ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠵᠤ ᠠᠬᠤᠶᠢᠯᠠᠯ ᠤᠨ ᠬᠥᠳᠡᠭᠡ ᠲᠣᠰᠬᠤᠨ ᠳᠤ ︽ᠡᠷᠦᠭᠡ ᠠᠮᠠ︾ ᠣᠷᠣᠬᠤ ᠶᠢ ᠦᠨᠡᠨᠬᠦ ᠳᠡᠮᠵᠢᠵᠦ ᠪᠠᠶᠢᠨ᠎ᠠ
ᠨᠡᠶᠢᠲᠡᠯᠡᠭᠰᠡᠨ ᠴᠠᠭ᠄
2023/10/12
      ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠰᠢᠩ ᠱᠧᠩ ᠪᠠᠯᠭᠠᠰᠤ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠬᠢᠨ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠴᠢᠨᠠᠷ ᠰᠠᠶᠢᠲᠠᠢ ᠠᠬᠢᠭᠤᠯᠵᠤ᠂ ᠬᠤᠳᠠ ᠶᠢᠨ ᠰᠡᠯᠡᠭᠦᠴᠡᠯ ᠵᠤᠭᠠᠴᠠᠯ ᠤᠨ ᠠᠵᠤ ᠦᠢᠯᠡᠰ ᠤᠨ ᠪᠦᠰᠡ ᠶᠢ ᠴᠣᠭᠴᠠᠯᠠᠬᠤ︾ ᠠᠵᠢᠯ ᠤᠨ ᠵᠣᠷᠢᠭ ᠰᠠᠨᠠᠭ᠎ᠠ ᠶᠢ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠳᠤ ᠦᠨᠳᠦᠰᠦᠯᠡᠵᠦ᠂ ᠠᠵᠤ ᠠᠬᠤᠶᠢᠯᠠᠯ ᠤᠨ ᠬᠡᠷᠡᠭᠴᠡᠭᠡ ᠶᠢ ᠠᠰᠠᠭᠤᠵᠤ᠂ ᠡᠯ᠎ᠡ ᠠᠵᠢᠯ ᠲᠦᠷᠦᠯ ᠤᠨ ᠬᠢᠨ ᠢ ᠬᠠᠪᠰᠤᠷᠤᠨ ᠪᠣᠳᠠᠲᠠᠢ ᠬᠦᠴᠢᠷᠳᠡᠯ  ᠪᠠ‌ᠠᠰᠠᠭᠤᠳᠠᠯ ᠢ ᠨᠢ ᠰᠢᠢᠳᠪᠦᠷᠢᠯᠡᠵᠦ᠂ ᠦᠨᠡᠨ ᠰᠡᠳᠬᠢᠯ ᠠᠴᠠ ᠪᠠᠨ ︽ᠦᠢᠯᠡᠴᠢᠯᠡᠭᠴᠢ︾ ᠪᠣᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃      ᠳ᠋ᠦᠩ ᠳ᠋ᠡ ᠱᠠᠨ ᠠᠮᠠᠷᠠᠯᠲᠠ ᠶᠢᠨ ᠲᠣᠰᠬᠤᠨ ᠨᠢ ᠪᠤᠭᠤᠲᠤ ᠬᠤᠳᠠ ᠶᠢᠨ ᠴᠢᠩᠱᠠᠨ ᠲᠣᠭᠤᠷᠢᠭ ᠤᠨ ᠰᠢᠩ ᠱᠧᠩ ᠪᠠᠯᠭᠠᠰᠤᠨ ᠳᠤ ᠪᠠᠶᠢᠷᠢᠯᠠᠵᠤ᠂ 8 ᠲᠦᠮᠡᠨ ᠮᠦ ᠲᠠᠯᠠᠪᠠᠢ ᠲᠠᠢ᠂ ᠰᠢᠨ᠎ᠡ ᠬᠤᠳᠠ ᠶᠢᠨ ᠵᠠᠰᠠᠭ ᠤᠨ ᠣᠷᠳᠣᠨ ᠠᠴᠠ 15 ᠺᠢᠯᠤᠮᠥᠲᠷ ᠵᠠᠶᠢᠲᠠᠢ᠂ ᠭᠤᠷᠪᠠᠨ ᠲᠣᠰᠬᠤᠨ ᠢᠶᠠᠷ ᠪᠦᠷᠢᠯᠳᠦᠵᠦ᠂ ᠴᠢᠩᠱᠠᠨ ᠲᠣᠭᠤᠷᠢᠭ ᠤᠨ ᠬᠦᠴᠦᠯᠡᠨ ᠪᠠᠶᠢᠭᠤᠯᠤᠭᠰᠠᠨ ᠬᠤᠳᠠ ᠶᠢᠨ ᠠᠷᠠᠳ ᠤᠨ ᠭᠠᠷᠠᠭ ᠤᠨ ᠰᠡᠭᠦᠯᠴᠢ ᠶᠢᠨ ᠰᠡᠯᠡᠭᠦᠴᠡᠯ ᠤᠨ ᠲᠣᠰᠬᠤᠨ ᠪᠣᠯᠣᠨ᠎ᠠ᠃ ᠳ᠋ᠦᠩ ᠳ᠋ᠡ ᠱᠠᠨ ᠤ ᠠᠮᠠᠷᠠᠯᠲᠠ ᠶᠢᠨ ᠲᠣᠰᠬᠤᠨ ᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠰᠢᠩ ᠱᠧᠩ ᠪᠠᠯᠭᠠᠰᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠠᠵᠢᠯᠲᠠᠳ ᠳ᠋ᠦᠩ ᠳ᠋ᠡ ᠭᠧᠦ ᠲᠣᠰᠬᠤᠨ ᠳᠤ ᠬᠦᠷᠴᠦ ᠪᠠᠶᠢᠳᠠᠯ ᠢ ᠣᠶᠢᠯᠠᠭᠠᠵᠤ᠂ ᠳ᠋ᠦᠩ ᠳ᠋ᠡ ᠱᠠᠨ ᠠᠮᠠᠷᠠᠯᠲᠠ ᠶᠢᠨ ᠲᠣᠰᠬᠤᠨ ᠳᠤ ᠣᠷᠣᠭᠤᠯᠤᠨ ᠠᠪᠴᠢᠷᠠᠭᠰᠠᠨ ᠶᠢᠨ ᠮᠠᠢ ᠶᠤᠸᠠᠨ ᠬᠡᠭᠡᠷ᠎ᠡ ᠪᠠᠭᠤᠳᠠᠯᠯᠠᠬᠤ ᠬᠦᠷᠢᠶᠡᠯᠡᠩ᠂ ᠥᠪᠥᠷ ᠮᠣᠩᠭᠤᠯ ᠤᠨ ᠶᠤᠸᠠᠢ ᠵᠢᠦ ᠶᠤᠸᠠᠢ ᠰᠢᠩ ᠺᠦᠩ ᠠᠷᠠᠳ ᠤᠨ ᠣᠷᠣᠨ ᠰᠠᠭᠤᠴᠠ ᠶᠢᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠤᠳ ᠢᠳᠡᠭᠡᠨ ᠪᠣᠯᠪᠠᠰᠤᠷᠠᠭᠤᠯᠬᠤ ᠲᠠᠯᠠᠪᠤᠷ ᠤᠨ ᠴᠢᠳᠠᠮᠵᠢ ᠶᠢᠨ ᠬᠤᠭᠤᠷᠣᠨᠳᠣᠬᠢ ᠪᠠᠶᠢᠷᠢᠯᠠᠭᠤᠯᠤᠯᠲᠠ᠂ ᠭᠠᠷ ᠤᠷᠠᠯᠠᠯ ᠤᠨ ᠶᠠᠪᠤᠴᠠ᠂ ᠲᠣᠨᠤᠭ ᠲᠥᠬᠦᠭᠡᠷᠦᠮᠵᠢ ᠶᠢᠨ ᠪᠠᠶᠢᠷᠢᠯᠠᠭᠤᠯᠤᠯᠲᠠ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠲᠣᠭᠲᠠᠭᠠᠯ ᠵᠡᠷᠭᠡ ᠠᠰᠠᠭᠤᠳᠠᠯ ᠢ ᠨᠠᠷᠢᠨ ᠬᠢᠨᠠᠮᠠᠭᠠᠢ ᠲᠠᠶᠢᠯᠪᠤᠷᠢᠯᠠᠵᠤ᠂ ᠲᠤᠬᠠᠢ ᠶᠢᠨ ᠲᠠᠯᠠᠪᠤᠷ ᠤᠨ ᠪᠠᠷᠢᠯᠭ᠎ᠠ ᠪᠠᠷᠢᠬᠤ ᠶᠠᠪᠤᠴᠠ ᠳᠤ ᠢᠯᠡᠷᠡᠭᠰᠡᠨ ᠪᠤᠰᠤᠳ ᠠᠰᠠᠭᠤᠳᠠᠯ ᠢ ᠴᠠᠭ ᠲᠤᠬᠠᠢ ᠳᠤᠨᠢ ᠵᠢᠯᠤᠭᠤᠳᠬᠤ ᠶᠢᠨ ᠬᠠᠮᠲᠤ ᠪᠠᠶᠠᠷ ᠳᠤᠷᠠᠰᠬᠠᠯ ᠤᠨ ᠡᠳᠦᠷ ᠪᠠ ᠭᠠᠷᠠᠭ ᠤᠨ ᠰᠡᠭᠦᠯᠴᠢ ᠶᠢᠨ ᠴᠠᠭ ᠢᠶᠠᠨ ᠠᠰᠢᠭᠯᠠᠨ ᠬᠠᠪᠰᠤᠷᠤᠨ ᠲᠡᠳᠬᠦᠵᠦ᠂ ᠲᠡᠭᠦᠨ ᠳᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠣᠨᠴᠠᠭᠠᠶ ᠬᠡᠷᠡᠭ ᠢ ᠣᠨᠴᠠᠭᠠᠶ ᠰᠢᠢᠳᠪᠦᠷᠢᠯᠡᠬᠦ ᠪᠠᠷ ᠭᠤᠶᠤᠴᠢᠯᠠᠵᠤ᠂ ᠬᠢᠨᠠᠨ ᠬᠠᠷᠭᠤᠭᠤᠯᠬᠤ ᠶᠠᠪᠤᠴᠠ ᠶᠢ ᠪᠣᠭᠤᠨᠢᠰᠬᠠᠵᠤ᠂ ᠡᠴᠦᠰ ᠲᠡᠭᠡᠨ ᠲᠡᠳᠡᠨᠦᠰ ᠢ ᠬᠠᠪᠰᠤᠷᠤᠨ ᠡᠵᠡᠩᠨᠡᠯᠲᠡ ᠶᠢᠨ ᠦᠨᠡᠮᠯᠡᠯ᠂ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠢ ᠨᠢ ᠤᠷᠤᠭᠰᠢᠲᠠᠢ ᠣᠯᠵᠤ᠂ ᠳ᠋ᠦᠩ ᠳ᠋ᠡ ᠱᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠤᠭᠰᠠᠨ ᠠᠵᠤ ᠠᠬᠤᠶᠢᠯᠠᠯ ᠢ ᠬᠠᠪᠰᠤᠷᠤᠨ ︽ᠡᠷᠦᠬᠡ ᠠᠮᠠ︾ ᠤᠷᠤᠭᠤᠯᠪᠠ᠃      ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠦᠢᠯᠡᠴᠢᠯᠡᠵᠦ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠨ ᠥᠭᠴᠦ᠂ ᠠᠵᠤ ᠠᠬᠤᠶᠢᠯᠠᠯ ᠤᠨ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠲᠦᠷᠦᠯ ᠲᠡᠮᠳᠡᠭ ᠢ ᠳᠡᠯᠭᠡᠷᠡᠭᠦᠯᠬᠦ ᠳᠤ ᠬᠦᠴᠦᠨ ᠨᠡᠮᠡᠷᠢᠯᠡᠵᠦ᠂ ᠰᠠᠶᠢᠨ ᠰᠠᠶᠢᠬᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠤᠢ ᠪᠣᠯᠭᠠᠵᠤ᠂ ᠬᠠᠷᠢᠶ᠎ᠠ ᠣᠷᠣᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠨ᠎ᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号