ᠴᠢᠩᠱᠠᠨ ᠲᠣᠭᠤᠷᠢᠭ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/16
      ᠣᠳᠣᠬᠠᠨ ᠳᠤ ︽ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ︾᠎ ᠶᠢᠨ ᠢᠯᠭᠠᠷᠠᠭᠤᠯᠤᠨ ᠪᠠᠶᠢᠴᠠᠭᠠᠬᠤ ᠠᠵᠢᠯ ᠨᠢᠭᠡᠨᠲᠡ ᠳᠤᠲᠠᠭᠳᠠᠯ ᠢ ᠨᠥᠬᠦᠪᠦᠷᠢᠯᠡᠬᠦ ᠱᠠᠲᠤᠨ ᠳᠤ ᠣᠷᠣᠭᠠᠳ ᠪᠠᠶᠢᠨ᠎ᠠ᠂ ᠢᠯᠭᠠᠷᠠᠭᠤᠯᠤᠨ ᠪᠠᠶᠢᠴᠠᠭᠠᠬᠤ ᠨᠢᠭᠡᠴᠡ ᠶᠢᠨ ᠲᠤᠭ᠎ᠠ ᠪᠠᠷᠢᠮᠲᠠ ᠶᠢ ᠪᠠᠬᠢᠵᠢᠭᠦᠯᠬᠦ ᠶᠢᠨ ᠲᠥᠯᠥᠭᠡ᠂ 10 ᠰᠠᠷ᠎ᠠ ᠶᠢᠨ 12᠎ ᠤ ᠡᠳᠦᠷ᠂ ᠴᠢᠩᠱᠠᠨ ᠲᠣᠭᠤᠷᠢᠭ ᠤᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ ᠶᠢᠨ ᠬᠤᠷᠠᠯ ᠬᠤᠷᠠᠯᠳᠤᠵᠦ᠂ ᠬᠦᠷᠢᠶᠡᠯᠡᠩ ᠲᠣᠭᠤᠷᠢᠭ᠂ ᠡᠯ᠎ᠡ ᠵᠡᠭᠡᠯᠢ ᠪᠠᠯᠭᠠᠰᠤᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ  ᠠᠯᠪᠠᠨ ᠭᠡᠷ ᠤᠨ ᠳᠡᠳ᠋ ᠡᠷᠬᠢᠯᠡᠭᠴᠢ ᠵᠢᠴᠢ ᠲᠤᠬᠠᠶᠢᠯᠠᠭᠰᠠᠨ ᠠᠵᠢᠯ ᠤᠨ ᠠᠵᠢᠯᠲᠠᠨ ᠵᠡᠷᠭᠡ 30 ᠭᠠᠷᠤᠢ ᠬᠥᠮᠥᠨ ᠬᠤᠷᠠᠯ ᠳᠤ ᠣᠷᠣᠯᠴᠠᠵᠠᠢ᠃      ᠬᠤᠷᠠᠯ ᠳᠡᠭᠡᠷ᠎ᠡ᠂ ᠬᠦᠷᠢᠶᠡᠯᠡᠩ ᠲᠣᠭᠤᠷᠢᠭ᠂ ᠡᠯ᠎ᠡ ᠵᠡᠭᠡᠯᠢ ᠪᠠᠯᠭᠠᠰᠤ ᠶᠢᠨ ᠡᠮᠦᠨᠡᠬᠢ ᠬᠤᠭᠤᠴᠠᠭᠠᠨ ᠤ ᠢᠯᠭᠠᠷᠠᠭᠤᠯᠤᠨ ᠪᠠᠶᠢᠴᠠᠭᠠᠬᠤ ᠠᠵᠢᠯ ᠵᠢᠴᠢ ᠶᠠᠰᠤ ᠴᠢᠨᠠᠷ ᠢ ᠰᠤᠭᠤᠴᠢᠨ ᠪᠠᠶᠢᠴᠠᠭᠠᠭᠰᠠᠨ ᠪᠠᠶᠢᠳᠠᠯ ᠢ ᠵᠠᠷᠯᠠᠨ ᠮᠡᠳᠡᠭᠳᠡᠵᠦ᠂ ᠣᠷᠣᠰᠢᠵᠤ ᠪᠠᠶᠢᠭ᠎ᠠ ᠨᠡᠶᠢᠲᠡᠯᠢᠭ ᠴᠢᠨᠠᠷᠲᠠᠢ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠦᠯᠡᠳᠡᠭᠳᠡᠯ ᠢ ᠪᠠᠶᠢᠴᠠᠭᠠᠵᠤ ᠨᠥᠬᠦᠪᠦᠷᠢᠯᠡᠬᠦ ᠠᠵᠢᠯ ᠤᠨ ᠨᠠᠷᠢᠨ ᠵᠦᠢᠯᠡᠰ ᠢ ᠪᠠᠶᠢᠷᠢᠯᠠᠭᠤᠯᠤᠨ ᠴᠢᠬᠤᠯᠠᠴᠢᠯᠠᠭᠰᠠᠨ ᠪᠠᠶᠢᠨ᠎ᠠ᠃ ᠶᠠᠰᠤ ᠴᠢᠨᠠᠷ ᠢ ᠰᠤᠭᠤᠴᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠲᠣᠭᠤᠷᠢᠭ ᠤᠨ ᠶᠠᠰᠤ ᠴᠢᠨᠠᠷ ᠢ ᠰᠤᠭᠤᠴᠢᠨ ᠪᠠᠶᠢᠴᠠᠭᠠᠬᠤ ᠶᠠᠪᠤᠴᠠ ᠳᠤ ᠣᠷᠣᠰᠢᠵᠤ ᠪᠠᠶᠢᠭ᠎ᠠ‌‍ᠬᠡᠰᠡᠭ ᠠᠰᠠᠭᠤᠳᠠᠯ ᠳᠤ ᠴᠢᠭᠯᠡᠭᠦᠯᠬᠦ ᠴᠢᠨᠠᠷᠲᠠᠢ ᠦᠨᠡᠯᠡᠯᠲᠡ ᠪᠠ ᠵᠢᠯᠣᠭᠤᠳᠤᠯᠭ᠎ᠠ ᠬᠢᠵᠡᠢ᠃      ᠬᠤᠷᠠᠯ ᠠᠴᠠ᠄ ᠨᠢᠭᠡ ᠳᠤ ᠬᠦᠷᠢᠶᠡᠯᠡᠩ ᠲᠣᠭᠤᠷᠢᠭ ᠪᠠ ᠡᠯ᠎ᠡ ᠵᠡᠭᠡᠯᠢ ᠪᠠᠯᠭᠠᠰᠤᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠳᠠᠷᠤᠢ ᠲᠦᠷᠭᠡᠨ ᠥᠪᠡᠷ ᠤᠨ ᠪᠠᠶᠢᠴᠠᠭᠠᠯᠲᠠ ᠬᠢᠬᠦ ᠬᠡᠷᠡᠭᠲᠡᠢ᠃ ᠦᠯᠡᠳᠡᠭᠳᠡᠯ ᠢ ᠪᠠᠶᠢᠴᠠᠭᠠᠵᠤ ᠨᠥᠬᠦᠪᠦᠷᠢᠯᠡᠬᠦ ᠪᠣᠯ ᠨᠢᠭᠡᠴᠡ ᠶᠢᠨ ᠢᠯᠭᠠᠷᠠᠭᠤᠯᠤᠨ ᠪᠠᠶᠢᠴᠠᠭᠠᠬᠤ ᠶᠢᠨ ᠬᠠᠮᠤᠭ ᠡᠴᠦᠰ ᠤᠨ ᠰᠢᠪᠲᠤᠯᠤᠯᠲᠠ ᠶᠢᠨ ᠱᠠᠲᠤ ᠦᠶ᠎ᠡ ᠪᠣᠯᠣᠨ᠎ᠠ᠂ ᠬᠦᠷᠢᠶᠡᠯᠡᠩ ᠲᠣᠭᠤᠷᠢᠭ ᠤᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠠ ᠡᠯ᠎ᠡ ᠵᠡᠭᠡᠯᠢ ᠪᠠᠯᠭᠠᠰᠤ ᠶᠢᠨ ᠭᠤᠣᠯ ᠤᠳᠤᠷᠢᠳᠤᠯᠭ᠎ᠠ ᠨᠢ ︽ᠪᠡᠶ᠎ᠡ ᠪᠠᠷ ᠢᠶᠠᠨ ᠠᠩᠬᠠᠷᠴᠤ᠂ ᠪᠦᠬᠦ ᠲᠠᠯ᠎ᠠ ᠪᠠᠷ ᠠᠳᠬᠤᠵᠤ︾᠂ ᠣᠷᠣᠨ ᠪᠦᠰᠡ ᠶᠢᠨ ᠭᠤᠣᠯᠳᠠᠯᠭ᠎ᠠ ᠲᠠᠢ ᠬᠦᠴᠢᠷᠳᠡᠯ ᠵᠢᠴᠢ ᠤᠨᠴᠠᠭᠠᠢ ᠲᠠᠯᠠᠪᠤᠷ ᠢ ᠴᠢᠩᠭ᠎ᠠ ᠠᠩᠬᠠᠷᠴᠤ᠂ ᠡᠷᠭᠢᠵᠦ ᠬᠠᠷᠠᠵᠤ᠂ ᠭᠤᠣᠯᠳᠠᠯᠭ᠎ᠠ ᠎ ᠶᠢ ᠡᠷᠢᠵᠦ᠂ ᠨᠢᠭᠡᠴᠡ ᠶᠢᠨ ᠨᠡᠶᠢᠲᠡᠯᠡᠬᠦ ᠶᠣᠰᠣᠲᠠᠢ ᠶᠢ ᠪᠦᠬᠦᠨ ᠢ ᠨᠡᠶᠢᠲᠡᠯᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠬᠤᠶᠠᠷ ᠲᠤ ᠬᠦᠷᠢᠶᠡᠯᠡᠩ ᠲᠣᠭᠤᠷᠢᠭ ᠪᠠ ᠡᠯ᠎ᠡ ᠵᠡᠭᠡᠯᠢ ᠪᠠᠯᠭᠠᠰᠤ ᠶᠢᠨ ᠠᠵᠤ ᠠᠬᠤᠢ ᠶᠢᠨ ᠠᠯᠪᠠᠨ ᠭᠡᠷ ᠠᠴᠠ ᠨᠢᠭᠡᠴᠡ ᠶᠢᠨ ᠡᠷᠢᠯᠲᠡ ᠶᠢ ᠦᠷᠭᠦᠯᠵᠢᠯᠡᠨ ᠰᠠᠶᠢᠲᠤᠷ ᠬᠢᠵᠦ᠂ ᠢᠯᠠᠩᠭᠤᠶ᠎ᠠ ᠬᠤᠪᠢ ᠶᠢᠨ ᠡᠷᠦᠬᠡ ᠶᠢᠨ ᠨᠡᠮᠡᠭᠳᠡᠯ ᠤᠨ ᠬᠡᠮᠵᠢᠶ᠎ᠡ ᠶᠢ ᠴᠢᠩᠭ᠎ᠠ ᠠᠳᠬᠤᠬᠤ ᠬᠡᠷᠡᠭᠲᠡᠢ᠃ ᠲᠤᠰᠬᠠᠢ ᠬᠥᠮᠥᠨ ᠲᠣᠮᠢᠯᠠᠨ ᠬᠠᠷᠢᠭᠤᠴᠠᠭᠤᠯᠵᠤ᠂ ᠴᠠᠭ ᠲᠤᠬᠠᠢ ᠳᠤᠨᠢ ᠣᠯᠵᠤ ᠮᠡᠳᠡᠬᠦ ᠬᠡᠷᠡᠭᠲᠡᠢ᠂ ᠨᠡᠶᠢᠳᠡᠮ ᠪᠠᠶᠢᠴᠠᠭᠠᠭᠴᠢ ᠶᠢ ᠵᠣᠬᠢᠶᠠᠨ ᠪᠠᠶᠢᠭᠤᠯᠤᠨ ᠨᠢᠭᠡᠴᠡ ᠶᠢᠨ ᠳᠠᠬᠢᠨ ᠬᠢᠨᠠᠨ ᠬᠠᠷᠭᠤᠭᠤᠯᠬᠤ᠂ ᠵᠠᠰᠠᠪᠤᠷᠢ ᠣᠷᠣᠭᠤᠯᠬᠤ᠂ ᠪᠢᠴᠢᠵᠦ ᠣᠷᠣᠭᠤᠯᠬᠤ ᠶᠢ ᠶᠠᠪᠤᠭᠳᠠᠭᠤᠯᠵᠤ᠂ ᠢᠯᠠᠩᠭᠤᠶ᠎ᠠ ᠬᠤᠪᠢ ᠶᠢᠨ ᠡᠷᠦᠬᠡ ᠶᠢᠨ ᠪᠠᠶᠢᠴᠠᠭᠠᠨ ᠭᠠᠷᠭᠠᠬᠤ ᠡᠷᠴᠢᠮ ᠢ ᠭᠤᠣᠯᠳᠠᠯᠭ᠎ᠠ ᠲᠠᠢ ᠴᠢᠩᠭᠠᠷᠠᠭᠤᠯᠤᠨ᠂ ᠦᠷᠭᠦᠯᠵᠢᠯᠡᠨ ᠴᠢᠨᠠᠷ ᠰᠠᠶᠢᠲᠠᠢ ᠪᠠᠶᠢᠴᠠᠭᠠᠨ ᠭᠠᠷᠭᠠᠬᠤ ᠳᠠᠩᠰᠠᠯᠠᠯᠲᠠ ᠬᠢᠵᠦ᠂ ᠢᠯᠠᠩᠭᠤᠶ᠎ᠠ ᠣᠶᠢᠷ᠎ᠠ ᠶᠢᠨ ᠬᠤᠭᠤᠴᠠᠭᠠᠨ ᠳᠤ ᠪᠥᠬᠦ ᠲᠤᠭᠤᠷᠢᠭ ᠤᠨ ᠰᠢᠨ᠎ᠡ ᠪᠠᠷ ᠨᠡᠮᠡᠭᠳᠡᠭᠰᠡᠨ 6 ᠨᠠᠮᠤᠷ ᠤᠨ ᠨᠣᠭᠤᠭ᠎ᠠ ᠶᠢᠨ ᠵᠠᠬ᠎ᠠ ᠳᠡᠯᠭᠡᠭᠦᠷ ᠵᠢᠴᠢ ᠨᠡᠭᠦᠳᠡᠯ ᠳᠡᠯᠭᠡᠭᠦᠷᠴᠢᠨ ᠴᠤᠭᠯᠠᠷᠠᠭᠰᠠᠨ ᠭᠠᠵᠠᠷ ᠣᠷᠣᠨ ᠳᠤ ᠨᠡᠶᠢᠳᠡᠮ ᠪᠠᠶᠢᠴᠠᠭᠠᠭᠴᠢ ᠶᠢ ᠵᠣᠬᠢᠶᠠᠨ ᠪᠠᠶᠢᠭᠤᠯᠤᠨ ᠳᠠᠬᠢᠨ ᠰᠤᠷᠪᠤᠯᠵᠢᠯᠠᠬᠤ ᠳᠠᠩᠰᠠᠯᠠᠯᠲᠠ ᠬᠢᠬᠦ ᠶᠢᠨ ᠬᠠᠮᠲᠤ ᠡᠵᠡᠩᠨᠡᠯᠲᠡ ᠶᠢᠨ ᠣᠷᠣᠯᠭ᠎ᠠ ᠨᠢ 200 ᠲᠦᠮᠡ ᠶᠢ ᠳᠠᠪᠠᠭᠰᠠᠨ ᠲᠣᠮᠣ ᠬᠤᠪᠢ ᠶᠢᠨ ᠡᠷᠦᠬᠡ ᠶᠢ ᠦᠷᠭᠦᠯᠵᠢᠯᠡᠨ ᠠᠭᠤᠳᠠᠯᠤᠨ᠎ᠠ᠃ ᠭᠤᠷᠪᠠ ᠳᠤ ᠲᠣᠭᠤᠷᠢᠭ ᠤᠨ ᠠᠵᠤ ᠠᠬᠤᠢ ᠤᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠠᠵᠢᠯ ᠤᠨ ᠠᠬᠢᠴᠠ ᠶᠢᠨ ᠪᠠᠶᠢᠳᠠᠯ ᠢ ᠦᠨᠳᠦᠰᠦᠯᠡᠨ᠂ ᠭᠤᠣᠯᠳᠠᠯᠭ᠎ᠠ ᠲᠠᠢ ᠠᠰᠠᠷ ᠪᠠᠶᠢᠰᠢᠩ᠂ ᠠᠷᠠᠯᠵᠢᠶ᠎ᠠ ᠬᠤᠳᠠᠯᠳᠤᠭᠠᠨ ᠤ ᠴᠤᠭᠯᠠᠷᠠᠯ ᠤᠨ ᠴᠡᠭ᠂ ᠥᠷᠯᠥᠭᠡ ᠶᠢᠨ ᠪᠠ ᠰᠥᠨᠢ ᠶᠢᠨ ᠵᠠᠬ᠎ᠠ ᠳᠡᠯᠭᠡᠭᠦᠷ ᠵᠡᠷᠭᠡ ᠲᠤᠬᠠᠢ ᠶᠢᠨ ᠭᠠᠵᠠᠷ ᠲᠤᠨᠢ ᠢᠯᠭᠠᠷᠠᠭᠤᠯᠤᠨ ᠪᠠᠶᠢᠴᠠᠭᠠᠵᠤ ᠳᠡᠩᠰᠡᠯᠡᠨ ᠰᠤᠭᠤᠴᠢᠨ ᠪᠠᠶᠢᠴᠠᠭᠠᠬᠤ ᠠᠵᠢᠯ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠥᠷᠨᠢᠭᠦᠯᠦᠨ᠎ᠡ ᠭᠡᠵᠤ ᠴᠢᠬᠤᠯᠠᠴᠢᠯᠠᠪᠠ᠃      ᠲᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠡᠯ᠎ᠡ ᠱᠠᠲᠤᠨ ᠤ ᠠᠵᠤ ᠠᠬᠤᠢ ᠤᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠪᠥᠬᠦ ᠬᠦᠴᠦᠨ ᠢᠶᠠᠷ ᠢᠶᠠᠨ ᠢᠯᠭᠠᠷᠠᠭᠤᠯᠤᠨ ᠪᠠᠶᠢᠴᠠᠭᠠᠬᠤ ᠠᠵᠢᠯ ᠤᠨ ᠶᠡᠷᠦᠩᠬᠡᠢ ᠲᠣᠬᠢᠷᠠᠭᠤᠯᠤᠯᠲᠠ ᠶᠢᠨ ᠲᠣᠭᠤᠷᠢᠨ ᠳᠤ᠂ ᠦᠯᠡᠳᠡᠭᠳᠡᠯ ᠢ ᠪᠠᠶᠢᠴᠠᠭᠠᠵᠤ ᠠᠯᠳᠠᠭᠳᠠᠯ ᠢ ᠨᠥᠬᠦᠪᠦᠷᠢᠯᠡᠬᠦ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠢᠯᠭᠠᠷᠠᠭᠤᠯᠤᠨ ᠪᠠᠶᠢᠴᠠᠭᠠᠬᠤ ᠡᠲᠡᠭᠡᠳ ᠤᠨ ᠨᠢᠭᠡᠳᠦᠯᠲᠡᠢ ᠪᠠᠶᠢᠬᠤ ᠶᠣᠰᠣᠲᠠᠢ ᠶᠢ ᠎ ᠨᠢ ᠴᠥᠮ ᠨᠢᠭᠡᠳᠦᠯᠲᠡᠢ ᠪᠠᠶᠢᠯᠭᠠᠬᠤ ᠶᠢ ᠦᠨᠡᠨ ᠬᠦ ᠪᠠᠲᠤᠯᠠᠵᠤ᠂ ᠵᠢᠩᠬᠢᠨᠢ ᠪᠠᠷ ᠨᠡᠶᠢᠳᠡᠮ ᠪᠠᠶᠢᠴᠠᠭᠠᠬᠤ ᠳᠤ ᠰᠠᠭᠤᠷᠢ ᠶᠢ ᠪᠠᠲᠤᠳᠬᠠᠨ᠎ᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号