ᠪᠤᠭᠤᠳᠤ ᠬᠤᠳᠠ ᠶᠢᠨ ᠦᠨᠳᠦᠰᠦᠳᠡᠨ ᠤ ᠤᠨᠴᠠᠯᠢᠭᠳᠤ ᠮᠦᠩᠭᠦᠨ ᠲᠠᠷᠬᠠᠨ — ᠪᠠᠳᠤ
ᠨᠡᠶᠢᠲᠡᠯᠡᠭᠰᠡᠨ ᠴᠠᠭ᠄
2022/9/8
      ᠪᠤᠭᠤᠳᠤ ᠬᠤᠳᠠ ᠶᠢᠨ ᠬᠦᠨᠳᠡᠯᠡᠨ ᠲᠤᠭᠤᠷᠢᠭ ᠲᠤ ᠪᠠᠶᠢᠷᠢᠰᠢᠵᠤ ᠪᠠᠶᠢᠭ᠎ᠠ ᠳ᠋ᠦᠩ ᠹᠠᠩ ᠡᠦ ᠡᠷᠳᠡᠨ ᠤ ᠬᠠᠭᠤᠴᠢᠨ ᠡᠷᠳᠡᠨᠢᠰ ᠤᠨ ᠬᠤᠳᠠᠯᠳᠤᠭᠠᠨ ᠤ ᠠᠰᠠᠷ ᠲᠤ ᠮᠤᠩᠭᠤᠯ ᠬᠤᠤᠰ ᠤᠶᠠᠩᠭ᠎ᠠ ᠲᠠᠢ ᠡᠨᠡ ᠲᠡᠯᠭᠡᠭᠦᠷ ᠬᠦᠮᠦᠰ ᠤᠨ ᠠᠩᠬᠠᠷᠤᠯ ᠢ ᠤᠨᠴᠠ ᠲᠠᠳᠠᠵᠤ ᠪᠠᠶᠢᠳᠠᠭ᠂ ᠡᠨᠡ ᠪᠤᠯ ᠲᠠᠷᠤᠢ ᠪᠠᠳᠤ ᠶᠢᠨ ᠡᠷᠬᠢᠯᠡᠭᠰᠡᠨ ᠲᠤᠯᠤᠭᠠᠨ ᠡᠷᠳᠡᠨᠢ ᠮᠦᠩᠭᠦᠨ ᠭᠠᠷ ᠤᠷᠠᠯᠠᠯ ᠤᠨ ᠦᠷᠦᠭᠡ ᠪᠤᠯᠤᠨ᠎ᠠ᠃      ᠪᠠᠳᠤ ᠡᠳᠤᠷ ᠪᠤᠯᠭᠠᠨ ᠡᠷᠳᠡᠯᠡᠵᠦ ᠤᠷᠤᠶᠢᠯᠠᠨ ᠠᠵᠢᠯ ᠳᠠᠭᠠᠨ ᠰᠢᠭᠤᠷᠬᠠᠶᠢᠯᠠᠬᠤ ᠨᠢ ᠶᠡᠷᠦ ᠶᠢᠨ ᠤᠴᠢᠷ ᠪᠤᠯᠵᠠᠢ᠃ ᠡᠶᠢᠨ ᠬᠦ  ᠬᠦᠮᠦᠰ ᠤᠨ ᠬᠠᠷᠠᠭ᠎ᠠ ᠶᠢ ᠪᠤᠯᠢᠶᠠᠵᠤ᠂  ᠪᠠᠭ᠋ᠠᠷᠤᠯ ᠢ ᠲᠠᠳᠠᠭᠰᠠᠨ ᠤᠯᠠᠨ ᠤᠯᠠᠨ ᠭᠤᠴᠤ ᠪᠦᠳᠦᠭᠡᠯ ᠢ ᠪᠦᠳᠦᠭᠡᠵᠡᠢ᠃ ᠪᠠᠳᠤ ᠬᠤᠪᠢ ᠢᠷᠦᠭᠡᠯ ᠤᠨ ᠠᠰᠢᠭ ᠢᠶᠠᠷ ᠪᠠᠭᠠᠷᠢᠨ ᠨᠤᠳᠤᠭ ᠠᠴᠠ ᠪᠤᠭᠤᠳᠤ ᠳᠤ ᠢᠷᠡᠵᠤ᠂ ᠡᠨᠡ ᠲᠡᠯᠭᠡᠭᠦᠷ ᠢ ᠡᠷᠬᠢᠯᠡᠭᠡᠳ ᠨᠠᠢᠮᠠᠨ ᠵᠢᠯ ᠪᠤᠯᠵᠤ ᠪᠤᠢ᠂ ᠪᠤᠭᠤᠳᠤ ᠬᠤᠳᠠ ᠳᠤ ᠮᠤᠩᠭᠤᠯ ᠦᠨᠳᠦᠰᠦᠳᠡᠨ  ᠤ ᠤᠨᠴᠠᠯᠢᠭᠳᠤ ᠮᠦᠩᠭᠦᠨ ᠲᠠᠷᠬᠠᠨ ᠤ ᠠᠵᠢᠯ ᠢ ᠬᠢᠵᠤ ᠪᠠᠶᠢᠭ᠎ᠠ ᠬᠦᠮᠦᠨ ᠲᠤᠶᠢᠯ ᠤᠨ ᠴᠦᠭᠡᠨ ᠪᠠᠶᠢᠳᠠᠭ᠂ ᠲᠡᠷᠡ ᠪᠠᠭ᠎ᠠ ᠠᠴᠠ ᠪᠠᠨ ᠡᠪᠦᠭᠡ ᠪᠤᠯᠤᠨ ᠠᠪᠤ ᠠᠴᠠ ᠪᠠᠨ ᠰᠤᠷᠤᠭᠰᠠᠨ ᠮᠡᠷᠭᠡᠵᠢᠯ ᠮᠡᠳᠡᠯᠭᠡ ᠶᠢᠨ ᠰᠠᠭᠤᠷᠢᠨ ᠲᠡᠭᠡᠷ᠎ᠡ᠂ ᠨᠤᠮ ᠪᠢᠴᠢᠭ᠂ ᠰᠦᠯᠵᠢᠶᠠᠨ ᠬᠤᠯᠪᠤᠭᠠᠨ ᠠᠴᠠ ᠮᠤᠩᠭᠤᠯ ᠤᠷᠠᠯᠠᠯ ᠤᠨ ᠲᠤᠬᠠᠢ ᠮᠡᠳᠡᠯᠭᠡ ᠮᠡᠷᠭᠡᠵᠢᠯ ᠢᠶᠠᠨ ᠦᠷᠭᠡᠵᠢᠭᠦᠯᠦᠨ ᠰᠤᠷᠴᠤ᠂ ᠡᠭᠦᠨ ᠤ ᠰᠠᠭᠤᠷᠢᠨ ᠲᠡᠭᠡᠷ᠎ᠡ᠂ ᠦᠪᠡᠷ ᠢᠶᠠᠨ ᠪᠦᠳᠦᠭᠡᠯᠴᠢ ᠪᠠᠷ ᠦᠢᠯᠡᠳᠦᠨ ᠬᠢᠵᠤ  ᠤᠷᠤᠯᠳᠤᠭᠰᠠᠭᠠᠷ ᠪᠤᠭᠤᠳᠤ ᠬᠤᠳᠠ ᠳᠤ ᠲᠡᠷᠡᠴᠢᠯᠡᠨ ᠪᠤᠰᠤᠳ ᠭᠠᠵᠠᠷ ᠤᠨ ᠬᠡᠷᠡᠭᠯᠡᠭᠴᠢᠳ ᠤᠨ ᠱᠠᠭᠠᠷᠳᠠᠯᠭ᠎ᠠ ᠶᠢ ᠬᠠᠩᠭᠠᠳᠠᠭ ᠪᠤᠯᠵᠠᠢ᠃ ᠡᠬᠦᠨ ᠤ ᠵᠡᠷᠭᠡ ᠪᠠᠷ ᠲᠡᠷᠡ ᠦᠨᠳᠦᠰᠦᠳᠡᠨ ᠤ ᠤᠯᠠᠮᠵᠢᠯᠠᠯᠳᠤ ᠮᠦᠩᠭᠦᠨ ᠤᠷᠠᠯᠠᠯ ᠤᠨ ᠤᠨᠴᠠᠯᠢᠭ ᠢ ᠬᠠᠳᠠᠭᠠᠯᠠᠬᠤ ᠶᠢ ᠴᠢᠬᠤᠯᠠᠴᠢᠯᠠᠳᠠᠭ ᠪᠠᠶᠢᠯ᠎ᠠ᠃  
4c1c710baa9a8e60e27d42c2a7caa89_副本.jpg
5cfcf474e56758fc8775779a686df61_副本.jpg
9e68bee5a06189e37b1ad4af0e0cc2c_副本.jpg
d0e26febc9c934470283884eeef20ba_副本.jpg
dd312bdb9213398eb3983080b84e19a_副本.jpg
fb34374783c99294282e483ec8c6e14_副本.jpg
                          
fd12fd9aae1a3bf91df6e6e2611cba4_副本.jpg
460副本_副本.jpg
5e5e9be2a832d6d2e09c4a3d9a605ae_副本.jpg
cb07218bbad47dc22b0eec15186afeb_副本.jpg
         ᠠᠭᠤᠯᠭ᠎ᠠ ᠶᠢᠨ ᠨᠠᠶᠢᠷᠠᠭᠤᠯᠭ᠎ᠠ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ         ᠵᠢᠷᠤᠭ ᠤᠨ ᠢᠷᠡᠯᠳᠡ᠄ ᠪᠤᠭᠤᠳᠤ ᠶᠢᠨ ᠮᠤᠩᠭᠤᠯ ᠷᠠᠳᠢᠤ᠋ ᠲᠧᠯᠸᠢᠰ                         
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号