ᠪᠤᠭᠤᠲᠤ ᠶᠢᠨ ᠲᠤᠨᠤᠭ ᠲᠦᠭᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠣᠶᠤᠨᠲᠤ ᠬᠦᠷᠢᠶᠡᠯᠡᠩ ᠲᠣᠭᠤᠷᠢᠭ ᠤᠨ ᠲᠦᠷᠦᠯ ᠵᠦᠢᠯ ᠰᠢᠯᠭᠠᠯᠲᠠ ᠶᠢ ᠦᠩᠭᠡᠷᠡᠭᠡᠪᠡ
ᠨᠡᠶᠢᠲᠡᠯᠡᠭᠰᠡᠨ ᠴᠠᠭ᠄
2023/10/13
      ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠣᠶᠤᠨᠲᠤ ᠬᠦᠷᠢᠶᠡᠯᠡᠩ ᠲᠣᠭᠤᠷᠢᠭ ᠤᠨ ᠲᠥᠷᠥᠯ ᠵᠦᠢᠯ ᠪᠣᠯ ᠪᠤᠭᠤᠲᠤ ᠶᠢᠨ ᠴᠢᠩᠱᠠᠨ ᠬᠤᠲᠠ ᠶᠢᠨ ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠪᠡᠯᠡ ᠣᠷᠣᠭᠤᠯᠤᠭᠰᠠᠨ᠂ ᠬᠦᠷᠢᠶᠡᠯᠡᠩ ᠲᠣᠭᠤᠷᠢᠭ ᠲᠤ ᠨᠠᠶᠢᠳᠠᠪᠤᠷᠢᠵᠢᠭᠤᠯᠤᠨ ᠬᠡᠷᠡᠭᠵᠢᠭᠦᠯᠦᠭᠰᠡᠨ ᠰᠢᠨ᠎ᠡ ᠬᠡᠯᠪᠡᠷᠢ ᠶᠢᠨ ᠬᠤᠲᠠ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠲᠦᠷᠦᠭᠦᠸ ᠪᠦᠯᠦᠭ ᠤᠨ ᠣᠶᠤᠨᠲᠤ ᠬᠦᠷᠢᠶᠡᠯᠡᠩ ᠲᠣᠭᠤᠷᠢᠭ ᠤᠨ ᠲᠤᠷᠰᠢᠯᠲᠠ ᠶᠢᠨ ᠴᠡᠭ ᠪᠣᠯᠣᠨ᠎ᠠ᠃      ᠲᠥᠷᠥᠯ ᠵᠦᠢᠯ ᠨᠢ ᠭᠤᠣᠯᠳᠠᠭᠤ ᠮᠡᠳᠡᠭᠡ ᠵᠠᠩᠭᠢᠴᠢᠯᠠᠭᠰᠠᠨ ︵5G᠎ ᠶᠢ ᠪᠠᠭᠲᠠᠭᠠᠨ᠎ᠠ︶ ᠰᠠᠭᠤᠷᠢ ᠲᠥᠬᠦᠭᠡᠷᠦᠮᠵᠢ ᠪᠠ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠭᠡᠬᠦ ᠬᠤᠶᠠᠷ ᠬᠡᠰᠡᠭ ᠢ ᠪᠠᠶᠢᠭᠤᠯᠵᠤ᠂ ᠨᠢᠭᠡ ᠢᠵᠢ ᠰᠦᠯᠵᠢᠶ᠎ᠡ ︵ᠲᠤᠰᠬᠠᠶᠢᠯᠠᠨ ᠬᠤᠲᠠ ᠶᠢᠨ ᠬᠡᠪᠴᠢᠶᠡᠨ ᠤ ᠰᠦᠯᠵᠢᠶ᠎ᠡ ᠬᠢᠭᠡᠳ 5G ᠳᠡᠭᠡᠳᠦ ᠬᠤᠷᠳᠤᠴᠠᠲᠤ ᠰᠢᠯᠵᠢᠮᠡᠯ ᠰᠦᠯᠵᠢᠶ᠎ᠡ  ᠶᠢ ᠤᠶᠠᠯᠳᠤᠭᠤᠯᠤᠭᠰᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠰᠬᠠᠢ ᠬᠠᠷᠢᠶ᠎ᠠ ᠮᠡᠳᠡᠭᠡ ᠬᠤᠯᠪᠣᠭᠠᠨ ᠤ ᠰᠦᠯᠵᠢᠶ᠎ᠡ︶᠎ ᠶᠢ ᠪᠠᠶᠢᠭᠤᠯᠵᠤ᠂ ᠨᠢᠭᠡ ᠲᠠᠪᠴᠠᠩ ︵ᠴᠠᠭ ᠣᠷᠣᠨ ᠵᠠᠢ ᠶᠢᠨ ᠲᠣᠮᠣ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠠᠪᠴᠠᠩ︶᠂ ᠬᠤᠶᠠᠷ ᠲᠥᠪ ︵ᠣᠶᠤᠨᠴᠢ ᠡᠵᠡᠩᠨᠡᠯᠲᠡ ᠶᠢᠨ ᠲᠥᠪ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡᠨ ᠤ ᠲᠥᠪ︶᠂ ᠨᠠᠢᠮᠠᠨ ᠶᠡᠭᠡ ᠬᠡᠷᠡᠭᠯᠡᠭᠡ ︵ᠣᠷᠣᠨ ᠵᠠᠢ ᠶᠢᠨ ᠭᠠᠵᠠᠷ ᠵᠦᠢ ᠶᠢᠨ ᠮᠡᠳᠡᠭᠡ ᠵᠠᠩᠭᠢ ᠶᠢᠨ ᠰᠢᠰᠲ᠋ᠧᠮ᠂ ᠠᠵᠤ ᠠᠬᠤᠢ ᠶᠢᠨ ᠬᠥᠭᠵᠢᠯᠲᠡ ᠶᠢᠨ ᠰᠢᠢᠳᠪᠦᠷᠢᠲᠦ ᠪᠣᠳᠣᠯᠭ᠎ᠠ ᠶᠢᠨ ᠰᠢᠰᠲ᠋ᠧᠮ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠰᠠᠯᠠᠬᠤ ᠰᠢᠰᠲ᠋ᠧᠮ᠂ ︽ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ +︾ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠰᠲ᠋ᠧᠮ᠂ ᠢᠲᠡᠭᠡᠮᠵᠢ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ᠂ ᠪᠠᠷᠠᠭᠠᠨ ᠤ ᠭᠦᠢᠯᠭᠡᠭᠡᠨ ᠤ ᠬᠠᠮᠵᠢᠯᠴᠠᠨ ᠦᠢᠯᠡᠴᠢᠯᠡᠬᠦ ᠰᠢᠰᠲ᠋ᠧᠮ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠰᠲ᠋ᠧᠮ᠂ ᠲᠣᠮᠣ ᠳ᠋ᠠᠶᠢᠲ᠋ᠠ ᠶᠢᠨ ᠦᠵᠦᠭᠦᠷ ᠤᠨ ᠰᠢᠰᠲ᠋ᠧᠮ︶᠎ ᠢ ᠪᠠᠶᠢᠭᠤᠯᠤᠨ᠎ᠠ᠃      2023 ᠣᠨ ᠤ 10 ᠰᠠᠷ᠎ᠠ ᠶᠢᠨ 10᠎ ᠤ ᠡᠳᠦᠷ᠂ ᠲᠦᠷᠦᠯ ᠵᠦᠢᠯ ᠨᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠣᠶᠤᠨᠲᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠢᠯᠭᠠᠨ ᠪᠠᠶᠢᠴᠠᠭᠠᠯᠲᠠ ᠶᠢ ᠥᠩᠭᠡᠷᠡᠭᠡᠪᠡ᠃ ᠳᠠᠷᠠᠭᠠᠴᠢ ᠶᠢᠨ ᠠᠯᠬᠤᠮ ᠳᠤ᠂ ᠪᠤᠭᠤᠲᠤ ᠶᠢᠨ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ ᠣᠶᠤᠨᠲᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠥᠰᠥᠯ ᠤᠨ ᠱᠠᠭᠠᠷᠳᠠᠯᠭ᠎ᠠ ᠪᠠ ᠰᠢᠯᠭᠠᠨ ᠠᠪᠬᠤ ᠲᠤᠰᠬᠠᠢ ᠮᠡᠷᠭᠡᠵᠢᠯᠲᠡᠨ ᠤ ᠰᠠᠨᠠᠯ ᠶᠣᠰᠣᠭᠠᠷ᠂ ᠦᠷᠭᠦᠯᠵᠢᠯᠡᠨ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠲᠠᠪᠴᠠᠩ ᠤᠨ ᠴᠢᠳᠠᠪᠬᠢ ᠶᠢ ᠳᠠᠰᠤᠷᠠᠯᠳᠠ ᠦᠭᠡᠢ ᠲᠡᠰ ᠳᠡᠪᠰᠢᠭᠦᠯᠵᠦ᠂ ᠦᠢᠯᠡᠴᠢᠯᠡᠭᠡᠨ ᠤ ᠴᠢᠳᠠᠪᠬᠢ ᠶᠢ ᠳᠡᠭᠡᠭᠰᠢᠯᠡᠭᠦᠯᠵᠦ᠂ ᠣᠶᠤᠨᠲᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦ ᠨᠡᠮᠡᠷᠢᠯᠡᠨ᠎ᠡ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号