ᠪᠤᠳᠠᠲᠠᠢ ᠳᠤ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠢ ᠬᠠᠷᠠᠭᠠᠯᠵᠠᠨ᠎ᠠ
ᠨᠡᠶᠢᠲᠡᠯᠡᠭᠰᠡᠨ ᠴᠠᠭ᠄
2023/10/12
      ᠣᠶᠢᠷ᠎ᠠ ᠳᠤ᠂ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠲᠠᠯ᠎ᠠ ᠨᠤᠲᠤᠭ ᠨᠡᠶᠢᠭᠡᠮ ᠲᠣᠭᠤᠷᠢᠭ᠂ ᠢᠦᠢ ᠼᠠᠢ ᠨᠡᠶᠢᠭᠡᠮ ᠲᠣᠭᠤᠷᠢᠭ ᠤᠨ ᠠᠵᠢᠯᠲᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠠᠵᠢᠯᠲᠠᠨ ᠲᠠᠢ ᠬᠠᠮᠲᠤᠷᠠᠨ ᠰᠠᠭᠤᠭᠠᠯᠢ ᠠᠷᠠᠳ ᠤᠨ ᠭᠡᠷ ᠲᠤ ᠭᠦᠨᠵᠡᠭᠡᠶᠢᠷᠡᠵᠦ᠂ ︽ᠪᠤᠳᠠᠲᠠᠢ ᠳᠤ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ︾᠎ ᠢ ᠮᠠᠭᠠᠳᠯᠠᠨ ᠲᠣᠭᠲᠠᠭᠠᠬᠤ ᠠᠵᠢᠯ ᠢ ᠬᠢᠪᠡ᠃ ᠨᠡᠶᠢᠭᠡᠮ ᠲᠣᠭᠤᠷᠢᠭ ᠪᠣᠯᠣᠨ ᠠᠷᠠᠳ ᠤᠨ ᠶᠠᠪᠤᠳᠠᠯ ᠤᠨ ᠠᠵᠢᠯᠲᠠᠨ ᠡᠷᠦᠬᠡ ᠳᠤ ᠬᠦᠷᠴᠦ ᠪᠠᠶᠢᠴᠠᠭᠠᠯᠲᠠ ᠬᠢᠬᠦ ᠪᠠ ᠬᠥᠷᠰᠢ ᠵᠡᠷᠭᠡᠯᠡᠳᠡᠭᠡ ᠪᠠᠷ ᠢᠶᠠᠨ ᠰᠤᠷᠪᠤᠯᠵᠢᠯᠠᠬᠤ ᠶᠢ ᠤᠶᠠᠯᠳᠤᠭᠤᠯᠬᠤ ᠠᠷᠭ᠎ᠠ ᠎ ᠪᠠᠷ᠂ ᠰᠢᠨ᠎ᠡ ᠪᠠᠷ ᠭᠤᠶᠤᠴᠢᠯᠠᠭᠰᠠᠨ ᠪᠤᠳᠠᠲᠠᠢ ᠳᠤ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠢ ᠰᠤᠷᠪᠤᠯᠵᠢᠯᠠᠵᠤ᠂ ᠬᠡᠦᠬᠡᠳ ᠤᠨ ᠬᠢᠨᠠᠨ ᠬᠠᠮᠠᠭᠠᠯᠠᠭᠴᠢ ᠲᠠᠢ ᠨᠢᠭᠤᠷᠲᠠᠨ ᠶᠠᠷᠢᠯᠴᠠᠵᠤ᠂ ᠬᠡᠦᠬᠡᠳ ᠤᠨ ᠦᠨᠳᠦᠰᠦᠨ ᠪᠠᠶᠢᠳᠠᠯ ᠢ ᠣᠶᠢᠯᠠᠭᠠᠬᠤ ᠶᠢᠨ ᠬᠠᠮᠲᠤ ᠬᠢᠨᠠᠨ ᠬᠠᠮᠠᠭᠠᠯᠠᠭᠴᠢ ᠳᠤ ᠪᠤᠳᠠᠲᠠᠢ ᠳᠤ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ ᠥᠭᠴᠦ᠂ ᠬᠡᠦᠬᠡᠳ ᠤᠨ ᠠᠮᠢᠳᠤᠷᠠᠯ᠂ ᠰᠤᠷᠤᠯᠴᠠᠯᠭ᠎ᠠ ᠶᠢᠨ ᠳᠤᠮᠳᠠ ᠪᠠᠨ ᠪᠠᠶᠠᠰᠤᠩᠭᠤᠢ ᠢᠳᠡᠪᠬᠢᠲᠡᠢ ᠠᠮᠢᠳᠤᠷᠠᠯ ᠤᠨ ᠣᠪᠣᠷ ᠲᠠᠢ ᠪᠠᠶᠢᠬᠤ ᠶᠢ ᠵᠤᠷᠢᠭᠵᠢᠭᠤᠯᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号