ᠨᠢᠭᠡᠳᠦᠭᠡᠷ ᠮᠠᠰᠢᠨ ᠤ ᠪᠦᠯᠦᠭᠯᠡᠯ ᠤᠨ ᠨᠠᠷᠢᠯᠢᠭ ᠲᠥᠬᠦᠭᠡᠷᠦᠮᠵᠢ ᠶᠢ ᠰᠡᠯᠪᠢᠨ ᠵᠠᠰᠠᠵᠤ ᠤᠭᠰᠠᠷᠠᠬᠤ ᠺᠣᠮᠫᠠᠨᠢ ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠳᠤ ᠣᠷᠣᠯᠴᠠᠪᠠ
ᠨᠡᠶᠢᠲᠡᠯᠡᠭᠰᠡᠨ ᠴᠠᠭ᠄
2023/10/10
      ᠣᠶᠢᠷ᠎ᠠ ᠳᠤ᠂ ᠤᠯᠤᠰ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠨᠢᠭᠡᠳᠦᠭᠡᠷ ᠮᠠᠰᠢᠨ ᠤ ᠪᠦᠯᠦᠭᠯᠡᠯ᠂ ᠬᠤᠸᠠ ᠵᠦᠩ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠬᠠᠮᠲᠤ ᠪᠠᠷ ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ ︽ᠨᠡᠭᠡᠭᠡᠯᠲᠡᠲᠤ ᠮᠠᠶ᠋ᠢᠭ ᠤᠨ ᠲᠣᠭᠠᠨ ᠤ ᠡᠵᠡᠮᠳᠡᠯ ᠤᠨ ᠰᠢᠰᠲ᠋ᠧᠮ ᠤᠨ ᠢᠲᠡᠭᠡᠮᠵᠢᠲᠦ ᠮᠡᠷᠭᠡᠵᠢᠯ︾᠎ ᠤᠨ ᠲᠥᠷᠥᠯ ᠵᠦᠢᠯ ᠢ ᠳᠠᠭᠠᠭᠠᠨ ᠠᠪᠴᠤ᠂ ᠡᠭᠦᠨ ᠳᠤ ᠨᠢᠭᠡᠳᠦᠭᠡᠷ ᠮᠠᠰᠢᠨ ᠤ ᠪᠦᠯᠦᠭᠯᠡᠯ ᠤᠨ ᠨᠠᠷᠢᠯᠢᠭ ᠲᠥᠬᠦᠭᠡᠷᠦᠮᠵᠢ ᠶᠢ ᠰᠡᠯᠪᠢᠨ ᠵᠠᠰᠠᠵᠤ ᠤᠭᠰᠠᠷᠠᠬᠤ ᠺᠣᠮᠫᠠᠨᠢ ᠨᠢ ᠭᠤᠣᠯᠳᠠᠭᠤ ᠪᠣᠳᠠᠲᠠᠢ ᠬᠡᠷᠡᠭᠯᠡᠭᠡᠨ ᠤ ᠰᠣᠷᠢᠯᠲᠠ ᠶᠢᠨ ᠱᠠᠲᠤᠨ ᠤ ᠠᠵᠢᠯ ᠢ ᠬᠠᠷᠢᠭᠤᠴᠠᠵᠤ᠂ ᠴᠡᠷᠢᠭ ᠤᠨ ᠬᠡᠷᠡᠭᠰᠡᠯ ᠤᠨ ᠲᠣᠨᠤᠭ ᠲᠥᠬᠦᠭᠡᠷᠦᠮᠵᠢ ᠦᠢᠯᠡᠳᠬᠦ ᠣᠨᠴᠠᠯᠢᠭ ᠲᠤ ᠬᠠᠨᠳᠤᠭᠤᠯᠤᠭᠰᠠᠨ ᠢᠲᠡᠭᠡᠮᠵᠢᠲᠦ ᠲᠣᠭᠠᠨ ᠤ ᠡᠵᠡᠮᠳᠡᠯ ᠤᠨ ᠰᠢᠰᠲ᠋ᠧᠮ ᠤᠨ ᠬᠡᠷᠡᠭᠯᠡᠯᠲᠡ ᠪᠠ ᠲᠠᠰ ᠳᠡᠪᠰᠢᠭᠦᠯᠦᠨ ᠥᠭᠡᠷᠡᠴᠢᠯᠡᠬᠦ ᠲᠥᠰᠥᠯ ᠢ ᠰᠤᠳᠤᠯᠵᠤ᠂ ᠴᠡᠷᠢᠭ ᠤᠨ ᠬᠡᠷᠡᠭᠰᠡᠯ ᠤᠨ ᠣᠨᠴᠠ ᠲᠥᠷᠥᠯ ᠤᠨ ᠮᠠᠰᠢᠨ ᠲᠡᠷᠭᠡᠨ ᠤ ᠨᠢᠭᠡᠨ ᠰᠡᠯᠪᠢᠭ ᠲᠣᠨᠤᠭ ᠦᠢᠯᠡᠳᠬᠦ ᠳᠤ ᠴᠢᠭᠯᠡᠭᠦᠯᠦᠭᠰᠡᠨ ᠲᠣᠭᠠᠴᠢᠯᠠᠭᠰᠠᠨ ᠦᠢᠯᠡᠳᠪᠦᠷᠢᠯᠡᠯ ᠤᠨ ᠱᠤᠭᠤᠮ ᠢ ᠪᠠᠶᠢᠭᠤᠯᠵᠤ᠂ ᠢᠲᠡᠭᠡᠮᠵᠢᠲᠦ ᠲᠣᠭᠠᠨ ᠤ ᠡᠵᠡᠮᠳᠡᠯ ᠤᠨ ᠰᠢᠰᠲ᠋ᠧᠮ ᠤᠨ ᠬᠡᠷᠡᠭᠯᠡᠯᠲᠡ ᠶᠢᠨ ᠰᠢᠯᠭᠠᠨ ᠪᠠᠲᠤᠯᠠᠯᠲᠠ ᠶᠢ ᠥᠷᠨᠢᠭᠦᠯᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号