【ᠬᠤᠶᠠᠷ ᠬᠤᠷᠠᠯ ᠳᠤ ᠠᠩᠬᠠᠷᠤᠯ ᠢᠶᠠᠨ ᠲᠦᠪᠯᠡᠷᠡᠭᠦᠯᠦᠶ᠎ᠡ】 ᠴᠢᠩᠱᠠᠨ ᠲᠤᠭᠤᠷᠢᠭ ᠤᠨ ᠠᠷᠪᠠᠨ ᠲᠤᠯᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠦᠪᠡᠳᠡᠭᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2023/1/10
     
图片1_副本.jpg
      ᠴᠢᠩᠱᠠᠨ ᠲᠤᠭᠤᠷᠢᠭ ᠤᠨ ᠠᠷᠪᠠᠨ ᠲᠤᠯᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠦᠪᠡᠳᠡᠭᠰᠢ ᠶᠡᠭᠡ ᠪᠠᠷ ᠡᠬᠢᠯᠡᠪᠡ      ᠳ᠋ᠢᠩ ᠺᠠᠢ ᠬᠤᠷᠠᠯ ᠳᠤ ᠤᠷᠤᠯᠴᠠᠵᠠᠢ      ᠪᠠᠢ ᠶᠦᠨ ᠰᠢ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠬᠢᠵᠡᠢ      ᠯᠢ ᠢᠦᠢ ᠹᠧᠩ ᠬᠤᠷᠠᠯ ᠢ ᠡᠷᠬᠢᠯᠡᠪᠡ      1 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠪᠤᠭᠤᠳᠤ ᠬᠤᠳᠠ ᠶᠢᠨ ᠴᠢᠩᠱᠠᠨ ᠲᠤᠭᠤᠷᠢᠭ ᠤᠨ ᠠᠷᠪᠠᠨ ᠲᠤᠯᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠲᠤᠭᠤᠷᠢᠭ ᠤᠨ ᠨᠠᠮ ᠵᠠᠰᠠᠭ ᠤᠨ ᠲᠤᠮᠤ ᠠᠰᠠᠷ ᠤᠨ 500 ᠬᠦᠮᠦᠨ ᠤ ᠬᠤᠷᠠᠯ ᠤᠨ ᠲᠢᠩᠬᠢᠮ  ᠳᠤ ᠦᠪᠡᠳᠡᠭᠰᠢ ᠶᠡᠭᠡ ᠪᠠᠷ ᠡᠬᠢᠯᠡᠪᠡ᠃ ᠪᠦᠬᠦ ᠲᠤᠭᠤᠷᠢᠭ ᠤᠨ ᠡᠯ᠎ᠡ ᠹᠷᠤᠨᠲ ᠠᠴᠠ ᠢᠷᠡᠭᠰᠡᠨ 200 ᠭᠠᠷᠤᠢ ᠠᠷᠠᠳ ᠤᠨ ᠲᠦᠯᠦᠭᠡᠯᠡᠭᠴᠢ ᠪᠦᠬᠦ ᠲᠤᠭᠤᠷᠢᠭ ᠤᠨ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠨ᠂  ᠬᠤᠷᠠᠯ ᠤᠨ ᠲᠢᠩᠬᠢᠮ ᠳᠤ ᠴᠤᠭᠯᠠᠷᠠᠨ᠂ ᠴᠢᠩᠱᠠᠨ ᠲᠤᠭᠤᠷᠢᠭ ᠤᠨ ᠬᠦᠭᠵᠢᠯᠳᠡ ᠶᠢᠨ ᠲᠦᠯᠦᠪᠯᠡᠭᠡ ᠶᠢ  ᠬᠠᠮᠳᠤᠪᠠᠷ ᠵᠦᠪᠳᠡᠵᠡᠢ᠃      ᠲᠤᠰ ᠤᠳᠠᠭᠠᠨ ᠤ ᠬᠤᠷᠠᠯ ᠳᠤ ᠤᠷᠤᠯᠴᠠᠪᠠᠰᠤ ᠵᠤᠬᠢᠬᠤ ᠠᠷᠠᠳ ᠤᠨ ᠲᠦᠯᠦᠭᠡᠯᠡᠭᠴᠢ 211 ᠬᠦᠮᠦᠨ ᠪᠠᠶᠢᠵᠤ᠂ ᠬᠤᠷᠠᠯ ᠳᠤ ᠬᠦᠷᠦᠯᠴᠡᠨ ᠢᠷᠡᠭᠰᠡᠨ ᠨᠢ118 ᠲᠦᠯᠦᠭᠡᠯᠡᠭᠴᠢ ᠪᠠᠶᠢᠵᠤ᠂ ᠬᠠᠤᠯᠢ ᠳᠤ ᠲᠤᠭᠳᠠᠭᠠᠭᠰᠠᠨ ᠬᠦᠮᠦᠨ ᠤ ᠲᠤᠭ᠎ᠠ ᠳᠤ ᠨᠡᠶᠢᠴᠡᠵᠡᠢ᠃      ᠬᠤᠷᠠᠯ ᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠯᠢ ᠢᠦᠢ ᠹᠧᠩ ᠡᠷᠬᠢᠯᠡᠪᠡ᠃ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠳ᠋ᠢᠩ ᠺᠠᠢ᠂ ᠪᠠᠢ ᠶᠦᠨ ᠰᠢ᠂ ᠯᠢ ᠢᠦᠢ ᠹᠧᠩ᠂ ᠭᠤᠤ ᠶᠢᠨ ᠮᠢᠩ᠂ ᠬᠤᠤ ᠸᠧᠢ᠂ ᠡᠦ ᠶᠠᠨ ᠹᠠᠩ᠂ ᠶᠦᠨ ᠰᠢᠶᠤᠤ ᠶᠠᠨ᠂ ᠸᠠᠩ ᠶᠢᠩ ᠽᠢ᠂ ᠵᠢᠶᠠ ᠰᠢᠶᠤᠤ ᠯᠢᠶᠠᠩ ᠵᠢᠴᠢ ᠲᠤᠭᠤᠷᠢᠭ ᠤᠨ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ᠂ ᠲᠡᠷᠢᠭᠦᠯᠡᠭᠴᠢ ᠮᠠ ᠴᠢᠤᠸᠠᠨ ᠸᠠᠩ ᠲᠡᠷᠢᠭᠦᠯᠡᠭᠴᠢ ᠶᠢᠨ ᠲᠠᠶᠢᠰᠠ ᠶᠢᠨ ᠡᠮᠦᠨ᠎ᠡ ᠮᠦᠷ  ᠲᠤ ᠰᠠᠭᠠᠳᠠᠵᠠᠢ᠃      8 ᠴᠠᠭ ᠤᠨ30 ᠮᠢᠨᠦ᠋ᠲ ᠲᠤ᠂ ᠶᠡᠭᠡ ᠬᠤᠷᠠᠯ ᠤᠨ ᠲᠡᠷᠢᠭᠦᠯᠡᠭᠴᠢ ᠶᠢᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠯᠢ ᠢᠦᠢ ᠹᠧᠩ᠄ ᠪᠤᠭᠤᠳᠤ ᠬᠤᠳᠠ ᠵᠢᠨ‌‍ᠴᠢᠩᠱᠠᠨ ᠲᠤᠭᠤᠷᠢᠭ ᠤᠨ ᠠᠷᠪᠠᠨ ᠲᠤᠯᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠣᠳᠤ ᠠᠴᠠ ᠡᠬᠢᠯᠡᠨ᠎ᠡ ᠭᠡᠵᠦ ᠵᠠᠷᠯᠠᠵᠠᠢ᠃ ᠬᠤᠷᠠᠯ ᠤᠨ ᠲᠠᠯᠠᠪᠤᠷ ᠤᠨ ᠬᠢᠨ ᠪᠦᠭᠦᠳᠡᠭᠡᠷ ᠢᠶᠠᠨ ᠪᠤᠰᠴᠤ ᠵᠤᠭᠰᠤᠨ᠂ ᠤᠯᠤᠰ ᠤᠨ ᠲᠠᠭᠤᠤ ᠬᠦᠭᠵᠢᠮᠳᠡᠨ ᠲᠠᠭᠤᠯᠠᠵᠠᠢ᠃ ᠴᠢᠩᠱᠠᠨ ᠲᠤᠭᠤᠷᠢᠭ ᠤᠨ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠤᠷᠳᠤᠨ ᠤ ᠲᠠᠷᠤᠭ᠎ᠠ ᠪᠠᠢ ᠶᠦᠨ ᠰᠢ ᠵᠠᠰᠠᠭ ᠤᠨ ᠤᠷᠳᠤᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ ᠢᠯᠡᠳᠭᠡᠯ ᠬᠢᠵᠡᠢ᠃ ᠠᠵᠢᠯ ᠤᠨ ᠮᠡᠳᠡᠭᠦᠯᠦᠯᠳᠡ ᠬᠤᠶᠠᠷ ᠭᠡᠰᠡᠭ ᠠᠭᠤᠯᠭ᠎ᠠ ᠪᠠᠭᠳᠠᠨ᠎ᠠ᠄ 2022 ᠤᠨ ᠤ ᠠᠵᠢᠯ ᠤᠨ ᠡᠷᠭᠢᠴᠡᠭᠦᠯᠦᠯ  ᠪᠠ 2023 ᠤᠨ ᠤ ᠠᠵᠢᠯ ᠤᠨ ᠲᠤᠬᠢᠷᠠᠭᠤᠯᠤᠯᠳᠠ ᠪᠤᠯᠤᠨ᠎ᠠ᠃                                                  ᠤᠷᠴᠢᠭᠤᠯᠤᠭᠴᠢ᠄ ᠠᠯᠢᠮ᠎ᠠ                                                  ᠬᠢᠨᠠᠭᠴᠢ᠄ ᠪᠠᠢ ᠢᠦᠢ ᠰᠢᠶᠠ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号