ᠨᠢᠳᠦᠨ ᠤ ᠡᠮᠨᠡᠯᠭᠡ ᠶᠢᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/10/13
      ᠣᠶᠢᠷ᠎ᠠ ᠳᠤ᠂ ᠬᠤᠰᠢᠭᠤᠴᠢ ᠵᠠᠮ ᠤᠨ ᠵᠡᠭᠡᠯᠢ ᠭᠤᠲᠤᠮᠵᠢ ᠶᠢᠨ ᠬᠠᠳᠠ ᠨᠡᠶᠢᠭᠡᠮ ᠲᠣᠭᠤᠷᠢᠭ ᠤᠨ ᠬᠢᠨ ᠪᠤᠭᠤᠲᠤ ᠶᠢᠨ ᠴᠤᠤ ᠵᠢᠦᠢ ᠨᠢᠳᠦᠨ ᠤ ᠰᠠᠯᠠᠭᠠᠨ ᠤ ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯᠲᠡᠨ ᠲᠠᠢ ᠬᠠᠮᠲᠤᠷᠠᠨ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠬᠠᠷᠠᠭᠠᠨ ᠤ ᠰᠢᠯᠭᠠᠯᠲᠠ᠂ ᠴᠠᠭᠠᠨ ᠬᠠᠷᠠᠩ᠂ ᠡᠪᠡᠷᠯᠢᠭ ᠪᠦᠷᠬᠦᠪᠴᠢ ᠶᠢᠨ ᠡᠪᠡᠳᠴᠢᠨ ᠵᠡᠷᠭᠡ ᠡᠯ᠎ᠡ ᠵᠦᠢᠯ ᠤᠨ ᠨᠢᠳᠦᠨ ᠤ ᠰᠠᠯᠠᠭᠠᠨ ᠤ ᠡᠪᠡᠳᠴᠢᠨ ᠤ ᠪᠠᠶᠢᠴᠠᠭᠠᠯᠲᠠ ᠬᠢᠵᠦ᠂ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠴᠤᠤ ᠵᠢᠦᠢ ᠨᠢᠳᠦᠨ ᠤ ᠡᠮᠨᠡᠯᠭᠡ ᠶᠢᠨ ᠬᠤᠷᠢᠶᠠᠨ ᠤ ᠡᠮᠴᠢ ᠲᠤᠰᠬᠠᠢ ᠮᠡᠷᠭᠡᠵᠢᠯ ᠤᠨ ᠪᠠᠭᠠᠵᠢ ᠬᠡᠷᠡᠭᠰᠡᠯ ᠪᠠ ᠲᠣᠨᠤᠭ ᠲᠥᠬᠦᠭᠡᠷᠦᠮᠵᠢ ᠪᠠᠷ ᠰᠠᠭᠤᠭᠠᠯᠢ ᠠᠷᠠᠳ ᠨᠢᠭᠡᠪᠦᠷᠢ ᠳᠤ ᠨᠠᠷᠢᠨ ᠨᠢᠮᠪᠠᠢ ᠪᠠᠶᠢᠴᠠᠭᠠᠯᠲᠠ ᠬᠢᠵᠦ᠂ ᠡᠪᠡᠳᠴᠢᠲᠡᠨ ᠤ ᠡᠪᠡᠳᠴᠢᠨ ᠤ ᠪᠠᠶᠢᠳᠠᠯ ᠢ ᠬᠦᠯᠢᠴᠡᠩᠭᠦᠢ ᠪᠠᠷ ᠠᠰᠠᠭᠤᠨ ᠯᠠᠪᠯᠠᠬᠤ ᠶᠢᠨ ᠬᠠᠮᠲᠤ ᠨᠢᠳᠦᠨ ᠤ ᠡᠮᠨᠡᠯᠭᠡ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠡᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号