯ ᠪᠣᠯᠭᠠᠵᠣ᠂ ᠰᠦᠯᠵᠢᠶᠡᠨ ᠭᠠᠳᠠᠨ᠎ᠠ ᠭᠦᠢᠴᠡᠳᠭᠡᠬᠦ ᠶᠢ ᠣᠨᠴᠠᠭᠠᠶ ᠶᠠᠪᠤᠳᠠᠯ ᠪᠤᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠬᠤᠷᠳᠤᠴᠠ ᠶᠢ ᠭᠠᠷᠭᠠᠵᠤ᠂  ᠠᠷᠠᠳ ᠲᠦᠮᠡᠨ ᠳᠤ ᠦᠢᠯᠡᠴᠢᠯᠡᠬᠦ ᠰᠢᠨ᠎ᠡ ᠦᠨᠳᠦᠷᠴᠡ ᠶᠢ ᠴᠢᠷᠮᠠᠶᠢᠨ ᠬᠥᠭᠡᠭᠡᠴᠡᠯᠳᠦᠬᠦ  ᠪᠤᠯᠤᠨ᠎ᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号