ᠬᠤᠶᠠᠳᠤᠭᠠᠷ ᠪᠦᠯᠦᠭ ᠭᠡᠷ ᠤᠨ ᠣᠷᠣᠢ ᠶᠢᠨ ᠤᠰᠤ ᠰᠡᠷᠭᠡᠶᠢᠯᠡᠬᠦ ᠰᠡᠯᠪᠢᠨ ᠵᠠᠰᠠᠬᠤ ᠲᠦᠷᠦᠯ ᠵᠦᠢᠯ ᠢ ᠥᠷᠨᠢᠭᠦᠯᠦᠨ᠎ᠡ
ᠨᠡᠶᠢᠲᠡᠯᠡᠭᠰᠡᠨ ᠴᠠᠭ᠄
2023/10/11
      ᠰᠠᠭᠤᠭᠠᠯᠢ ᠠᠷᠠᠳ ᠤᠨ ︽ᠪᠠᠴᠢᠮ ᠪᠡᠷᠬᠡ ᠵᠣᠪᠠᠨᠢᠯ︾᠎ ᠤᠨ ᠠᠰᠠᠭᠤᠳᠠᠯ ᠢ ᠦᠨᠡᠨᠬᠦ ᠰᠢᠢᠳᠪᠦᠷᠢᠯᠡᠬᠦ ᠶᠢᠨ ᠲᠥᠯᠥᠭᠡ᠂ ᠤᠰᠤᠲᠤ ᠵᠡᠭᠡᠯᠢ ᠭᠤᠳᠤᠮᠵᠢ ᠶᠢᠨ ᠴᠠᠩ ᠵᠧᠩ ᠨᠡᠶᠢᠭᠡᠮ ᠲᠣᠭᠤᠷᠢᠭ ᠯᠢ ᠮᠢᠨ ᠨᠡᠶᠢᠭᠡᠮ ᠲᠣᠭᠤᠷᠢᠭ ᠤᠨ ᠎ ᠬᠢᠨ ᠣᠯᠠᠩᠬᠢ ᠰᠠᠭᠤᠭᠠᠯᠢ ᠠᠷᠠᠳ ᠤᠨ ᠭᠡᠷ ᠪᠠᠶᠢᠰᠢᠩ ᠤᠨ ᠣᠷᠣᠢ ᠳᠤ ᠪᠣᠷᠣᠭᠠᠨ ᠭᠤᠭᠤᠵᠢᠬᠤ ᠦᠵᠡᠭᠳᠡᠯ ᠣᠷᠣᠰᠢᠵᠤ ᠪᠠᠶᠢᠬᠤ ᠠᠰᠠᠭᠤᠳᠠᠯ ᠢ ᠣᠶᠢᠯᠠᠭᠠᠭᠰᠠᠨ ᠤ ᠲᠠᠷᠠᠭ᠎ᠠ᠂ ᠤᠯᠠᠨ ᠤᠳᠠᠭ᠎ᠠ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ᠂ ᠰᠠᠭᠤᠭᠠᠯᠢ ᠠᠷᠠᠳ ᠤᠨ ᠲᠥᠯᠥᠭᠡᠯᠡᠭᠴᠢᠳ ᠢ ᠴᠤᠭᠯᠠᠭᠤᠯᠤᠨ ᠭᠡᠷ ᠤᠨ ᠣᠷᠣᠢ ᠶᠢᠨ ᠤᠰᠤ ᠰᠡᠷᠭᠡᠶᠢᠯᠡᠬᠦ ᠰᠡᠯᠪᠢᠨ ᠵᠠᠰᠠᠬᠤ ᠬᠤᠷᠠᠯ ᠢ ᠬᠤᠷᠠᠯᠳᠤᠭᠤᠯᠵᠤ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠤᠨ ᠨᠡᠶᠢᠳᠬᠡᠵᠦ ᠠᠰᠠᠷ ᠤᠨ ᠣᠷᠣᠢ ᠶᠢᠨ ᠤᠰᠤ ᠨᠡᠪᠴᠢᠬᠦ ᠠᠰᠠᠭᠤᠳᠠᠯ ᠢ ᠰᠢᠢᠳᠪᠦᠷᠢᠯᠡᠪᠡ᠃ 8 ᠰᠠᠷ᠎ᠠ ᠳᠤ ᠨᠢᠭᠡᠨᠲᠡ 59 ᠰᠠᠭᠤᠷᠢ ᠭᠡᠷ ᠤᠨ ᠣᠷᠣᠢ ᠶᠢ ᠰᠡᠯᠪᠢᠨ ᠵᠠᠰᠠᠵᠤ᠂ 10 ᠰᠠᠷ᠎ᠠ ᠶᠢᠨ 7᠎ ᠤ ᠡᠳᠦᠷ ᠠᠴᠠ ᠡᠬᠢᠯᠡᠨ ᠴᠠᠩ ᠵᠧᠩ ᠨᠡᠶᠢᠭᠡᠮ ᠲᠣᠭᠤᠷᠢᠭ  ᠯᠢ ᠮᠢᠨ ᠨᠡᠶᠢᠭᠡᠮ ᠲᠣᠭᠤᠷᠢᠭ ᠤᠨ 12 ᠰᠠᠭᠤᠷᠢ ᠭᠡᠷ ᠤᠨ ᠣᠷᠣᠢ ᠶᠢ ᠰᠡᠯᠪᠢᠨ ᠵᠠᠰᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号